| ᠭᠤᠣᠯ ᠡᠭᠦᠷᠭᠡ ᠬᠠᠷᠢᠭᠤᠴᠠᠯᠭ᠎ᠠ᠄ | | 1. ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠶ | ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶ᠎ᠠ ᠶᠢᠨ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | 2. ᠪᠥᠬᠦ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠬᠤ ᠠᠵᠢᠯ ᠢ ᠡᠭᠦᠷᠭᠡᠯᠡᠵᠦ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠤᠨ | ᠰᠠᠨᠠᠭᠤᠯᠭ᠎ᠠ ᠳᠤᠷᠠᠳᠤᠨ᠎ᠠ᠃ | 3. ᠪᠥᠬᠦ ᠬᠤᠲᠠ ᠶᠢᠨ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ | ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠯᠬᠤᠮ ᠳᠠᠷᠠᠭ᠎ᠠ ᠶᠢ ᠴᠣᠮᠬᠠᠳᠬᠠᠨ ᠰᠢᠯᠢᠳᠡᠭᠵᠢᠭᠦᠯᠵᠦ | ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠶᠢ ᠪᠠᠶᠢᠭᠤᠯᠤᠨ᠎ᠠ᠃ | 4. ᠵᠠᠰᠠᠭ ᠤᠨ ᠣᠷᠳᠣᠨ ᠤ ᠰᠢᠰᠲ᠋ᠧᠮ ᠤᠨ ᠴᠠᠬᠢᠮ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠮᠡᠳᠡᠭᠡ | ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤᠪᠠᠷ ᠡᠳ᠋ᠯᠡᠬᠦ ᠠᠵᠢᠯ ᠢ ᠠᠬᠢᠭᠤᠯᠤᠨ᠎ᠠ᠃ ᠴᠠᠬᠢᠮ ᠵᠠᠰᠠᠭ ᠤᠨ ᠶᠠᠪᠤᠳᠠᠯ ᠤᠨ ᠭᠠᠳᠠᠨᠠᠬᠢ ︵ᠲᠤᠰᠬᠠᠶ︶ | ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ᠂ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠲᠥᠯᠥᠪᠵᠢᠭᠦᠯᠬᠦ ᠪᠠ | ᠬᠠᠮᠢᠶᠠᠷᠴᠤ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠰᠦᠯᠵᠢᠶ᠎ᠡ ᠬᠢᠭᠡᠳ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠬᠠᠷᠢᠭᠤᠴᠠᠨ᠎ᠠ᠃ | 5. ᠪᠥᠬᠦ ᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠢᠯᠣᠭᠤᠳᠬᠤ᠂ | ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | 6. ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠬᠢᠨᠠᠯᠲᠠ ᠶᠢᠨ ᠠᠵᠢᠯ ᠢ ᠵᠢᠯᠣᠭᠤᠳᠬᠤ᠂ ᠵᠣᠬᠢᠴᠠᠭᠤᠯᠬᠤ᠂ | ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠨᠢᠭᠡᠳᠦᠯᠲᠡᠶ ᠲᠥᠯᠥᠪᠯᠡᠨ ᠲᠥᠯᠬᠢᠨ ᠠᠬᠢᠭᠤᠯᠵᠤ᠂ ᠢᠵᠢ ᠪᠦᠷᠢᠳᠦᠭᠰᠡᠨ ᠲᠥᠷᠢᠮ᠂ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠤᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠨ᠎ᠠ᠃ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠶᠢᠨ | ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | 7. ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠴᠠᠬᠢᠮ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠡᠵᠡᠩᠨᠡᠯᠲᠡ | ᠠᠷᠠᠯᠵᠢᠶᠠᠨ ᠤ ᠣᠷᠴᠢᠨ ᠲᠣᠭᠤᠷᠢᠨ ᠤ ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯ ᠤᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠ ᠣᠨ ᠤ ᠬᠢᠨᠠᠨ ᠰᠢᠯᠭᠠᠬᠤ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠯᠠᠪᠯᠠᠭ᠎ᠠ᠂ ᠵᠠᠭᠠᠯᠳᠤᠯᠭ᠎ᠠ᠂ ᠰᠠᠨᠠᠭᠤᠯᠭ᠎ᠠ ᠶᠢ ᠭᠥᠯᠢᠶᠡᠨ ᠠᠪᠴᠤ | ᠰᠢᠢᠳᠪᠦᠷᠢᠯᠡᠨ᠎ᠡ᠃ | 8. ᠪᠥᠬᠦ ᠬᠤᠲᠠ ᠶᠢᠨ ︽ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠵᠣᠬᠢᠶᠠᠨ ᠪᠠᠶᠢᠭᠤᠯᠤᠨ ᠠᠬᠢᠭᠤᠯᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ︽ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢ ᠳᠥᠯᠭᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠠᠬᠢᠮ | ᠬᠢᠨᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃ ᠬᠤᠲᠠ ᠶᠢᠨ ᠲᠣᠰ ᠱᠠᠲᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠠᠵᠢᠯᠯᠠᠭᠠᠨ ᠢ | ᠵᠢᠯᠣᠭᠤᠳᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠬᠢᠨᠠᠨ ᠬᠠᠮᠢᠶᠠᠷᠴᠤ᠂ | ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ | 9. ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 8᠄ 30 — 12᠄ 00 14᠄ 30 — 17᠄ 30 | ᠠᠵᠢᠯᠯᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠸᠠᠩ ᠹᠦ᠋ ᠶᠡᠭᠡ ᠵᠡᠭᠡᠯᠢ ᠶᠢᠨ ᠪᠦᠦ ᠱᠠᠨ ᠵᠠᠮ ᠤᠨ ᠵᠡᠭᠦᠨ ᠬᠤᠶᠢᠲᠤ | ᠬᠡᠰᠡᠭ ᠤᠨ ᠪᠧᠢ ᠹᠠᠩ ᠱᠢ ᠳ᠋ᠠᠢ ᠪᠠᠷᠢᠯᠭ᠎ᠠ ᠶᠢᠨ ᠬᠠᠶᠢᠨ ᠪᠠᠶᠢᠴᠠᠭᠠᠬᠤ ᠵᠢᠷᠤᠭ ᠲᠥᠯᠥᠪᠯᠡᠭᠡ ᠶᠢᠨ ᠬᠦᠷᠢᠶᠡᠯᠡᠩ ᠤᠨ 22 ᠳ᠋ᠤᠭᠠᠷ ᠳᠠᠪᠬᠤᠷᠭ᠎ᠠ | ᠬᠠᠷᠢᠯᠴᠠᠬᠤ ᠤᠲᠠᠰᠤ᠄ 0476 — 8330109 | |