ᠬᠤᠪᠢ ᠬᠦᠮᠦᠨ ᠤ ᠬᠡᠷᠡᠭ ᠡᠷᠬᠢᠯᠡᠬᠦ᠄ ᠭᠠᠳᠠᠭᠠᠳᠤ ᠤᠯᠤᠰ ᠤᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ︵C ᠲᠥᠷᠦᠯ︶
ᠨᠡᠶᠢᠲᠡᠯᠡᠭᠰᠡᠨ ᠴᠠᠭ᠄
2022/12/5
ᠦᠨᠳᠦᠰᠦᠨ ᠮᠡᠳᠡᠭᠡ ᠵᠠᠩᠭᠢ
外国人来华工作许可(C类).jpg
ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄       1. ᠬᠥᠮᠦᠨ ᠬᠡᠷᠡᠭᠯᠡᠬᠦ ᠨᠢᠭᠡᠴᠡ ᠶᠢᠨ ᠦᠨᠳᠦᠰᠦᠨ ᠨᠥᠬᠦᠴᠡᠯ       ︵1︶ ᠬᠠᠤᠯᠢ ᠶᠣᠰᠣᠭᠠᠷ ᠪᠠᠶᠢᠭᠤᠯᠤᠨ᠎ᠠ᠂ ᠬᠦᠨᠳᠦ ᠨᠣᠴᠢᠲᠠᠶ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠲᠡᠮᠳᠡᠭᠯᠡᠯ ᠪᠠᠶᠢᠬᠤ ᠦᠭᠡᠢ︔ ᠭᠠᠳᠠᠭᠠᠳᠤ ᠤᠯᠤᠰ ᠤᠨ ᠬᠥᠮᠦᠨ ᠢ ᠤᠷᠢᠵᠤ ᠬᠡᠷᠡᠭᠯᠡᠬᠦ ᠠᠵᠢᠯ ᠤᠨ ᠪᠠᠶᠢᠷᠢ ᠨᠢ ᠣᠨᠴᠠᠭᠠᠶ ᠬᠡᠷᠡᠭᠴᠡᠭᠡ ᠲᠠᠢ ᠪᠠᠶᠢᠵᠤ᠂ ᠤᠯᠤᠰ ᠤᠨ ᠳᠣᠲᠣᠭᠠᠳᠤ ᠳᠤ ᠲᠣᠬᠢᠷᠠᠮᠵᠢᠲᠠᠶ ᠬᠥᠮᠦᠨ ᠲᠦᠷ ᠳᠤᠲᠠᠭᠳᠠᠵᠤ ᠪᠠᠶᠢᠬᠤ ᠮᠥᠷᠲᠡᠭᠡᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠬᠦ ᠦᠭᠡᠢ ᠠᠵᠢᠯ ᠤᠨ ᠪᠠᠶᠢᠷᠢ ᠪᠠᠶᠢᠬᠤ ᠬᠡᠷᠡᠭᠲᠡᠶ︔ ᠤᠷᠢᠵᠤ ᠬᠡᠷᠡᠭᠯᠡᠭᠰᠡᠨ ᠭᠠᠳᠠᠭᠠᠳᠤ ᠤᠯᠤᠰ ᠤᠨ ᠬᠥᠮᠦᠨ ᠳᠤ ᠥᠭᠬᠦ ᠴᠠᠯᠢᠩ ᠮᠥᠩᠭᠦ ᠶᠢ ᠲᠤᠬᠠᠶ ᠶᠢᠨ ᠭᠠᠵᠠᠷ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃       ︵2︶ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠤᠷᠢᠳ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠶ ᠭᠡᠵᠦ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠶᠢᠪᠠᠯ᠂ ᠵᠥᠪᠰᠢᠶᠡᠷᠡᠭᠦᠯᠬᠦ ᠬᠡᠷᠡᠭᠲᠡᠶ᠃       2᠂ ᠭᠤᠶᠤᠴᠢᠯᠠᠭᠴᠢ ᠶᠢᠨ ᠦᠨᠳᠦᠰᠦᠨ ᠨᠥᠬᠦᠴᠡᠯ       ︵1︶ ᠪᠦᠬᠦᠯᠢ 18 ᠨᠠᠰᠤ ᠬᠦᠷᠦᠭᠰᠡᠨ ᠪᠠᠶᠢᠬᠤ ᠬᠡᠷᠡᠭᠲᠡᠶ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠶᠠᠯ᠎ᠠ ᠬᠢᠭᠰᠡᠨ ᠲᠡᠮᠳᠡᠭᠯᠡᠯ ᠥᠬᠡᠶ᠂ ᠬᠢᠯᠢ ᠶᠢᠨ ᠳᠣᠲᠣᠷ᠎ᠠ ᠲᠣᠭᠲᠠᠭᠰᠠᠨ ᠬᠥᠮᠦᠨ ᠬᠡᠷᠡᠭᠯᠡᠬᠦ ᠨᠢᠭᠡᠴᠡ ᠲᠠᠢ᠂ ᠠᠵᠢᠯ ᠳᠤ ᠵᠠᠪᠠᠯ ᠱᠠᠭᠠᠷᠳᠠᠭᠳᠠᠬᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠠᠢ ᠪᠤᠶᠤ ᠵᠣᠬᠢᠴᠠᠯᠳᠤᠭᠰᠠᠨ ᠮᠡᠳᠡᠯᠭᠡ ᠶᠢᠨ ᠬᠢᠷᠢ ᠬᠡᠮᠵᠢᠶ᠎ᠡ ᠲᠠᠢ ᠪᠠᠶᠢᠬᠤ ᠬᠡᠷᠡᠭᠲᠡᠶ᠃       ︵2︶ ᠬᠢᠵᠦ ᠪᠠᠶᠢᠭ᠎ᠠ ᠠᠵᠢᠯ ᠨᠢ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠵᠦ᠂ ᠤᠯᠤᠰ ᠤᠨ ᠳᠣᠲᠣᠭᠠᠳᠤ ᠳᠤ ᠪᠠᠴᠢᠮ ᠱᠠᠭᠠᠷᠳᠠᠭᠳᠠᠵᠤ ᠪᠠᠶᠢᠭ᠎ᠠ ᠪᠠ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠠᠵᠢᠯᠳᠠᠨ ᠪᠣᠯᠤᠨ᠎ᠠ᠃       ︵3︶ ᠬᠠᠤᠯᠢ ᠲᠣᠭᠲᠠᠭᠠᠯ ᠳᠤ ᠭᠠᠳᠠᠭᠠᠳᠤ ᠤᠯᠤᠰ ᠤᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      3. ᠪᠤᠰᠤᠳ ᠭᠠᠳᠠᠭᠠᠳᠤ ᠤᠯᠤᠰ ᠤᠨ ᠬᠥᠮᠦᠰ ︵C ᠲᠦᠷᠦᠯ︶       ᠪᠤᠰᠤᠳ ᠭᠠᠳᠠᠭᠠᠳᠤ ᠤᠯᠤᠰ ᠤᠨ ᠬᠥᠮᠦᠰ ᠭᠡᠳᠡᠭ ᠨᠢ ᠤᠯᠤᠰ ᠤᠨ ᠳᠣᠲᠣᠭᠠᠳᠤ ᠶᠢᠨ ᠬᠥᠳᠡᠯᠮᠦᠷᠢ ᠶᠢᠨ ᠬᠦᠴᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠭᠰᠠᠨ᠂ ᠤᠯᠤᠰ ᠤᠨ ᠲᠦᠷᠦ ᠶᠢᠨ ᠪᠤᠳᠤᠯᠭ᠎ᠠ ᠲᠣᠭᠲᠠᠭᠠᠯ ᠳᠤ ᠨᠡᠶᠢᠴᠡᠭᠰᠡᠨ ᠪᠤᠰᠤᠳ ᠭᠠᠳᠠᠭᠠᠳᠤ ᠤᠯᠤᠰ ᠤᠨ ᠬᠥᠮᠦᠰ ᠢ ᠵᠢᠭᠠᠵᠤ ᠪᠠᠶᠢᠨ᠎ᠠ᠃ ᠭᠠᠳᠠᠭᠠᠳᠤ ᠤᠯᠤᠰ ᠤᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠶᠢ ᠲᠦᠷᠦᠯ ᠬᠤᠪᠢᠶᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠳᠤ ᠪᠣᠳᠠᠲᠠᠶ ᠪᠠᠷ ᠦᠵᠡ᠃ᠲᠣᠭᠳᠠᠭᠠᠭᠰᠠᠨ ᠦᠨᠳᠦᠰᠦᠯᠡᠯ᠄      1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠭᠠᠷᠬᠤ ᠣᠷᠤᠬᠤ ᠶᠢ ᠬᠠᠮᠢᠶᠠᠷᠬᠤ ᠬᠠᠤᠯᠢ︾ ᠶᠢᠨ ᠳᠥᠴᠢᠨ ᠨᠢᠭᠡᠳᠦᠭᠡᠷ ᠵᠣᠷᠪᠤᠰ ᠄ ᠭᠠᠳᠠᠭᠠᠳᠤ ᠤᠯᠤᠰ ᠤᠨ ᠬᠥᠮᠥᠰ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠠᠵᠢᠯᠯᠠᠬᠤ ᠳᠠᠭᠠᠨ ᠲᠣᠭᠲᠠᠭᠠᠯ ᠶᠣᠰᠣᠭᠠᠷ ᠠᠵᠢᠯᠯᠠᠬᠤ ᠵᠥᠪᠰᠢᠶᠡᠷᠡᠯ ᠪᠠ ᠠᠵᠢᠯ ᠤᠨ ᠲᠦᠷᠦᠯ ᠤᠨ ᠣᠷᠣᠰᠢᠨ ᠰᠠᠭᠤᠬᠤ ᠦᠨᠡᠮᠯᠡᠯ ᠤᠯᠬᠤ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠠᠵᠢᠯᠯᠠᠬᠤ ᠵᠥᠪᠰᠢᠶᠡᠷᠡᠯ ᠪᠠ ᠠᠵᠢᠯ ᠤᠨ ᠲᠥᠷᠥᠯ ᠤᠨ ᠣᠷᠣᠰᠢᠨ ᠰᠠᠭᠤᠬᠤ ᠦᠨᠡᠮᠯᠡᠯ ᠣᠯᠤᠭᠰᠠᠨ ᠥᠬᠡᠶ ᠭᠠᠳᠠᠭᠠᠳᠤ ᠤᠯᠤᠰ ᠤᠨ ᠬᠥᠮᠦᠨ ᠢ ᠤᠷᠢᠨ ᠬᠡᠷᠡᠭᠯᠡᠵᠦ ᠪᠣᠯᠬᠤ ᠥᠬᠡᠶ᠃       2. ︽ᠦᠨᠡᠬᠡᠷ ᠦᠯᠡᠳᠡᠭᠡᠬᠦ ᠴᠢᠬᠤᠯᠠᠲᠠᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠲᠣᠭᠲᠠᠭᠠᠬᠤ ᠲᠣᠭᠲᠠᠭᠠᠯ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 412 ᠳ᠋ᠤᠭᠠᠷ ᠲᠣᠭᠠᠲᠤ᠂ 2009 ᠣᠨ ᠤ 1 ᠰᠠᠷ᠎ᠠ ᠶᠢᠨ 29 ᠤ ᠡᠳᠦᠷ ᠵᠠᠰᠠᠪᠤᠷᠢ ᠣᠷᠣᠭᠤᠯᠪᠠ︶       93. ᠭᠠᠳᠠᠭᠠᠳᠤ ᠤᠯᠤᠰ ᠤᠨ ᠬᠥᠮᠦᠨ ᠤ ᠬᠢᠯᠢ ᠳᠤ ᠣᠷᠣᠵᠤ ᠠᠵᠢᠯ ᠤᠯᠬᠤ ᠵᠥᠪᠰᠢᠶᠡᠷᠡᠯ᠃      94. ᠲᠠᠶᠢᠸᠠᠨ ᠰᠢᠶᠠᠩᠭᠠᠩ ᠣᠣᠮᠧᠨ ᠤ ᠬᠥᠮᠦᠰ ᠤᠨ ᠳᠣᠲᠣᠷ᠎ᠠ ᠭᠠᠵᠠᠷ ᠲᠤ ᠠᠵᠢᠯ ᠤᠯᠬᠤ ᠵᠥᠪᠰᠢᠶᠡᠷᠡᠯ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ᠭᠦᠢᠴᠡᠳᠭᠡᠬᠦ ᠭᠠᠵᠠᠷ᠄       ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠠ ᠮᠢᠩ ᠵᠡᠭᠡᠯᠢ ᠶᠢᠨ 8 ᠳ᠋ᠤᠭᠠᠷ ᠨᠣᠮᠧᠷ᠂ ᠤᠯᠠᠭᠠᠨᠬᠠᠳᠠ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠵᠡᠭᠦᠨ ᠲᠠᠯ᠎ᠠ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠤᠪᠢᠶᠠᠷᠢ ᠲᠢᠩᠬᠢᠮ ᠤᠨ 1 — 8 ᠳ᠋ᠤᠭᠠᠷ ᠴᠣᠩᠬᠤᠷᠤᠭᠭᠦᠢᠴᠡᠳᠭᠡᠬᠦ ᠴᠠᠭ᠄       ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ