ᠬᠤᠲᠠ ᠵᠢᠨ‌ᠵᠠᠰᠠᠭ ᠤᠨ ᠣᠷᠳᠤᠨ 2022 ᠣᠨ ᠤ ᠬᠤᠷᠢᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/10
     12 ᠰᠠᠷ᠎ᠠ ᠶᠢᠨ 8᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ 2022 ᠣᠨ ᠤ ᠬᠤᠷᠢᠳᠤᠭᠠᠷ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠤᠯᠠᠭᠠᠨᠬᠠᠳᠠ ᠬᠤᠳᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ︵2021 — 2035 ᠣᠨ︶︾᠂ ︽ᠤᠯᠠᠭᠠᠨᠬᠠᠳᠠ ᠬᠤᠳᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠷᠭ᠎ᠠ︾᠂ ︽ᠤᠯᠠᠭᠠᠨᠬᠠᠳᠠ ᠬᠤᠳᠠ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢᠨ ᠲᠦᠷᠢᠮ︾᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃         ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ︽ᠨᠢᠭᠡ ᠬᠥᠯᠭᠡ ᠰᠢᠳᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠤᠳᠠ ᠶᠢᠨ ᠲᠡᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠬᠦ ᠶᠢ ᠴᠢᠨᠠᠭᠰᠢᠳᠠ ᠲᠦᠷᠭᠡᠳᠬᠡᠵᠦ᠂ ᠬᠤᠯᠪᠣᠭᠳᠠᠯ ᠪᠦᠬᠦᠢ ᠭᠤᠣᠯ ᠮᠥᠷᠡᠨ ᠨᠠᠭᠤᠷ ᠴᠥᠭᠦᠷᠥᠮ ᠤᠨ ᠵᠠᠭᠠᠭ ᠱᠤᠭᠤᠮ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠣᠶᠢᠵᠢᠭᠤᠯᠵᠤ ᠨᠣᠭᠤᠭᠠᠷᠠᠭᠤᠯᠬᠤ ᠪᠠ ︽ᠭᠤᠷᠪᠠᠨ ᠣᠷᠣᠨ ᠭᠤᠷᠪᠠᠨ ᠱᠤᠭᠤᠮ︾᠎ ᠤᠨ ᠦᠷ᠎ᠡ ᠪᠦᠲᠦᠭᠡᠯ ᠢ ᠵᠣᠯᠭᠠᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢᠨ ᠬᠤᠯᠪᠣᠭᠳᠠᠯ ᠪᠦᠬᠦᠢ ᠦᠷ᠎ᠡ ᠪᠦᠲᠦᠭᠡᠯ ᠢ ᠦᠨᠡᠨᠬᠦ ᠰᠠᠶᠢᠲᠤᠷ ᠬᠡᠷᠡᠭᠵᠢᠭᠦᠯᠵᠦ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠴᠠᠭ ᠠᠭᠤᠷ ᠤᠨ ᠮᠡᠳᠡᠭᠡ ᠶᠢᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠤᠨ ᠪᠠᠶᠢᠳᠠᠯ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠵᠡᠷᠭᠡ ᠠᠭᠤᠯᠭ᠎ᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢ ᠭᠤᠣᠯᠳᠠᠯᠭ᠎ᠠ ᠲᠠᠢ ᠨᠢᠭᠡᠴᠡ ᠪᠣᠯᠤᠨ ᠤᠯᠠᠨ ᠲᠦᠮᠡᠨ ᠳᠤ ᠴᠠᠭ ᠲᠤᠬᠠᠶ ᠳᠤᠨᠢ ᠤᠬᠠᠭᠤᠯᠤᠨ ᠲᠦᠭᠡᠮᠡᠯᠵᠢᠭᠦᠯᠵᠦ᠂ ᠴᠠᠭ ᠠᠭᠤᠷ  ᠤᠨ ᠤᠷᠢᠳᠴᠢᠯᠠᠭᠰᠠᠨ ᠮᠡᠳᠡᠭᠡ ᠪᠠ ᠰᠡᠷᠡᠮᠵᠢᠯᠡᠭᠦᠯᠦᠯ ᠢ ᠮᠡᠳᠡᠭᠡᠯᠡᠵᠦ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠲᠤᠰ ᠨᠢᠭᠡᠴᠡ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠳᠤ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠨ᠂ ᠪᠠᠴᠢᠮ ᠪᠠᠶᠢᠳᠠᠯ  ᠢ ᠠᠷᠭᠠᠴᠠᠬᠤ ᠡᠳ᠋ ᠪᠠᠷᠠᠭ᠎ᠠ ᠶᠢ ᠭᠦᠢᠴᠡᠳ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠴᠠᠭ ᠠᠭᠤᠷ ᠎ ᠤᠨ ᠭᠠᠮᠰᠢᠭ ᠤᠨ ᠠᠶᠤᠯᠭᠦᠢ ᠶᠢᠨ ᠡ᠊ᠨᠳᠡᠯ ᠭᠠᠷᠬᠤ ᠶᠢ ᠦᠨᠡᠨᠬᠦ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠨᠢᠭᠲᠠᠷᠠᠭᠤᠯᠵᠤ᠂ ᠣᠷᠣᠨ ᠨᠤᠲᠤᠭ ᠤᠨ ᠬᠠᠤᠯᠢ ᠲᠣᠭᠲᠠᠭᠠᠬᠤ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠤᠯᠢ ᠲᠣᠭᠲᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃         ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠲᠢᠶᠠᠨ ᠴᠧᠨ ᠭᠤᠸᠠᠩ᠂ ᠬᠤᠳᠠ ᠶᠢᠨ ᠳᠡᠳ᠋ ᠳᠠᠷᠤᠭ᠎ᠠ ᠵᠠᠩ ᠵᠢᠢ ᠺᠠᠩ᠂ ᠰᠦᠨ ᠬᠠᠢ ᠲᠤᠤ᠂ ᠮᠧᠩ ᠰᠢᠶᠤᠤ ᠪᠢᠩ᠂ ᠵᠤᠤ ᡁᠢ ᠭᠠᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ