| ᠴᠢᠮᠡᠳᠳᠣᠷᠵᠢ᠂ ᠡᠷᠡᠭᠲᠡᠢ᠂ ᠮᠣᠩᠭᠤᠯ ᠦᠨᠳᠦᠰᠦᠲᠡᠨ᠂ 1924 ᠣᠨ ᠳᠤ ᠲᠦᠷᠦᠵᠠᠢ᠂ ᠪᠠᠭᠠᠷᠢᠨ ᠪᠠᠷᠠᠭᠤᠨ ᠬᠤᠰᠢᠭᠤᠨ ᠤ ᠱᠢᠪᠠᠷᠲᠠᠢ ᠶᠢᠨ ᠬᠦᠮᠦᠨ᠃ | 1946 ᠣᠨ ᠳᠤ ᠬᠤᠪᠢᠰᠬᠠᠯ ᠳᠤ ᠣᠷᠣᠯᠴᠠᠵᠦ᠂ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠳᠡᠭᠡᠳᠦ ᠰᠤᠷᠭᠠᠭᠤᠯᠢ ᠂ ᠥᠪᠥᠷ ᠮᠣᠩᠭᠤᠯ ᠤᠨ | ᠵᠡᠭᠦᠨ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠭᠡᠯᠲᠡᠰ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠭᠡᠮᠯᠢᠭ ᠤᠨ ᠥᠪᠥᠷ ᠮᠣᠩᠭᠤᠯ ᠤᠨ ᠬᠤᠪᠢᠶᠠᠷᠢ | ᠨᠠᠶᠢᠭᠡᠮᠯᠢᠭ ᠲᠤ ᠠᠵᠢᠯᠯᠠᠪᠠ᠃ ᠥᠪᠥᠷ ᠮᠣᠩᠭᠤᠯ ᠤᠨ ᠠᠯᠳᠠᠷᠲᠤ ᠵᠤᠬᠢᠶᠠᠯᠴᠢ᠂ ᠤᠳᠬ᠎ᠠ ᠤᠷᠠᠯᠢᠬᠴᠢ ᠪᠠᠶᠢᠵᠤ᠂ 1979 ᠣᠨ ᠤ 10 ᠰᠠᠷ᠎ᠠ ᠳᠤ ᠪᠦᠬᠦ | ᠤᠯᠤᠰ ᠤᠨ ᠲᠦᠷᠪᠡᠳᠦᠭᠡᠷ ᠤᠳᠠᠭᠠᠨ ᠤ ᠤᠳᠬ᠎ᠠ ᠤᠷᠠᠯᠢᠭ ᠤᠨ ᠠᠵᠢᠯᠲᠠᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠪᠠ᠃ ᠲᠡᠷᠡ ᠲᠠᠭᠤᠤ ︽ᠨᠠᠢᠮᠠᠨ | ᠵᠠᠮ ᠤᠨ ᠴᠡᠷᠢᠭ ᠰᠠᠶᠢᠨ︾᠂ ᠲᠣᠮᠣ ᠬᠡᠯᠪᠡᠷᠢᠲᠦ ᠲᠠᠭᠤᠯᠠᠯᠲᠦ ᠵᠦᠴᠦᠭᠡ ︽ᠦᠰᠢᠶ᠎ᠡ ᠠᠪᠤᠭᠰᠠᠨ ᠨᠢ︾᠂ ᠶᠠᠷᠢᠶᠠᠳᠦ ᠵᠦᠴᠦᠭᠡ ︽ᠮᠣᠩᠭᠤᠯ ᠮᠣᠷᠢ︾ ᠵᠡᠷᠭᠡ ᠶᠢ | ᠵᠣᠬᠢᠶᠡᠵᠦ᠂ ︽ᠵᠡᠭᠦᠨ ᠮᠣᠩᠭᠤᠯ ᠤᠨ ᠠᠷᠠᠳ ᠤᠨ ᠲᠠᠭᠤᠣ︾ ᠶᠢ ᠡᠮᠬᠢᠳᠭᠡᠨ ᠴᠤᠭᠯᠠᠭᠤᠯᠬᠤ ᠳᠤ ᠢᠳᠡᠪᠬᠢᠲᠠᠢ ᠣᠷᠣᠯᠴᠠᠪᠠ᠃ 1955 ᠣᠨ ᠳᠤ ︽ᠥᠪᠥᠷ | ᠮᠣᠩᠭᠤᠯ ᠤᠨ ᠤᠳᠬ᠎ᠠ ᠤᠷᠠᠯᠢᠭ︾᠂ ︽ᠥᠨᠢᠷ ᠴᠡᠴᠡᠭ︾ ︵ᠮᠣᠩᠭᠤᠯ︶ ᠤᠨ ᠨᠠᠶᠢᠷᠠᠭᠤᠯᠤᠭᠴᠢ ᠪᠠᠷ ᠠᠵᠢᠯᠯᠠᠵᠤ᠂ ᠰᠢᠯᠦᠭ ︽ᠲᠠᠯᠠᠨ ᠬᠠᠷ᠎ᠠ ᠶᠢᠨ ᠳᠠᠭᠤᠯᠠᠯ︾ | ᠂ ᠷᠤᠮᠠᠨ ︽ᠰᠢᠷ᠎ᠠ ᠮᠦᠷᠡᠨ ᠤ ᠲᠣᠯᠬᠢᠶᠠᠨ︾ ᠢ ᠵᠣᠬᠢᠶᠠᠨ ᠪᠦᠲᠦᠭᠡᠵᠡᠢ᠃ ᠲᠡᠷᠡ ᠪᠠᠰᠠ ︽ᠮᠠᠤ ᠵᠦᠰᠢ ᠶᠢᠨ ᠰᠢᠯᠦᠭ ᠳᠠᠭᠤᠯᠠᠯ︾ ︵ᠬᠡᠰᠡᠭ︶᠂ ︽ᠳ᠋ᠦᠡᠭ ᠪᠢ | ᠦ᠋ ᠶᠢᠨ ᠰᠢᠯᠦᠭ ᠳᠠᠭᠤᠯᠠᠯ︾᠂ ︽ᠯᠢᠨ ᠪᠦᠸᠧ ᠴᠢᠦᠢ ᠶᠢᠨ ᠰᠢᠯᠦᠭ ᠳᠠᠭᠤᠯᠠᠯ︾ ᠵᠡᠷᠭᠡ ᠲᠣᠮᠣ ᠪᠦᠲᠦᠭᠡᠯ ᠢ ᠣᠷᠴᠢᠭᠤᠯᠤᠭᠰᠠᠨ ᠪᠠᠶᠢᠨ᠎ᠡ᠃ 1980 ᠣᠨ ᠳᠤ | ᠡᠪᠡᠳᠴᠢᠨ ᠢᠶᠠᠷ ᠨᠠᠰᠤ ᠪᠠᠷᠠᠪᠠ᠂ ᠲᠤᠰ ᠵᠢᠯ ︽ᠴᠢᠮᠡᠳᠳᠣᠷᠵᠢ ᠶᠢᠨ ᠵᠣᠬᠢᠶᠠᠯ ᠤᠨ ᠰᠤᠩᠭᠤᠮᠠᠯ︾ ᠬᠡᠪᠯᠡᠭᠳᠡᠪᠡ᠃ | | | |