ᠤᠯᠠᠭᠠᠨᠬᠠᠳᠠ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ
ᠨᠡᠶᠢᠲᠡᠯᠡᠭᠰᠡᠨ ᠴᠠᠭ᠄
2022/12/7
     ᠤᠯᠠᠭᠠᠨᠬᠠᠳᠠ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠪᠣᠯ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠪᠣᠯᠤᠨ᠎ᠠ᠃ ᠤᠯᠠᠭᠠᠨᠬᠠᠳᠠ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ᠪᠡᠶ᠎ᠡ ᠶᠢᠨ ᠲᠠᠮᠢᠷ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠪᠥᠬᠦ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠪᠥᠬᠦ ᠬᠤᠳᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠵᠤ᠂ ᠪᠡᠶ᠎ᠡ ᠶᠢᠨ ᠲᠠᠮᠢᠷ ᠤᠨ ᠦᠢᠯᠡᠰ ᠤᠨ ᠳᠤᠮᠳᠠ ᠪᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠤᠯᠠᠨ ᠡᠰᠢᠴᠢᠯᠡᠭᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠶ᠎ᠡ ᠶᠢᠨ ᠲᠠᠮᠢᠷ ᠤᠨ ᠤᠯᠠᠨ ᠨᠡᠶᠢᠲᠡ ᠶᠢᠨ ᠦᠢᠯᠡᠴᠢᠯᠡᠭᠡ ᠪᠠ ᠪᠠᠶᠢᠭᠤᠯᠤᠮᠵᠢ ᠶᠢᠨ ᠥᠭᠡᠷᠡᠴᠢᠯᠡᠯᠲᠠ ᠶᠢ ᠠᠬᠢᠭᠤᠯᠤᠨ᠎ᠠ      ︵ᠭᠤᠷᠪᠠ︶ ᠣᠯᠠᠨ ᠲᠦᠮᠡᠨ ᠤ ᠪᠡᠶ᠎ᠡ ᠶᠢᠨ ᠲᠠᠮᠢᠷ ᠤᠨ ᠦᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠠᠵᠢᠯᠯᠠᠭᠠᠨ ᠢ ᠵᠢᠯᠣᠭᠤᠳᠤᠨ ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠷᠢᠮ ᠢ ᠬᠡᠷᠡᠭᠵᠢᠭᠦᠯᠦᠨ᠂ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠰᠢᠯᠭᠠᠬᠤ ᠪᠠ ᠨᠡᠶᠢᠭᠡᠮ ᠤᠨ ᠪᠡᠶ᠎ᠡ ᠶᠢᠨ ᠲᠠᠮᠢᠷ ᠢ ᠵᠢᠯᠣᠭᠤᠳᠬᠤ ᠠᠵᠢᠯ ᠤᠨ ᠡᠩᠨᠡᠭᠡ ᠶᠢᠨ ᠲᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃      ︵ᠳᠥᠷᠪᠡ︶ ᠪᠥᠬᠦ ᠬᠤᠲᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠪᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠢ ᠰᠤᠳᠤᠯᠤᠨ ᠲᠥᠯᠥᠪᠵᠢᠭᠦᠯᠵᠦ᠂ ᠠᠵᠢᠯ ᠤᠨ ᠴᠢᠯᠥᠭᠡᠨ ᠤ ᠪᠣᠯᠪᠠᠰᠤᠷᠠᠯ ᠤᠨ ᠠᠵᠢᠯ ᠢ ᠵᠢᠯᠣᠭᠤᠳᠤᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠠᠬᠢᠭᠤᠯᠤᠨ᠎ᠠ᠃      ︵ᠲᠠᠪᠤ︶ ᠳᠡᠯᠡᠬᠡᠶ ᠶᠢᠨ᠂ ᠤᠯᠤᠰ ᠤᠨ ᠳᠣᠲᠣᠭᠠᠳᠤ ᠶᠢᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠷᠤᠯᠳᠤᠭᠠᠨ ᠳᠤ ᠣᠷᠣᠯᠴᠠᠬᠤ ᠶᠢ ᠬᠠᠷᠢᠭᠤᠴᠠᠨ ᠵᠣᠬᠢᠶᠠᠨ ᠪᠠᠶᠢᠭᠤᠯᠵᠤ ᠳᠠᠭᠠᠭᠠᠨ ᠡᠷᠭᠢᠯᠡᠨ᠎ᠡ︔ ᠪᠥᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠭᠤᠤᠯᠯᠠᠨ ᠣᠷᠣᠯᠴᠠᠵᠤ᠂ ᠤᠷᠤᠯᠳᠤᠭᠠᠨ ᠤ ᠲᠦᠷᠢᠮ ᠢ ᠲᠣᠭᠲᠠᠭᠠᠬᠤ ᠶᠢᠨ ᠬᠠᠮᠲᠤ ᠨᠡᠶᠢᠲᠡᠯᠡᠵᠦ᠂ ᠬᠥᠭᠡᠷᠦᠭᠦᠯᠦᠭᠴᠢ ᠡᠮ ᠢ ᠡᠰᠡᠷᠭᠦᠴᠡᠬᠦ ᠠᠵᠢᠯ ᠢ ᠥᠷᠨᠢᠭᠦᠯᠦᠨ᠎ᠡ᠃ ᠬᠢᠨᠠᠭᠴᠢ᠂ ᠰᠤᠷᠭᠠᠭᠴᠢᠳ᠂ ᠲᠠᠮᠢᠷᠴᠢᠳ ᠤᠨ ᠡᠩᠨᠡᠭᠡ ᠶᠢᠨ ᠪᠠᠶᠢᠭᠤᠯᠤᠯᠲᠠ ᠶᠢ ᠬᠠᠮᠢᠶᠠᠷᠤᠨ᠎ᠠ᠃ ᠭᠠᠳᠠᠭᠠᠳᠤ ᠯᠤᠭ᠎ᠠ ᠶᠢᠨ ᠪᠡᠶ᠎ᠡ ᠶᠢᠨ ᠲᠠᠮᠢᠷ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠢᠳᠡᠪᠬᠢᠲᠡᠶ ᠥᠷᠨᠢᠭᠦᠯᠦᠨ᠎ᠡ᠃      ︵ᠵᠢᠷᠭᠤᠭ᠎ᠠ︶ ᠪᠥᠬᠦ ᠬᠤᠲᠠ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠠᠶᠢᠷᠢᠯᠠᠭᠤᠯᠤᠯᠲᠠ ᠪᠠ ᠭᠥᠭᠵᠢᠭᠦᠯᠦᠯᠲᠡ ᠶᠢ ᠵᠢᠯᠣᠭᠤᠳᠤᠨ᠎ᠠ᠃ ᠪᠦᠬᠦ ᠬᠤᠲᠠ ᠶᠢᠨ ᠪᠡᠶ᠎ᠡ ᠶᠢᠨ ᠲᠠᠮᠢᠷ ᠤᠨ ᠰᠤᠭᠤᠯᠤᠭ᠎ᠠ ᠶᠢᠨ ᠪᠣᠷᠣᠯᠠᠭᠤᠯᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠲᠤᠯᠤᠭ᠎ᠠ︶ ᠪᠥᠬᠦ ᠬᠤᠳᠠ ᠶᠢᠨ ᠪᠡᠶ᠎ᠡ ᠶᠢᠨ ᠲᠠᠮᠢᠷ ᠤᠨ ᠰᠣᠶᠣᠯ᠂ ᠪᠡᠶ᠎ᠡ ᠶᠢᠨ ᠲᠠᠮᠢᠷ ᠤᠨ ᠤᠬᠠᠭᠤᠯᠭ᠎ᠠ ᠬᠥᠮᠦᠵᠢᠯ᠂ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠪᠡᠶ᠎ᠡ ᠶᠢᠨ ᠲᠠᠮᠢᠷ ᠤᠨ ᠠᠶᠤᠯᠭᠦᠢ ᠠᠵᠢᠯ ᠤᠨ ᠥᠷᠨᠢᠭᠦᠯᠬᠦ ᠶᠢ ᠬᠠᠷᠢᠭᠤᠴᠠᠨ ᠵᠢᠯᠣᠭᠤᠳᠤᠨ᠎ᠠ᠃      ︵ᠨᠠᠢᠮᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ