ᠬᠤᠪᠢ ᠬᠦᠮᠦᠨ ᠤ ᠬᠡᠷᠡᠭ ᠡᠷᠬᠢᠯᠡᠬᠦ᠄ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠨᠡᠷᠡᠶᠢᠳᠦᠯ ᠢ ᠤᠷᠢᠳᠴᠢᠯᠠᠨ ᠬᠢᠨᠠᠨ ᠵᠥᠪᠰᠢᠶᠡᠷᠡᠬᠦ
ᠨᠡᠶᠢᠲᠡᠯᠡᠭᠰᠡᠨ ᠴᠠᠭ᠄
2022/12/6
ᠦᠨᠳᠦᠰᠦᠨ ᠮᠡᠳᠡᠭᠡ ᠵᠠᠩᠭᠢ
律师事务所名称预核准.jpg
ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄       ᠨᠥᠬᠦᠴᠡᠯ ᠳᠤ ᠨᠡᠶᠢᠴᠡᠬᠦ ᠬᠠᠤᠯᠢᠴᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠭᠤᠶᠤᠴᠢᠯᠠᠯ᠃ᠲᠣᠭᠳᠠᠭᠠᠭᠰᠠᠨ ᠦᠨᠳᠦᠰᠦᠯᠡᠯ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢᠴᠢ ᠶᠢᠨ ᠬᠠᠤᠯᠢ︾ ︵1996 ᠣᠨ ᠤ 5 ᠰᠠᠷ᠎ᠠ ᠶᠢᠨ 15 ᠤ ᠡᠳᠦᠷ ᠲᠡᠷᠢᠭᠦᠯᠡᠭᠴᠢ ᠶᠢᠨ 67 ᠳ᠋ᠤᠭᠠᠷ ᠵᠠᠷᠯᠢᠭ᠂ 2012 ᠣᠨ ᠤ 10 ᠰᠠᠷ᠎ᠠ ᠶᠢᠨ 26 ᠤ ᠡᠳᠦᠷ ᠵᠠᠰᠠᠪᠤᠷᠢ ᠣᠷᠣᠭᠤᠯᠪᠠ︶ ᠶᠢᠨ ᠠᠷᠪᠠᠨ ᠨᠠᠢᠮᠠᠳᠤᠭᠠᠷ ᠵᠣᠷᠪᠤᠰ᠄ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠᠶᠢᠭᠤᠯᠬᠤ ᠳᠤ᠂ ᠲᠣᠭᠤᠷᠢᠭ ᠪᠠᠶᠢᠭᠤᠯᠤᠭᠰᠠᠨ ᠬᠤᠳᠠ ᠶᠢᠨ ᠲᠡᠰ ᠤᠨ ᠪᠤᠶᠤ ᠰᠢᠭᠤᠳ ᠬᠠᠷᠢᠶ᠎ᠠ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠶᠤᠴᠢᠯᠠᠯ ᠳᠡᠪᠰᠢᠭᠦᠯᠬᠦ ᠬᠡᠷᠡᠭᠲᠡᠶ᠂ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠬᠡᠷᠡᠭᠲᠡᠶ ᠮᠥᠷᠲᠡᠭᠡᠨ ᠬᠢᠨᠠᠨ ᠪᠠᠶᠢᠴᠠᠭᠠᠭᠰᠠᠨ ᠰᠠᠨᠠᠯ ᠪᠠ ᠭᠤᠶᠤᠴᠢᠯᠠᠯ ᠤᠨ ᠪᠦᠬᠦ ᠮᠠᠲ᠋ᠧᠷᠢᠶᠠᠯ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ ᠠᠷᠪᠠᠨ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ᠂ ᠵᠥᠪᠰᠢᠶᠡᠷᠡᠬᠦ ᠡᠰᠡᠬᠦ ᠲᠤᠬᠠᠶ ᠲᠣᠭᠲᠠᠭᠠᠬᠤ ᠬᠡᠷᠡᠭᠲᠡᠶ᠃ ᠪᠠᠶᠢᠭᠤᠯᠬᠤ ᠶᠢ ᠨᠢ ᠵᠥᠪᠰᠢᠶᠡᠷᠡᠭᠰᠡᠨ ᠪᠠᠶᠢᠪᠠᠯ᠂ ᠭᠤᠶᠤᠴᠢᠯᠠᠭᠴᠢ ᠳᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠡᠷᠬᠢᠯᠡᠬᠦ ᠦᠨᠡᠮᠯᠡᠯ ᠣᠯᠭᠤᠨ᠎ᠠ︔ ᠪᠠᠶᠢᠭᠤᠯᠬᠤ ᠶᠢ ᠨᠢ ᠵᠥᠪᠰᠢᠶᠡᠷᠡᠭᠰᠡᠨ ᠤᠢᠭᠡᠢ ᠪᠠᠶᠢᠪᠠᠯ᠂ ᠤᠴᠢᠷ ᠰᠢᠯᠲᠠᠭᠠᠨ ᠢᠶᠠᠨ ᠭᠤᠶᠤᠴᠢᠯᠠᠭᠴᠢ ᠳᠤ ᠪᠢᠴᠢᠭ ᠢᠶᠠᠷ ᠲᠣᠳᠣᠷᠬᠠᠶᠢᠯᠠᠵᠤ ᠥᠭᠬᠦ ᠬᠡᠷᠡᠭᠲᠡᠶ᠃       ᠠᠷᠪᠠ ᠶᠢᠰᠦᠳᠦᠭᠡᠷ ᠵᠣᠷᠪᠤᠰ᠄ ᠰᠠᠯᠪᠤᠷᠢ ᠭᠠᠵᠠᠷ ᠪᠠᠶᠢᠭᠤᠯᠬᠤ ᠳᠤ᠂ ᠰᠠᠯᠪᠤᠷᠢ ᠭᠠᠵᠠᠷ ᠪᠠᠶᠢᠭᠤᠯᠬᠤ ᠪᠠᠷ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠤᠯᠬᠤ ᠬᠡᠷᠡᠭᠲᠡᠶ᠃ ᠰᠠᠯᠪᠤᠷᠢ ᠭᠠᠵᠠᠷ ᠪᠠᠶᠢᠭᠤᠯᠬᠤ ᠪᠠᠷ ᠭᠤᠶᠤᠴᠢᠯᠠᠬᠤ ᠳᠤ ᠬᠦᠷᠪᠡᠯ᠂ ᠲᠤᠰ ᠬᠠᠤᠯᠢ ᠶᠢᠨ ᠠᠷᠪᠠᠨ ᠨᠠᠢᠮᠠᠳᠤᠭᠠᠷ ᠵᠣᠷᠪᠤᠰ ᠲᠤ ᠲᠣᠭᠲᠠᠭᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃       ᠬᠤᠷᠢᠨ ᠨᠢᠭᠡᠳᠦᠭᠡᠷ ᠵᠣᠷᠪᠤᠰ᠄ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠨᠡᠷᠡᠶᠢᠳᠦᠯ᠂ ᠬᠠᠷᠢᠭᠤᠴᠠᠯᠭᠠᠲᠠᠨ᠂ ᠲᠦᠷᠢᠮ᠂ ᠬᠤᠷᠰᠢᠬᠤ ᠬᠡᠯᠡᠯᠴᠡᠭᠡᠷ ᠢᠶᠠᠨ ᠬᠤᠪᠢᠷᠠᠭᠤᠯᠬᠤ ᠳᠤ ᠬᠦᠷᠪᠡᠯ᠂ ᠤᠤᠯ ᠤᠨ ᠬᠢᠨᠠᠨ ᠬᠠᠷᠭᠤᠭᠤᠯᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠣᠷᠣᠨ ᠰᠠᠭᠤᠴᠠ᠂ ᠬᠤᠷᠰᠢᠬᠴᠢ ᠪᠠᠨ ᠬᠤᠪᠢᠷᠠᠭᠤᠯᠬᠤ ᠳᠤ ᠬᠦᠷᠪᠡᠯ᠂ ᠬᠤᠪᠢᠷᠠᠭᠤᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠤᠤᠯ ᠤᠨ ᠬᠢᠨᠠᠨ ᠬᠠᠷᠭᠤᠭᠤᠯᠤᠭᠰᠠᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃       ᠬᠤᠷᠢᠨ ᠬᠤᠶᠠᠳᠤᠭᠠᠷ ᠵᠤᠷᠪᠤᠰ᠄ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢ ᠡᠵᠡᠩᠨᠡᠬᠦ ᠪᠠᠨ ᠳᠠᠭᠤᠰᠤᠭᠰᠠᠨ ᠪᠠᠶᠢᠪᠠᠯ᠂ ᠠᠵᠢᠯ ᠡᠷᠬᠢᠯᠡᠬᠦ ᠦᠨᠡᠮᠯᠡᠯ ᠣᠯᠭᠤᠭᠰᠠᠨ ᠰᠠᠯᠠᠭ᠎ᠠ ᠮᠥᠴᠢᠷ ᠠᠴᠠ ᠲᠤᠰ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠡᠷᠬᠢᠯᠡᠬᠦ ᠦᠨᠡᠮᠯᠡᠯ ᠢ ᠨᠢ ᠬᠦᠴᠦᠨ ᠤᠢᠭᠡᠢ ᠪᠣᠯᠭᠠᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ᠭᠦᠢᠴᠡᠳᠭᠡᠬᠦ ᠭᠠᠵᠠᠷ᠄       ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ 25 ᠳ᠋ᠤᠭᠠᠷ ᠨᠣᠮᠧᠷ᠂ ᠵᠢᠦ ᠲᠢᠶᠠᠨ ᠵᠢᠶᠠᠨ ᠬᠤᠸᠠ ᠪᠦᠯᠦᠭᠯᠡᠯ ᠤᠨ ᠳᠡᠳ᠋ ᠠᠰᠠᠷ ᠤᠨ ᠪᠠᠷᠠᠭᠤᠨ ᠠᠰᠠᠷ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠮᠥᠩᠬᠡ ᠰᠤᠪᠠᠭ ᠶᠡᠷᠥᠩᠬᠡᠢ ᠬᠦᠯᠢᠶᠡᠨ ᠠᠪᠬᠤ ᠴᠣᠩᠬᠤᠷᠤᠭ ᠤᠨ 1204᠂1206᠂1208᠂1210᠂1212᠂1213 ᠳ᠋ᠤᠭᠠᠷ ᠴᠣᠩᠬᠤᠷᠤᠭᠭᠦᠢᠴᠡᠳᠭᠡᠬᠦ ᠴᠠᠭ᠄       ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄       37 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠢ ᠳᠤ ᠪᠠᠭᠤᠭᠠᠳ 621 ᠮᠧᠲᠷ ᠠᠯᠬᠤᠨ᠎ᠠ᠃ 66 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ K99 ᠳ᠋ᠦ᠋ᠭᠡᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ 35 ᠳ᠋ᠤᠭᠠᠷ ᠵᠠᠮ ᠤᠨ ᠲᠡᠷᠭᠡᠨ ᠳᠤ ᠰᠠᠭᠤᠵᠤ ᠹᠦ᠋ ᠰᠢᠩ ᠳ᠋ᠦᠩ ᠹᠠᠩ ᠪᠠᠭᠤᠳᠠᠯ ᠳᠤ ᠪᠠᠭᠤᠭᠠᠳ 947 ᠮᠧᠲᠷ ᠠᠯᠬᠤᠨ᠎ᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ