ᠬᠤᠪᠢ ᠬᠦᠮᠦᠨ ᠤ ᠬᠡᠷᠡᠭ ᠡᠷᠬᠢᠯᠡᠬᠦ᠄ ᠫᠤᠤᠵᠢᠩ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠵᠥᠪᠰᠢᠶᠡᠷᠡᠯ ᠤᠨ ᠬᠤᠭᠤᠴᠠᠭ᠎ᠠ ᠶᠢ ᠤᠷᠲᠤᠳᠬᠠᠬᠤ
ᠨᠡᠶᠢᠲᠡᠯᠡᠭᠰᠡᠨ ᠴᠠᠭ᠄
2022/12/5
 ᠦᠨᠳᠦᠰᠦᠨ ᠮᠡᠳᠡᠭᠡ ᠵᠠᠩᠭᠢ
烟花爆竹批发许可延期.jpg
ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄       ᠫᠤᠤᠵᠢᠩ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ᠃ᠲᠣᠭᠳᠠᠭᠠᠭᠰᠠᠨ ᠦᠨᠳᠦᠰᠦᠯᠡᠯ᠄      ︽ᠫᠤᠤᠵᠢᠩ ᠬᠤᠸᠠᠷ ᠫᠤᠤᠵᠢᠩ ᠤᠨ ᠠᠶᠤᠯᠭᠦᠶ ᠬᠠᠮᠢᠶᠠᠷᠤᠯᠲᠠ ᠶᠢᠨ ᠲᠦᠷᠢᠮ︾ ︵2006 ᠣᠨ ᠤ ᠲᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ 455 ᠳ᠋ᠤᠭᠠᠷ ᠲᠣᠭᠠᠲᠤ︶ ᠤᠨ ᠠᠷᠪᠠ ᠶᠢᠰᠦᠳᠦᠭᠡᠷ ᠵᠣᠷᠪᠤᠰᠲᠣᠭᠳᠠᠭᠠᠭᠰᠠᠨ ᠦᠨᠳᠦᠰᠦᠯᠡᠯ ᠤᠨ ᠨᠥᠬᠦᠪᠦᠷᠢ᠄      ︽ᠫᠤᠤᠵᠢᠩ ᠬᠤᠸᠠᠷ ᠫᠤᠤᠵᠢᠩ ᠤᠨ ᠠᠶᠤᠯᠭᠦᠶ ᠬᠠᠮᠢᠶᠠᠷᠤᠯᠲᠠ ᠶᠢᠨ ᠲᠦᠷᠢᠮ︾ ︵2006 ᠣᠨ ᠤ ᠲᠦᠷᠤ ᠶᠢᠨ ᠶᠠᠪᠤᠳᠠᠯ ᠤᠨ ᠬᠤᠷᠢᠶᠠᠨ ᠤ 455 ᠳ᠋ᠤᠭᠠᠷ ᠵᠠᠷᠯᠢᠭ ᠨᠡᠶᠢᠲᠡᠯᠡᠵᠦ᠂ 2016 ᠣᠨ ᠤ 2 ᠰᠠᠷ᠎ᠠ ᠶᠢᠨ 6 ᠤ ᠡᠳᠦᠷ ᠨᠡᠶᠢᠲᠡᠯᠡᠭᠰᠡᠨ ᠲᠦᠷᠤ ᠶᠢᠨ ᠶᠠᠪᠤᠳᠠᠯ ᠤᠨ ᠬᠤᠷᠢᠶᠠᠨ ᠤ 666 ᠳ᠋ᠤᠭᠠᠷ ᠵᠠᠷᠯᠢᠭ ᠤᠨ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠲᠦᠷᠤ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ ᠵᠠᠰᠠᠪᠠ︶       ᠠᠷᠪᠠ ᠶᠢᠰᠦᠳᠦᠭᠡᠷ ᠵᠣᠷᠪᠤᠰ  ᠫᠤᠤᠵᠢᠩ ᠬᠤᠸᠠᠷ ᠫᠤᠤᠵᠢᠩ ᠢ ᠪᠥᠭᠡᠮ ᠢᠶᠠᠷ ᠬᠤᠳᠠᠯᠳᠤᠬᠤ ᠪᠠᠷ ᠭᠤᠶᠤᠴᠢᠯᠠᠬᠤ ᠠᠵᠤ ᠠᠬᠤᠶᠢᠯᠠᠯ ᠨᠢ ᠪᠠᠶᠢᠭ᠎ᠠ ᠭᠠᠵᠠᠷ ᠤᠨ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠲᠤᠰ ᠲᠦᠷᠢᠮ ᠤᠨ ᠠᠷᠪᠠᠨ ᠳᠣᠯᠣᠳᠤᠭᠠᠷ ᠵᠣᠷᠪᠤᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠶᠢ ᠭᠡᠷᠡᠴᠢᠯᠡᠵᠦ ᠳᠡᠶᠢᠯᠬᠦ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠶ᠃ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠲᠤᠰᠢᠶᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠪᠠ ᠡᠵᠡᠩᠨᠡᠯᠲᠡ ᠶᠢᠨ ᠲᠠᠯᠠᠪᠤᠷ ᠲᠤ ᠬᠢᠨᠠᠨ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠫᠤᠤᠵᠢᠩ ᠬᠤᠸᠠᠷ ᠫᠤᠤᠵᠢᠩ ᠡᠵᠡᠩᠨᠡᠬᠦ ︵ᠪᠥᠭᠡᠮ ᠢᠶᠠᠷ ᠬᠤᠳᠠᠯᠳᠤᠬᠤ︶ ᠵᠥᠪᠰᠢᠶᠡᠷᠡᠯ ᠤᠨ ᠲᠡᠮᠳᠡᠭ︾ ᠢ ᠬᠢᠨᠠᠨ ᠣᠯᠭᠤᠬᠤ ᠬᠡᠷᠡᠭᠲᠡᠶ︔ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠤᠴᠢᠷ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ᠭᠦᠢᠴᠡᠳᠭᠡᠬᠦ ᠭᠠᠵᠠᠷ᠄       ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ 25 ᠳ᠋ᠤᠭᠠᠷ ᠨᠣᠮᠧᠷ᠂ ᠵᠢᠦ ᠲᠢᠶᠠᠨ ᠵᠢᠶᠠᠨ ᠬᠤᠸᠠ ᠪᠦᠯᠦᠭᠯᠡᠯ ᠤᠨ ᠳᠡᠳ᠋ ᠠᠰᠠᠷ ᠤᠨ ᠪᠠᠷᠠᠭᠤᠨ ᠠᠰᠠᠷ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ 1204᠂1206᠂1208 ᠂1210᠂1212᠂1213 ᠳ᠋ᠤᠭᠠᠷ ᠴᠣᠩᠬᠤᠷᠤᠭᠭᠦᠢᠴᠡᠳᠭᠡᠬᠦ ᠴᠠᠭ᠄       ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄       37 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠢ ᠳᠤ ᠪᠠᠭᠤᠭᠠᠳ 621 ᠮᠧᠲᠷ ᠠᠯᠬᠤᠨ᠎ᠠ᠃ 66 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ K99 ᠳ᠋ᠦ᠋ᠭᠡᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ 35 ᠳ᠋ᠤᠭᠠᠷ ᠵᠠᠮ ᠤᠨ ᠲᠡᠷᠭᠡᠨ ᠳᠤ ᠰᠠᠭᠤᠵᠤ ᠹᠦ᠋ ᠰᠢᠩ ᠳ᠋ᠦᠩ ᠹᠠᠩ ᠪᠠᠭᠤᠳᠠᠯ ᠳᠤ ᠪᠠᠭᠤᠭᠠᠳ 947 ᠮᠧᠲᠷ ᠠᠯᠬᠤᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ