ᠤᠯᠠᠭᠠᠨᠬᠠᠳᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2022/12/7
     ᠤᠯᠠᠭᠠᠨᠬᠠᠳᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠪᠣᠯᠤᠨ᠎ᠠ᠃ ᠤᠯᠠᠭᠠᠨᠬᠠᠳᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠲᠤᠭ᠎ᠠ ᠪᠦᠷᠢᠳᠬᠡᠯ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠲᠥᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠣᠷᠣᠨ ᠨᠤᠲᠤᠭ ᠤᠨ ᠲᠤᠭ᠎ᠠ ᠪᠦᠷᠢᠳᠬᠡᠯ ᠤᠨ ᠲᠦᠷᠢᠮ ᠪᠠ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      ︵ᠬᠤᠶᠠᠷ︶ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠰᠢᠰᠲ᠋ᠧᠮ ᠢ ᠲᠤᠤᠱᠯᠠᠭᠤᠯᠤᠨ ᠬᠡᠷᠡᠭᠵᠢᠭᠦᠯᠵᠦ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠬᠠᠮᠢᠶ᠎ᠠ ᠪᠥᠬᠦᠶ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠲᠣᠭᠠᠴᠠᠭ᠎ᠠ ᠬᠢᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠭᠤᠷᠪᠠ︶ ᠪᠥᠬᠦ ᠬᠤᠲᠠ ᠶᠢᠨ ᠬᠥᠮᠦᠨ ᠠᠮᠠ᠂ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠬᠤᠲᠠ ᠶᠢᠨ ᠪᠠᠶᠢᠳᠠᠯ ᠪᠠ ᠬᠤᠲᠠ ᠶᠢᠨ ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠬᠤᠳᠠ ᠶᠢᠨ ᠪᠠᠶᠢᠳᠠᠯ ᠪᠠ ᠬᠤᠳᠠ ᠶᠢᠨ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠵᠦᠢᠯ ᠤᠨ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠡᠮᠬᠢᠳᠭᠡᠬᠦ ᠪᠠ ᠬᠠᠩᠭᠠᠨ᠎ᠠ᠃      ︵ᠳᠥᠷᠪᠡ︶ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠵᠤ᠂ ᠵᠢᠭᠤᠯᠴᠢᠯᠠᠯ᠂ ᠵᠠᠮ ᠲᠡᠭᠡᠭᠡᠪᠦᠷᠢ᠂ ᠰᠢᠤᠳᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠪᠥᠬᠦ ᠬᠤᠲᠠ ᠶᠢᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃      ︵ᠲᠠᠪᠤ︶ ᠪᠥᠬᠦ ᠬᠤᠲᠠ ᠶᠢᠨ ᠡᠨᠧᠷᠭᠢ᠂ ᠪᠠᠯᠠ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠬᠥᠳᠡᠯᠮᠦᠷᠢ ᠬᠦᠴᠦᠨ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠶᠢ ᠪᠦᠷᠢᠳᠬᠡᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ ᠂ ᠡᠮᠬᠢᠳᠬᠡᠬᠦ ᠪᠠ ᠬᠠᠩᠭᠠᠵᠤ᠂ ᠡᠬᠢ ᠪᠠᠶᠠᠯᠢᠭ᠂ ᠬᠡᠷ ᠪᠠᠶᠢᠰᠢᠩ᠂ ᠭᠠᠳᠠᠭᠠᠳᠤ ᠠᠷᠠᠯᠵᠢᠶ᠎ᠠ᠂ ᠭᠠᠳᠠᠭᠠᠳᠤ ᠠᠵᠤ ᠠᠬᠤᠶ ᠵᠡᠷᠭᠡ ᠪᠥᠬᠦ ᠬᠤᠲᠠ ᠶᠢᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃      ︵ᠵᠢᠷᠭᠤᠭ᠎ᠠ︶ ᠡᠯ᠎ᠡ ᠬᠤᠰᠢᠭᠤ ᠰᠢᠶᠠᠨ ᠲᠣᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠪᠠ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠨᠢᠭᠡᠳᠦᠯᠲᠡᠶ ᠬᠢᠨᠠᠨ ᠲᠣᠭᠲᠠᠭᠠᠵᠤ᠂ ᠬᠠᠮᠢᠶᠠᠷᠴᠤ᠂ ᠪᠥᠬᠦ ᠬᠤᠲᠠ ᠶᠢᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠡᠶᠢᠲᠡᠯᠡᠵᠦ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃      ︵ᠳᠣᠯᠤᠭ᠎ᠠ︶ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠢ ᠪᠦᠷᠢᠳᠬᠡᠨ ᠵᠠᠳᠠᠯᠤᠯᠲᠠ ᠬᠢᠬᠦ᠂ ᠪᠦᠷᠢᠳᠬᠡᠨ ᠬᠢᠨᠠᠨ ᠬᠡᠮᠵᠢᠬᠦ ᠪᠠ ᠪᠦᠷᠢᠳᠬᠡᠨ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠵᠥᠪᠯᠡᠯᠭᠡ ᠥᠭᠬᠦ ᠰᠠᠨᠠᠭᠤᠯᠭ᠎ᠠ ᠬᠠᠩᠭᠠᠨ᠎ᠠ᠃      ︵ᠨᠠᠢᠮᠠ︶ ᠡᠯ᠎ᠡ ᠬᠤᠰᠢᠭᠤ ᠰᠢᠶᠠᠨ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠡᠩᠰᠡᠯᠡᠵᠦ᠂ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠦᠨ᠎ᠡ᠃      ︵ᠶᠢᠰᠦ︶ ᠡᠯ᠎ᠡ ᠬᠤᠰᠢᠭᠤ ᠰᠢᠶᠠᠨ ᠲᠣᠭᠤᠷᠢᠭ ᠢ ᠬᠠᠪᠰᠤᠷᠤᠨ ᠬᠤᠰᠢᠭᠤ ᠰᠢᠶᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠢ ᠬᠠᠮᠢᠶᠠᠷᠴᠤ᠂ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ ᠪᠣᠯᠪᠠᠰᠤᠷᠠᠯ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠬᠤᠲᠠ᠂ ᠰᠢᠶᠠᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠲᠥᠪ ᠤᠨ ᠲᠤᠭ᠎ᠠ ᠪᠦᠷᠢᠳᠬᠡᠯ ᠤᠨ ᠦᠢᠯᠡᠰ ᠤᠨ ᠵᠠᠷᠤᠳᠠᠯ ᠢ ᠲᠣᠭᠲᠠᠭᠠᠯ ᠶᠣᠰᠣᠭᠠᠷ ᠬᠠᠮᠢᠶᠠᠷᠤᠨ᠎ᠠ᠃      ︵ᠠᠷᠪᠠ︶ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠠᠮᠢᠶᠠᠷᠴᠤ᠂ ᠡᠯ᠎ᠡ ᠬᠤᠰᠢᠭᠤ ᠰᠢᠶᠠᠨ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃      ︵ᠠᠷᠪᠠᠨ ᠨᠢᠭᠡ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ