| | ᠦᠨᠳᠦᠰᠦᠨ ᠮᠡᠳᠡᠭᠡ ᠵᠠᠩᠭᠢ | | | | ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄ | ᠨᠥᠬᠦᠴᠡᠯ ᠳᠤ ᠨᠡᠶᠢᠴᠡᠬᠦ ᠬᠠᠤᠯᠢᠴᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠭᠤᠶᠤᠴᠢᠯᠠᠯ᠃ | | | ᠲᠣᠭᠳᠠᠭᠠᠭᠰᠠᠨ ᠦᠨᠳᠦᠰᠦᠯᠡᠯ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢᠴᠢ ᠶᠢᠨ ᠬᠠᠤᠯᠢ︾ ︵1996 ᠣᠨ ᠤ 5 ᠰᠠᠷ᠎ᠠ ᠶᠢᠨ 15 ᠤ ᠡᠳᠦᠷ | ᠲᠡᠷᠢᠭᠦᠯᠡᠭᠴᠢ ᠶᠢᠨ 67 ᠳ᠋ᠤᠭᠠᠷ ᠵᠠᠷᠯᠢᠭ᠂ 2012 ᠣᠨ ᠤ 10 ᠰᠠᠷ᠎ᠠ ᠶᠢᠨ 26 ᠤ ᠡᠳᠦᠷ ᠵᠠᠰᠠᠪᠤᠷᠢ ᠣᠷᠣᠭᠤᠯᠪᠠ︶ ᠶᠢᠨ ᠠᠷᠪᠠᠨ ᠨᠠᠢᠮᠠᠳᠤᠭᠠᠷ ᠵᠣᠷᠪᠤᠰ᠄ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠᠶᠢᠭᠤᠯᠬᠤ ᠳᠤ᠂ ᠲᠣᠭᠤᠷᠢᠭ ᠪᠠᠶᠢᠭᠤᠯᠤᠭᠰᠠᠨ ᠬᠤᠳᠠ ᠶᠢᠨ ᠲᠡᠰ ᠤᠨ ᠪᠤᠶᠤ ᠰᠢᠭᠤᠳ ᠬᠠᠷᠢᠶ᠎ᠠ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠶᠤᠴᠢᠯᠠᠯ ᠳᠡᠪᠰᠢᠭᠦᠯᠬᠦ ᠬᠡᠷᠡᠭᠲᠡᠶ᠂ ᠭᠤᠶᠤᠴᠢᠯᠠᠯ ᠢ | ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠬᠡᠷᠡᠭᠲᠡᠶ | ᠮᠥᠷᠲᠡᠭᠡᠨ ᠬᠢᠨᠠᠨ ᠪᠠᠶᠢᠴᠠᠭᠠᠭᠰᠠᠨ ᠰᠠᠨᠠᠯ ᠪᠠ ᠭᠤᠶᠤᠴᠢᠯᠠᠯ ᠤᠨ ᠪᠦᠬᠦ ᠮᠠᠲ᠋ᠧᠷᠢᠶᠠᠯ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠮᠡᠳᠡᠭᠦᠯᠦᠨ | ᠬᠦᠷᠭᠡᠭᠰᠡᠨ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ ᠠᠷᠪᠠᠨ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ᠂ ᠵᠥᠪᠰᠢᠶᠡᠷᠡᠬᠦ ᠡᠰᠡᠬᠦ ᠲᠤᠬᠠᠶ ᠲᠣᠭᠲᠠᠭᠠᠬᠤ | ᠬᠡᠷᠡᠭᠲᠡᠶ᠃ ᠪᠠᠶᠢᠭᠤᠯᠬᠤ ᠶᠢ ᠨᠢ ᠵᠥᠪᠰᠢᠶᠡᠷᠡᠭᠰᠡᠨ ᠪᠠᠶᠢᠪᠠᠯ᠂ ᠭᠤᠶᠤᠴᠢᠯᠠᠭᠴᠢ ᠳᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠡᠷᠬᠢᠯᠡᠬᠦ ᠦᠨᠡᠮᠯᠡᠯ | ᠣᠯᠭᠤᠨ᠎ᠠ︔ ᠪᠠᠶᠢᠭᠤᠯᠬᠤ ᠶᠢ ᠨᠢ ᠵᠥᠪᠰᠢᠶᠡᠷᠡᠭᠰᠡᠨ ᠤᠢᠭᠡᠢ ᠪᠠᠶᠢᠪᠠᠯ᠂ ᠤᠴᠢᠷ ᠰᠢᠯᠲᠠᠭᠠᠨ ᠢᠶᠠᠨ ᠭᠤᠶᠤᠴᠢᠯᠠᠭᠴᠢ ᠳᠤ ᠪᠢᠴᠢᠭ ᠢᠶᠠᠷ ᠲᠣᠳᠣᠷᠬᠠᠶᠢᠯᠠᠵᠤ ᠥᠭᠬᠦ | ᠬᠡᠷᠡᠭᠲᠡᠶ᠃ | ᠠᠷᠪᠠ ᠶᠢᠰᠦᠳᠦᠭᠡᠷ ᠵᠣᠷᠪᠤᠰ᠄ ᠰᠠᠯᠪᠤᠷᠢ ᠭᠠᠵᠠᠷ ᠪᠠᠶᠢᠭᠤᠯᠬᠤ ᠳᠤ᠂ ᠰᠠᠯᠪᠤᠷᠢ ᠭᠠᠵᠠᠷ ᠪᠠᠶᠢᠭᠤᠯᠬᠤ ᠪᠠᠷ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ | ᠬᠠᠷᠭᠤᠭᠤᠯᠤᠭᠤᠯᠬᠤ ᠬᠡᠷᠡᠭᠲᠡᠶ᠃ ᠰᠠᠯᠪᠤᠷᠢ ᠭᠠᠵᠠᠷ ᠪᠠᠶᠢᠭᠤᠯᠬᠤ ᠪᠠᠷ ᠭᠤᠶᠤᠴᠢᠯᠠᠬᠤ ᠳᠤ ᠬᠦᠷᠪᠡᠯ᠂ ᠲᠤᠰ ᠬᠠᠤᠯᠢ ᠶᠢᠨ ᠠᠷᠪᠠᠨ ᠨᠠᠢᠮᠠᠳᠤᠭᠠᠷ ᠵᠣᠷᠪᠤᠰ ᠲᠤ | ᠲᠣᠭᠲᠠᠭᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃ | ᠬᠤᠷᠢᠨ ᠨᠢᠭᠡᠳᠦᠭᠡᠷ ᠵᠣᠷᠪᠤᠰ᠄ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠨᠡᠷᠡᠶᠢᠳᠦᠯ᠂ ᠬᠠᠷᠢᠭᠤᠴᠠᠯᠭᠠᠲᠠᠨ᠂ ᠲᠦᠷᠢᠮ᠂ ᠬᠤᠷᠰᠢᠬᠤ ᠬᠡᠯᠡᠯᠴᠡᠭᠡᠷ ᠢᠶᠠᠨ | ᠬᠤᠪᠢᠷᠠᠭᠤᠯᠬᠤ ᠳᠤ ᠬᠦᠷᠪᠡᠯ᠂ ᠤᠤᠯ ᠤᠨ ᠬᠢᠨᠠᠨ ᠬᠠᠷᠭᠤᠭᠤᠯᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠣᠷᠣᠨ ᠰᠠᠭᠤᠴᠠ᠂ ᠬᠤᠷᠰᠢᠬᠴᠢ ᠪᠠᠨ ᠬᠤᠪᠢᠷᠠᠭᠤᠯᠬᠤ ᠳᠤ ᠬᠦᠷᠪᠡᠯ᠂ ᠬᠤᠪᠢᠷᠠᠭᠤᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ | ᠳᠣᠲᠣᠷ᠎ᠠ ᠤᠤᠯ ᠤᠨ ᠬᠢᠨᠠᠨ ᠬᠠᠷᠭᠤᠭᠤᠯᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠤᠷᠪᠤᠰ᠄ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠡᠵᠡᠩᠨᠡᠬᠦ ᠪᠠᠨ ᠳᠠᠭᠤᠰᠤᠭᠰᠠᠨ ᠪᠠᠶᠢᠪᠠᠯ᠂ ᠠᠵᠢᠯ ᠡᠷᠬᠢᠯᠡᠬᠦ ᠦᠨᠡᠮᠯᠡᠯ | ᠣᠯᠭᠤᠭᠰᠠᠨ ᠰᠠᠯᠠᠭ᠎ᠠ ᠮᠥᠴᠢᠷ ᠠᠴᠠ ᠲᠤᠰ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠡᠷᠬᠢᠯᠡᠬᠦ ᠦᠨᠡᠮᠯᠡᠯ ᠢ ᠨᠢ ᠬᠦᠴᠦᠨ ᠤᠢᠭᠡᠢ ᠪᠣᠯᠭᠠᠨ᠎ᠠ᠃ | | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ | | | ᠭᠦᠢᠴᠡᠳᠭᠡᠬᠦ ᠭᠠᠵᠠᠷ᠄ | ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ 25 ᠳ᠋ᠤᠭᠠᠷ ᠨᠣᠮᠧᠷ᠂ ᠵᠢᠦ ᠲᠢᠶᠠᠨ ᠵᠢᠶᠠᠨ ᠬᠤᠸᠠ ᠪᠦᠯᠦᠭᠯᠡᠯ ᠤᠨ ᠳᠡᠳ᠋ ᠠᠰᠠᠷ ᠤᠨ | ᠪᠠᠷᠠᠭᠤᠨ ᠠᠰᠠᠷ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠮᠥᠩᠬᠡ ᠰᠤᠪᠠᠭ ᠶᠡᠷᠥᠩᠬᠡᠢ | ᠬᠦᠯᠢᠶᠡᠨ ᠠᠪᠬᠤ ᠴᠣᠩᠬᠤᠷᠤᠭ ᠤᠨ 1204᠂1206᠂1208᠂1210᠂1212᠂1213 ᠳ᠋ᠤᠭᠠᠷ ᠴᠣᠩᠬᠤᠷᠤᠭ | | | ᠭᠦᠢᠴᠡᠳᠭᠡᠬᠦ ᠴᠠᠭ᠄ | ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ | 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ | | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ | 37 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠢ ᠳᠤ ᠪᠠᠭᠤᠭᠠᠳ 621 ᠮᠧᠲᠷ ᠠᠯᠬᠤᠨ᠎ᠠ᠃ 66 ᠳ᠋ᠤᠭᠠᠷ ᠵᠠᠮ ᠤᠨ ᠲᠡᠷᠭᠡᠨ ᠳᠤ ᠰᠠᠭᠤᠵᠤ | ᠮᠦᠽᠧᠶ ᠳᠤ ᠪᠠᠭᠤᠭᠠᠳ 621 ᠮᠧᠲᠷ ᠠᠯᠬᠤᠨ᠎ᠠ︔ K99 ᠳ᠋ᠦ᠋ᠭᠡᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ 35 | ᠳ᠋ᠤᠭᠠᠷ ᠵᠠᠮ ᠤᠨ ᠲᠡᠷᠭᠡᠨ ᠳᠤ ᠰᠠᠭᠤᠵᠤ ᠹᠦ᠋ ᠰᠢᠩ ᠳ᠋ᠦᠩ ᠹᠠᠩ ᠪᠠᠭᠤᠳᠠᠯ ᠳᠤ ᠪᠠᠭᠤᠭᠠᠳ 947 ᠮᠧᠲᠷ ᠠᠯᠬᠤᠨ᠎ᠠ᠃ | |