ᠤᠯᠠᠭᠠᠨᠬᠠᠳᠠ ᠬᠤᠲᠠ ᠶᠢᠨ ᠬᠢᠨᠠᠨ ᠪᠣᠳᠣᠬᠤ ᠲᠣᠪᠴᠢᠶ᠎ᠠ
ᠨᠡᠶᠢᠲᠡᠯᠡᠭᠰᠡᠨ ᠴᠠᠭ᠄
2022/12/12
ᠡᠭᠦᠷᠭᠡ ᠬᠠᠷᠢᠭᠤᠴᠠᠯᠭ᠎ᠠ      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠬᠢᠨᠠᠨ ᠪᠤᠳᠤᠬᠤ ᠴᠢᠭᠯᠡᠯᠲᠡ᠂ ᠲᠥᠷᠥ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠬᠤᠰᠢᠭᠤ᠂ ᠰᠢᠶᠠᠨ᠂ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠢ ᠵᠣᠬᠢᠶᠠᠨ ᠪᠠᠶᠢᠭᠤᠯᠵᠤ᠂ ᠤᠳᠤᠷᠢᠳᠴᠤ᠂ ᠵᠣᠬᠢᠴᠠᠭᠤᠯᠵᠤ ᠬᠢᠨᠠᠯᠲᠠ ᠲᠠᠯᠪᠢᠨ᠎ᠠ᠃      ︵ᠬᠤᠶᠠᠷ︶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠪᠠ ᠤᠯᠠᠭᠠᠨᠬᠠᠳᠠ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠢᠨᠠᠨ ᠪᠤᠳᠤᠭᠰᠠᠨ ᠪᠠᠶᠢᠳᠠᠯ ᠢᠶᠠᠨ ᠮᠡᠳᠡᠭᠳᠡᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠭᠲᠠᠭᠠᠬᠤ ᠪᠠ ᠲᠡᠭᠦᠯᠳᠡᠷᠵᠢᠭᠦᠯᠬᠦ ᠰᠠᠨᠠᠭᠤᠯᠭ᠎ᠠ ᠳᠤᠷᠠᠳᠤᠨ᠎ᠠ᠃      ︵ᠭᠤᠷᠪᠠ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾ ᠶᠢᠨ ᠲᠣᠭᠲᠠᠭᠠᠯ ᠢ ᠦᠨᠳᠦᠰᠦᠯᠡᠨ᠂ ᠳᠣᠣᠷ᠎ᠠ ᠵᠢᠭᠰᠠᠭᠠᠭᠰᠠᠨ ᠬᠢᠨᠠᠨ ᠪᠤᠳᠤᠯᠲᠠ ᠶᠢ ᠰᠢᠭᠤᠳ ᠬᠢᠨ᠎ᠠ᠄      1. ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃      2. ᠤᠯᠠᠭᠠᠨᠬᠠᠳᠠ ᠬᠤᠲᠠ ᠶᠢᠨ ᠡᠯ᠎ᠡ ᠰᠠᠯᠠᠭ᠎ᠠ ᠮᠥᠴᠢᠷ᠂ ᠠᠵᠢᠯ ᠦᠢᠯᠡᠰ ᠤᠨ ᠨᠢᠭᠡᠴᠡ ᠵᠢᠴᠢ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃      3. ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ᠃      4. ᠤᠯᠠᠭᠠᠨᠬᠠᠳᠠ ᠬᠤᠲᠠ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠥᠭᠴᠡᠭᠡ᠂ ᠣᠯᠵᠠᠪᠤᠷᠢ ᠠᠯᠳᠠᠪᠤᠷᠢ᠃      5. ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠪᠠ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠨᠡᠶᠢᠭᠡᠮ ᠤᠨ ᠪᠦᠯᠬᠦᠮ ᠠᠴᠠ ᠬᠠᠮᠢᠶᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠯᠠ ᠮᠥᠩᠭᠦ᠂ ᠨᠡᠶᠢᠭᠡᠮ ᠤᠨ ᠲᠤᠰᠠᠯᠠᠨ ᠬᠦᠷᠭᠡᠭᠰᠡᠨ ᠪᠠᠯᠠ ᠮᠥᠩᠭᠦ ᠵᠢᠴᠢ ᠪᠤᠰᠤᠳ ᠬᠠᠮᠢᠶ᠎ᠠ ᠪᠥᠬᠦᠶ ᠰᠠᠭᠤᠷᠢ ᠮᠥᠩᠭᠦ᠂ ᠪᠠᠯᠠ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃          6. ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠶᠢᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠵᠦᠢᠯᠡᠰ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃      7. ᠪᠤᠰᠤᠳ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠬᠤ ᠲᠣᠪᠴᠢᠶ᠎ᠠ ᠠᠴᠠ ᠬᠢᠬᠦ ᠶᠣᠰᠣᠲᠠᠢ ᠬᠢᠨᠠᠨ ᠪᠤᠳᠤᠯᠲᠠ᠃      ︵ᠳᠥᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠳᠤ ᠤᠯᠠᠭᠠᠨᠬᠠᠳᠠ ᠬᠤᠲᠠ ᠶᠢᠨ ᠲᠥᠰᠦᠪ ᠢ ᠭᠦᠢᠴᠡᠳᠬᠡᠭᠰᠡᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠲᠤᠰᠢᠶᠠᠨ᠎ᠠ︔ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠯᠠᠭᠠᠨᠬᠠᠳᠠ ᠬᠤᠲᠠ ᠶᠢᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠭᠰᠠᠨ ᠠᠵᠢᠯ ᠤᠨ ᠮᠡᠳᠡᠭᠦᠯᠦᠯᠲᠡ ᠶᠢ ᠲᠤᠰᠢᠶᠠᠨ᠎ᠠ᠃      ︵ᠲᠠᠪᠤ︶ ᠤᠯᠤᠰ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠠᠵᠤ ᠠᠬᠤᠶ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠠᠵᠢᠯ ᠲᠥᠷᠥᠯ ᠤᠨ ᠬᠢᠨᠠᠨ ᠪᠤᠳᠤᠯᠲᠠ᠂ ᠲᠤᠰᠬᠠᠶ ᠵᠦᠢᠯ ᠤᠨ ᠬᠢᠨᠠᠨ ᠪᠤᠳᠤᠯᠲᠠ ᠪᠠ ᠬᠢᠨᠠᠨ ᠪᠤᠳᠤᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠢᠨᠠᠨ ᠪᠤᠳᠤᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠲᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠬᠢᠯᠭᠡᠨ᠎ᠡ︔ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢᠨ ᠲᠤᠤᠷᠠᠳᠤ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠨ ᠪᠤᠳᠤᠭᠰᠠᠨ ᠲᠣᠭᠲᠠᠭᠠᠯ ᠢ ᠲᠠᠬᠢᠨ ᠵᠥᠪᠯᠡᠭᠦᠯᠬᠦ ᠭᠤᠶᠤᠴᠢᠯᠠᠯ ᠢ ᠬᠠᠤᠯᠢ ᠶᠣᠰᠣᠭᠠᠷ ᠬᠦᠯᠢᠶᠠᠨ ᠠᠪᠴᠤ ᠰᠢᠢᠳᠪᠦᠷᠢᠯᠡᠨ᠎ᠡ᠃      ︵ᠵᠢᠷᠭᠤᠭ᠎ᠠ︶ ᠬᠤᠯᠪᠣᠭᠳᠠᠯ ᠪᠥᠬᠦᠶ ᠬᠠᠤᠯᠢ ᠴᠠᠭᠠᠵᠠ ᠪᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠢ ᠦᠨᠳᠦᠰᠦᠯᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠪᠠ ᠤᠯᠠᠭᠠᠨᠬᠠᠳᠠ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ᠎ᠠ᠃      ︵ᠳᠣᠯᠤᠭ᠎ᠠ︶ ᠤᠯᠠᠭᠠᠨᠬᠠᠳᠠ ᠬᠤᠲᠠ ᠶᠢᠨ ᠭᠠᠵᠠᠷ ᠣᠷᠣᠨ ᠤ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠤᠯᠠᠭᠠᠨᠬᠠᠳᠠ ᠬᠤᠲᠠ ᠶᠢᠨ ᠳᠣᠲᠣᠭᠠᠳᠤ ᠶᠢᠨ ᠬᠢᠨᠠᠨ ᠪᠤᠳᠤᠭᠴᠢ ᠶᠢᠨ ᠨᠡᠶᠢᠭᠡᠮᠯᠢᠭ ᠤᠨ ᠠᠵᠢᠯ ᠢ ᠵᠢᠯᠣᠭᠤᠳᠬᠤ᠂ ᠬᠢᠨᠠᠬᠤ ᠪᠠ ᠬᠠᠮᠢᠶᠠᠷᠴᠤ᠂ ᠳᠣᠲᠣᠭᠠᠳᠤ ᠶᠢᠨ ᠬᠢᠨᠠᠨ ᠪᠤᠳᠤᠬᠤ ᠪᠠᠶᠢᠭᠤᠯᠤᠮᠵᠢ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠨ᠎ᠡ︔ ᠨᠡᠶᠢᠭᠡᠮ ᠤᠨ ᠬᠢᠨᠠᠨ ᠪᠤᠳᠤᠬᠤ ᠵᠣᠬᠢᠶᠠᠨ ᠪᠠᠶᠢᠭᠤᠯᠤᠯᠲᠠ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠨ᠎ᠠ︔ ᠬᠢᠨᠠᠨ ᠪᠤᠳᠤᠬᠤ ᠲᠤᠰᠬᠠᠶ ᠮᠡᠷᠭᠡᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ᠎ᠠ᠃      ︵ᠨᠠᠢᠮᠠ︶ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠯᠤᠭ᠎ᠠ ᠬᠠᠮᠲᠤᠪᠠᠷ ᠬᠤᠰᠢᠭᠤ ᠰᠢᠶᠠᠨ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢ ᠤᠳᠤᠷᠢᠳᠴᠤ᠂ ᠬᠤᠰᠢᠭᠤ ᠰᠢᠶᠠᠨ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠲᠣᠮᠢᠯᠠᠬᠤ ᠪᠠᠭᠤᠯᠭᠠᠬᠤ ᠬᠦᠢᠯᠡᠰᠦ ᠢ ᠬᠠᠮᠵᠢᠯᠴᠠᠨ ᠭᠦᠢᠴᠡᠳᠬᠡᠨ᠎ᠡ᠃      ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ᠲᠤᠰᠢᠶᠠᠭᠰᠠᠨ ᠪᠤᠰᠤᠳ ᠬᠢᠨᠠᠨ ᠪᠤᠳᠤᠬᠤ ᠵᠦᠢᠯᠡᠰ ᠢ ᠳᠠᠭᠠᠭᠠᠨ ᠭᠦᠢᠴᠡᠳᠬᠡᠨ᠎ᠡ᠃     
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ