ᠤᠯᠠᠭᠠᠨᠬᠠᠳᠠ ᠶᠢᠨ ᠨᠢᠰᠬᠡᠯ ᠤᠨ ᠪᠠᠭᠤᠳᠠᠯ
ᠨᠡᠶᠢᠲᠡᠯᠡᠭᠰᠡᠨ ᠴᠠᠭ᠄
2022/12/7
      ᠣᠳᠤ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠤᠯᠠᠭᠠᠨᠬᠠᠳᠠ ᠨᠢᠰᠬᠡᠯ ᠤᠨ ᠪᠠᠭᠤᠳᠠᠯ ᠪᠣᠯᠣᠨ᠎ᠡ᠃ ᠡᠬᠢᠨ ᠳᠤ ᠪᠠᠨ ᠿᠧᠾᠧ ᠮᠤᠵᠢ ᠶᠢᠨ ᠤᠯᠠᠭᠠᠨᠬᠠᠳᠠ ᠰᠢᠶᠠᠨ ᠤ ᠰᠢ ᠨᠠᠠ ᠳ᠋ᠢ ᠨᠢᠰᠬᠡᠯ ᠤᠨ ᠪᠠᠭᠤᠳᠠᠯ ᠭᠡᠵᠦ᠂ 1944 ᠣᠨ ︵ᠬᠠᠭᠤᠷᠮᠠᠭ ᠮᠠᠨᠵᠤ ᠶᠢᠨ ᠳ᠋ᠠ ᠲᠥᠩ ᠤᠨ 11 ᠣᠨ︶ ᠳᠤ ᠡᠬᠢᠯᠡᠨ ᠪᠠᠶᠢᠭᠤᠯᠵᠤ᠂ ᠭᠦᠶᠦᠯᠲᠡ ᠶᠢᠨ ᠵᠠᠮ ᠤᠨ ᠤᠷᠲᠤ ᠨᠢ 1 900 ᠮᠧᠳ᠋ᠷ᠂ ᠥᠷᠭᠡᠨ ᠨᠢ 100 ᠮᠧᠳ᠋ᠷ᠂ ᠭᠠᠵᠠᠷ ᠤᠨ ᠡᠷᠭᠦᠭᠳᠡᠴᠡ ᠤᠨ ᠥᠨᠳᠦᠷ ᠤᠨ ᠲᠡᠮᠳᠡᠭ ᠨᠢ 559 ᠮᠧᠳ᠋ᠷ ᠪᠣᠯᠣᠨ᠎ᠠ᠃ ᠲᠤᠰ ᠨᠢᠰᠬᠡᠯ ᠤᠨ ᠪᠠᠭᠤᠳᠠᠯ ᠢ ᠪᠠᠶᠢᠭᠤᠯᠤᠭᠰᠠᠨ ᠠᠴᠠ ᠰᠡᠭᠦᠯᠡᠷ ᠪᠠᠶᠢᠯᠳᠤᠭᠠᠨ ᠤ ᠨᠢᠰᠬᠡᠯ᠂ ᠳᠡᠯᠪᠡᠴᠡᠬᠦ ᠨᠢᠰᠬᠡᠯ ᠵᠡᠷᠭᠡ ᠴᠡᠷᠢᠭ ᠤᠨ ᠨᠢᠰᠬᠡᠯ ᠤᠷᠢᠳ ᠬᠤᠵᠢᠳ 43 ᠤᠳᠠᠭ᠎ᠠ ᠪᠠᠭᠤᠵᠤ ᠪᠠᠶᠢᠪᠠ᠃ 1945 ᠣᠨ ᠳᠤ ᠬᠠᠶᠠᠬᠳᠠᠵᠠᠢ᠃      1958 ᠣᠨ ᠳᠤ ᠤᠯᠤᠰ ᠤᠨ ᠵᠥᠪᠰᠢᠶᠡᠷᠡᠯ ᠢᠶᠠᠷ ᠵᠤᠤ ᠤᠳᠠ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ ᠬᠠᠷᠢᠭᠤᠴᠠᠨ᠂ ᠬᠠᠭᠤᠴᠢᠨ ᠨᠢᠰᠬᠡᠯ ᠤᠨ ᠪᠠᠭᠤᠳᠠᠯ ᠤᠨ ᠣᠷᠣᠨ ᠳᠡᠭᠡᠷ᠎ᠡ ‍ᠭᠤᠷᠮᠤᠰᠤᠠ ᠰᠢᠷᠤᠢ ᠪᠠᠷ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠲᠠᠢ ᠭᠦᠶᠦᠯᠲᠡ ᠶᠢᠨ ᠵᠠᠮ ᠳᠡᠪᠢᠰᠪᠡ᠂ ᠤᠷᠲᠤ ᠨᠢ 1 100 ᠺᠢᠯᠣᠮᠧᠳ᠋ᠷ᠂ ᠥᠷᠭᠡᠨ ᠨᠢ 50 ᠮᠧᠳ᠋ᠷ᠂ ᠬᠦᠶᠦᠯᠲᠠ ᠶᠢᠨ ᠵᠠᠮ ᠤᠨ ᠬᠤᠶᠠᠷ ᠬᠠᠵᠠᠭᠤ ᠳᠤ 200 ᠮᠧᠳ᠋ᠷ ᠤᠨ ᠰᠡᠷᠭᠡᠶᠢᠯᠡᠯᠲᠡ ᠶᠢᠨ ᠵᠠᠮ ᠲᠠᠢ᠂ ᠰᠣᠷᠢᠨᠵᠢᠨ ᠴᠢᠭᠯᠡᠯ ᠨᠢ 159。~ 339。 ᠪᠣᠯᠣᠨ᠎ᠡ᠃ ᠡᠭᠦᠨ ᠤ ᠵᠡᠷᠭᠡ ᠪᠠᠷ ᠪᠠᠭᠤᠳᠠᠯ ᠤᠨ ᠡᠮᠦᠨ᠎ᠡ ᠲᠠᠯ᠎ᠠ ᠳᠤ ᠨᠢᠰᠣᠯᠲᠠ ᠪᠣᠴᠠᠬᠤ ᠲᠠᠪᠴᠠᠩ ᠢ 1 ᠪᠠᠶᠢᠭᠤᠯᠵᠤ᠂ ᠲᠠᠯᠠᠪᠠᠢ ᠨᠢ 10 000 ᠲᠡᠭᠰᠢ ᠲᠦᠷᠪᠡᠯᠵᠢᠨ ᠮᠧᠳ᠋ᠷ ᠪᠠᠶᠢᠪᠠ᠃ ᠮᠣᠳᠤ ᠰᠢᠷᠣᠢ ᠶᠢᠨ ᠪᠦᠲᠦᠴᠠ ᠲᠠᠢ ᠲᠡᠷᠭᠡ ᠬᠦᠯᠢᠶᠡᠬᠦ ᠭᠡᠷ᠂ ᠵᠢᠵᠢᠭᠦᠷᠯᠡᠬᠦ ᠭᠡᠷ ᠪᠣᠯᠣᠨ ᠠᠯᠪᠠᠨ ᠭᠡᠷ 5 ᠲᠠᠰᠤᠯᠭ᠎ᠠ᠂ ᠲᠣᠬᠢᠷᠠᠭᠤᠯᠬᠤ ᠭᠡᠷ᠂ ᠴᠠᠭ ᠠᠭᠤᠷ ᠤᠨ ᠥᠷᠲᠡᠭᠡ᠂ ᠮᠠᠰᠢᠨ ᠤ ᠶᠠᠪᠤᠳᠠᠯ᠂ ᠰᠢᠲᠠᠭᠠᠯᠠᠭ᠎ᠠ ᠵᠡᠷᠭᠡ ᠠᠯᠪᠠᠯᠠᠬᠤ ᠪᠠ ᠥᠢᠯᠡᠳᠪᠦᠷᠢᠯᠡᠯ ᠳᠤ ᠬᠡᠷᠡᠭᠯᠡᠬᠦ 20 ᠲᠠᠰᠣᠯᠭ᠎ᠠ ᠭᠡᠷ ᠢ ᠪᠠᠶᠢᠭᠤᠯᠵᠤ᠂ ᠲᠣᠮᠣ ᠪᠠᠷᠠᠭ᠎ᠠ ᠶᠢᠨ ᠲᠡᠷᠭᠡ᠂ ᠲᠣᠮᠣ ᠠᠶᠠᠨᠴᠢᠨ ᠤ ᠲᠡᠷᠭᠡ᠂ ᠲᠣᠰᠤ ᠨᠡᠮᠡᠬᠦ ᠲᠡᠷᠭᠡ ᠲᠤᠰ ᠪᠦᠷᠢ 1 ᠪᠠᠶᠢᠪᠠ᠃      1959 ᠣᠨ ᠳᠤ ᠨᠢᠰᠬᠡᠯ ᠤᠨ ᠪᠠᠭᠤᠳᠠᠯ ᠢ ᠳᠠᠬᠢᠨ ᠰᠢᠨ᠎ᠡ ᠪᠠᠷ ᠵᠠᠰᠠᠵᠤ᠂ ᠬᠠᠶᠢᠷ ᠴᠢᠯᠠᠭᠤ ᠶᠢ ᠨᠢ ᠠᠷᠢᠯᠭᠠᠨ᠂ ᠰᠢᠷᠣᠢ ᠳᠡᠪᠢᠰᠦᠭᠰᠡᠨ ᠠᠴᠠ ᠰᠡᠭᠦᠯᠡᠷ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠭᠤᠷᠪᠠᠳᠤᠭᠠᠷ ᠳᠡᠰ ᠤᠨ ᠨᠢᠰᠬᠡᠯ ᠤᠨ ᠪᠠᠭᠤᠳᠠᠯ ᠪᠣᠯᠭᠠᠪᠠ᠃      1962 ᠣᠨ ᠳᠤ ᠨᠡᠶᠢᠲᠡ 470 ᠲᠡᠭᠰᠢ ᠳᠦᠷᠪᠡᠯᠵᠢᠨ ᠮᠧᠳ᠋ᠷ ᠤᠨ ᠲᠡᠷᠭᠡ ᠬᠦᠯᠢᠶᠡᠬᠦ ᠭᠡᠷ᠂ ᠠᠯᠪᠠᠨ ᠭᠡᠷ᠂ ᠥᠢᠯᠡᠳᠪᠦᠷᠢᠯᠡᠯ ᠳᠤ ᠬᠡᠷᠡᠭᠯᠡᠬᠦ ᠭᠡᠷ ᠢ ᠪᠠᠶᠢᠭᠤᠯᠤᠨ᠂ ᠥᠷᠲᠡᠭᠡᠨ ᠤ ᠨᠦᠭᠦᠴᠡᠯ ᠢ ᠵᠣᠬᠢᠬᠤ ᠬᠡᠮᠵᠢᠶ᠎ᠡ ᠪᠠᠷ ᠰᠠᠶᠢᠵᠢᠷᠠᠭᠤᠯᠪᠠ᠃      1965 ᠣᠨ ᠳᠤ ᠨᠢᠰᠬᠡᠯ ᠤᠨ ᠭᠦᠶᠦᠯᠲᠡ ᠶᠢᠨ ᠵᠠᠮ ᠢ ᠡᠮᠦᠨᠡᠰᠢ 200 ᠮᠧᠳ᠋ᠷ ᠤᠷᠲᠤᠳᠬᠠᠵᠤ᠂ 179 ᠮᠧᠳ᠋ᠷ ᠥᠷᠭᠡᠨ ᠪᠣᠯᠭᠠᠪᠠ᠃      1966 ᠣᠨ ᠳᠤ ᠨᠢᠰᠬᠡᠯ ᠤᠨ ᠪᠠᠭᠤᠳᠠᠯ ᠳᠤ 200 ᠲᠡᠭᠰᠢ ᠳᠦᠷᠪᠡᠯᠵᠢᠨ ᠮᠧᠳ᠋ᠷ ᠤᠨ ᠲᠡᠷᠭᠡᠨ ᠬᠦᠮᠦᠷᠭᠡ 1 ᠪᠠᠶᠢᠭᠤᠯᠤᠨ᠂ ᠲᠣᠰ ᠪᠦᠷᠢ 50 ᠪᠣᠰᠤᠭ᠎ᠠ ᠳᠦᠷᠪᠡᠯᠵᠢᠨ ᠮᠧᠳ᠋ᠷ ᠲᠠᠯᠠᠪᠠᠢ ᠲᠠᠢ ᠭᠠᠵᠠᠷ ᠳᠣᠣᠷᠠᠬᠢ ᠲᠣᠰᠣᠨ ᠬᠦᠮᠦᠷᠭᠡ 2 ᠶᠢ ᠨᠡᠮᠡᠵᠦ ᠪᠠᠶᠢᠭᠤᠯᠵᠠᠢ᠃ ᠡᠭᠦᠨ ᠤ ᠬᠠᠮᠲᠤ ᠬᠤᠶᠠᠷ ᠬᠦᠷᠳᠦᠲᠦ ᠵᠠᠮ ᠲᠠᠭᠰᠢᠷᠠᠭᠤᠯᠬᠤ ᠮᠠᠰᠢᠨ 1 ᠶᠢ ᠲᠣᠬᠢᠷᠠᠭᠤᠯᠪᠠ᠃      1974 ᠣᠨ ᠳᠤ ᠮᠦᠭᠳᠡᠨ ᠤ ᠠᠷᠠᠳ ᠤᠨ ᠠᠭᠠᠷ ᠤᠨ ᠲᠡᠭᠡᠭᠡᠪᠦᠷᠢ ᠠᠴᠠ ᠪᠡᠯᠡ ᠦᠭᠴᠦ᠂ 617 ᠲᠡᠭᠰᠢ ᠳᠦᠷᠪᠡᠯᠵᠢᠨ ᠮᠧᠳ᠋ᠷ ᠲᠠᠯᠠᠪᠠᠢ ᠲᠠᠢ ᠵᠣᠴᠢᠳ ᠤᠨ ᠪᠠᠭᠤᠳᠠᠯ ᠪᠠᠶᠢᠭᠤᠯᠪᠠ᠃      1975 ᠣᠨ ᠳᠤ ᠠᠭᠠᠷ ᠤᠨ ᠲᠡᠭᠡᠭᠡᠪᠦᠷᠢ ᠶᠢᠨ ᠥᠷᠲᠡᠭᠡ ᠨᠢ ᠬᠡᠰᠡᠭ ᠭᠠᠵᠠᠷ ᠢᠶᠠᠷ ᠢᠶᠠᠨ ᠰᠠᠨ ᠵᠢᠶ᠋ᠨ ᠥᠢᠯᠡᠳᠪᠦᠷᠢᠯᠡᠯ ᠤᠨ ᠶᠡᠭᠡ ᠪᠠᠷᠢᠭᠠᠲᠠ ᠶᠢᠨ 18 ᠮᠦ ᠭᠠᠵᠠᠷ ᠢ ᠰᠣᠯᠢᠵᠤ᠂ 1 ᠰᠠᠴᠤᠷᠠᠭᠤᠯᠬᠤ ᠥᠷᠲᠡᠭᠡ ᠪᠠᠶᠢᠭᠤᠯᠬᠤ ᠶᠢᠨ ᠵᠡᠷᠭᠡ ᠲᠣᠨᠤᠭ ᠲᠥᠬᠦᠭᠡᠷᠦᠮᠵᠢ ᠪᠠᠨ ᠰᠢᠨᠡᠳᠬᠡᠵᠦ᠂ 63 ᠬᠡᠯᠪᠡᠷᠢ ᠶᠢᠨ 500W ᠤᠨ ᠤᠷᠲᠤ ᠳᠣᠯᠭᠢᠶᠠᠨᠲᠤ ᠠᠶᠠᠯᠠᠯ ᠵᠠᠮᠴᠢᠯᠠᠬᠤ ᠮᠠᠰᠢᠨ᠂ 400W ᠤᠨ ᠣᠬᠤᠷ ᠳᠣᠯᠭᠢᠶᠠᠨᠲᠤ ᠠᠶᠠᠯᠠᠯ ᠵᠠᠮᠴᠢᠯᠠᠬᠤ ᠮᠠᠰᠢᠨ᠂ 92 ᠬᠡᠯᠪᠡᠷᠢ ᠶᠢᠨ ᠣᠬᠤᠷ ᠳᠣᠯᠭᠢᠶᠠᠨᠲᠤ ᠰᠠᠴᠤᠷᠠᠭᠤᠯᠬᠤ ᠮᠠᠰᠢᠨ ᠢ ᠲᠤᠰ ᠪᠦᠷᠢ 1 ᠶᠢ ᠨᠡᠮᠡᠵᠦ ᠲᠣᠬᠢᠷᠠᠭᠤᠯᠪᠠ᠃      1984 ᠣᠨ ᠳᠤ ᠨᠢᠰᠬᠡᠯ ᠤᠨ ᠠᠮᠤᠷ ᠲᠦᠪᠰᠢᠨ ᠪᠣᠰᠴᠤ ᠪᠠᠭᠤᠬᠤ ᠶᠢ ᠪᠠᠲᠤᠯᠠᠨ᠂ ᠨᠢᠰᠬᠡᠯ ᠤᠨ ᠪᠠᠭᠤᠳᠠᠯ ᠤᠨ ᠪᠢᠲᠡᠭᠦᠮᠵᠢᠯᠡᠭᠰᠡᠨ ᠮᠠᠶ᠋ᠢᠭ ᠲᠠᠢ ᠬᠠᠮᠢᠶᠠᠷᠤᠯᠲᠠ ᠳᠤ ᠳᠦᠭᠦᠮ ᠦᠵᠡᠭᠦᠯᠬᠦ ᠶᠢᠨ ᠲᠥᠯᠥᠭᠡ᠂ ᠨᠢᠰᠬᠡᠯ ᠤᠨ ᠪᠠᠭᠤᠳᠠᠯ ᠢ ᠲᠣᠭᠤᠷᠢᠭᠤᠯᠤᠭᠠᠳ ᠲᠡᠮᠦᠷ ᠤᠳᠠᠰᠤᠨ ᠬᠦᠷᠢᠶ᠎ᠡ ᠪᠣᠰᠬᠠᠪᠠ᠃      1986 ᠣᠨ ᠳᠤ ᠤᠯᠠᠭᠠᠨᠬᠠᠳᠠ ᠬᠤᠲᠠ ᠶᠢᠨ ᠵᠠᠰᠠᠭ ᠤᠨ ᠣᠷᠳᠤᠨ ᠠᠴᠠ 30 ᠲᠦᠮᠡᠨ ᠲᠥᠭᠦᠷᠢᠭ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠢᠨ ᠠᠴᠠ 134 ᠲᠦᠮᠡᠨ ᠲᠦᠭᠦᠷᠢᠭ ᠤᠨ ᠪᠡᠯᠡ ᠭᠠᠷᠭᠠᠵᠤ᠂ 2 098 ᠲᠡᠭᠰᠢ ᠳᠦᠷᠪᠡᠯᠵᠢᠨ ᠮᠧᠳ᠋ᠷ ᠲᠠᠯᠠᠪᠠᠢ ᠲᠠᠢ ᠲᠡᠷᠭᠡ ᠬᠦᠯᠢᠶᠡᠬᠦ ᠠᠰᠠᠷ 1 ᠰᠠᠭᠤᠷᠢ ᠪᠠᠶᠢᠭᠤᠯᠵᠤ᠂ 1988 ᠣᠨ ᠳᠤ ᠵᠢᠩᠬᠢᠨᠢ ᠪᠠᠷ ᠠᠰᠢᠬᠯᠠᠯᠲᠠ ᠳᠤ ᠣᠷᠣᠭᠤᠯᠪᠠ᠃ ᠡᠭᠦᠨ ᠤ ᠵᠡᠷᠭᠡ ᠪᠠᠷ ᠠᠭᠤᠷ ᠤᠨ ᠵᠤᠤᠬᠠᠨ ᠭᠡᠷ ᠢ ᠰᠢᠨᠡᠳᠬᠡᠵᠦ᠂ ᠣᠨᠴᠠ ᠲᠥᠷᠥᠯ ᠤᠨ ᠲᠡᠷᠭᠡᠨ ᠬᠦᠮᠦᠷᠭᠡ 9 ᠲᠠᠰᠤᠯᠭ᠎ᠠ᠂ ᠮᠠᠰᠢᠨ ᠤ ᠠᠵᠢᠯ ᠤᠨ ᠭᠡᠷ 4 ᠲᠠᠰᠤᠯᠭ᠎ᠠ ᠶᠢ ᠨᠡᠮᠡᠵᠦ ᠪᠠᠶᠢᠭᠤᠯᠪᠠ᠃      1987 ᠣᠨ ᠳᠤ ᠠᠷᠠᠳ ᠤᠨ ᠠᠭᠠᠷ ᠤᠨ ᠲᠡᠭᠡᠭᠡᠪᠦᠷᠢ ᠶᠢᠨ ᠬᠢᠨ ᠠᠴᠠ 25 ᠲᠦᠮᠡᠨ ᠲᠦᠭᠦᠷᠢᠭ ᠤᠨ ᠪᠡᠯᠡ ᠭᠠᠷᠭᠠᠨ᠂ ᠪᠠᠭᠤᠳᠠᠯ ᠤᠨ ᠬᠤᠶᠢᠲᠤ ᠲᠠᠯ᠎ᠠ ᠳᠤ ᠣᠶᠢᠷᠠᠲᠤᠭᠤᠯᠤᠨ 2 500 ᠲᠡᠭᠰᠢ ᠳᠦᠷᠪᠡᠯᠵᠢᠨ ᠮᠧᠳ᠋ᠷ ᠲᠠᠯᠠᠪᠠᠢ ᠲᠠᠢ ᠨᠢᠰᠣᠯᠲᠠ ᠪᠣᠴᠠᠬᠤ ᠲᠠᠪᠴᠠᠩ ᠢ 1 ᠪᠠᠶᠢᠭᠤᠯᠵᠤ᠂ 1988 ᠣᠨ ᠳᠤ ᠵᠢᠩᠬᠢᠨᠢ ᠪᠠᠷ ᠠᠰᠢᠬᠯᠠᠯᠲᠠ ᠳᠤ ᠣᠷᠣᠭᠤᠯᠪᠠ᠃      1990 ᠣᠨ ᠳᠤ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠲᠦᠷᠦᠭᠦᠯᠡᠨ ᠪᠡᠯᠡ ᠭᠠᠷᠭᠠᠵᠤ᠂ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠨ ᠵᠠᠰᠠᠵᠤ᠂ ᠽᠧᠮᠧᠨ᠋ᠲ ᠬᠦᠶᠦᠯᠲᠠ ᠶᠢᠨ ᠵᠠᠮ ᠪᠠᠶᠢᠭᠤᠯᠣᠨ᠂ ᠤᠷᠲᠤ ᠨᠢ 1 800 ᠮᠧᠳ᠋ᠷ᠂ ᠥᠷᠭᠡᠨ ᠨᠢ 36 ᠮᠧᠳ᠋ᠷ᠂ ᠭᠤᠯᠭᠤᠯᠲᠠ ᠶᠢᠨ ᠵᠠᠮ ᠤᠨ ᠤᠷᠲᠤ ᠨᠢ 165 ᠮᠧᠳ᠋ᠷ᠂ ᠥᠷᠭᠡᠨ ᠨᠢ 18 ᠮᠧᠳ᠋ᠷ᠂ ᠨᠢᠰᠬᠡᠯ ᠤᠨ ᠵᠣᠭᠰᠤᠭᠠᠯ ᠤᠨ ᠲᠠᠯᠠᠪᠠᠢ ᠨᠢ 6 000 ᠲᠡᠭᠰᠢ ᠳᠦᠷᠪᠡᠯᠵᠢᠨ ᠮᠧᠳ᠋ᠷ ᠪᠠᠶᠢᠪᠠ᠃ ᠥᠭᠡᠷᠡᠴᠢᠯᠡᠨ ᠵᠠᠰᠠᠬᠰᠡᠨ ᠠᠴᠠ ᠰᠡᠭᠦᠯᠡᠷᠬᠢ ᠨᠢᠰᠬᠡᠯ ᠤᠨ ᠪᠠᠭᠤᠳᠠᠯ ᠤᠨ ᠬᠦᠶᠦᠯᠲᠠ ᠶᠢᠨ ᠵᠠᠮ ᠳᠡᠭᠡᠷ᠎ᠡ BAE — 146 ᠬᠡᠯᠪᠡᠷᠢ ᠠᠴᠠ ᠳᠣᠷᠣᠭᠰᠢᠬᠢ ᠳᠤᠮᠳᠠ ᠂ ᠪᠠᠭ᠎ᠠ ᠬᠡᠯᠪᠡᠷᠢ ᠶᠢᠨ ᠨᠢᠰᠬᠡᠯ ᠨᠢᠰᠴᠦ ᠪᠠᠭᠤᠵᠤ ᠪᠣᠯᠬᠤ ᠪᠠᠶᠢᠪᠠ᠃ ᠮᠦᠨ ᠵᠢᠯ ᠦᠪᠦᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠪᠣᠯᠣᠨ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠠᠴᠠ ᠪᠡᠯᠡ ᠭᠠᠷᠭᠠᠵᠤ᠂ 1 ᠰᠠᠭᠤᠷᠢ ᠠᠷᠠᠳ ᠤᠨ ᠠᠭᠠᠷ ᠠᠶᠠᠯᠠᠯ ᠤᠨ ᠪᠢᠯᠧᠲ ᠬᠤᠳᠠᠯᠳᠤᠬᠤ ᠠᠰᠠᠷ ︵ᠬᠤᠩ ᠱᠠᠨ ᠲᠣᠭᠤᠷᠢᠭ ᠤᠨ ᠬᠠᠳᠠ ᠵᠡᠭᠡᠯᠢ ᠶᠢᠨ ᠤᠯᠠᠭᠠᠨ ᠲᠤᠭ ᠵᠦᠴᠦᠭᠡ ᠶᠢᠨ ᠲᠠᠯᠠᠪᠠᠢ ᠶᠢᠨ ᠪᠠᠷᠠᠭᠤᠨ ᠲᠠᠯ᠎ᠠ ᠳᠤ︶ ᠢ ᠪᠠᠶᠢᠭᠤᠯᠪᠠ᠃   
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ