| ᠸᠠᠩ ᠳ᠋ᠠ ᠵᠢᠢ᠂ ᠡᠷᠡᠭᠲᠡᠢ᠂ ᠬᠢᠲᠡᠳ ᠦᠨᠳᠦᠰᠦᠲᠡᠨ᠂ ᠰᠧᠴᠤᠸᠠᠨ ᠮᠣᠵᠢ ᠶᠢᠨ ᠪᠠ ᠰᠢᠶᠠᠨ ᠤ ᠬᠦᠮᠦᠨ᠂ 1902 ᠣᠨ ᠳᠤ ᠲᠦᠷᠦᠵᠠᠢ᠃ 1933 | ᠣᠨ ᠳᠤ ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠲᠤ ᠣᠷᠣᠵᠦ᠂ ᠲᠥᠪ ᠤᠨ ᠤᠳᠤᠷᠢᠳᠬᠤ ᠪᠠᠶᠢᠭᠤᠯᠭ᠎ᠠ ᠶᠢᠨ ᠬᠠᠮᠠᠭᠠᠯᠠᠭᠴᠢ ᠪᠠᠶᠢᠪᠠ᠃ | ᠲᠡᠷᠡ ᠮᠠᠤ ᠲᠡᠷᠢᠭᠦᠯᠡᠭᠴᠢ ᠪᠤᠯᠤᠨ ᠲᠥᠪ ᠤᠨ ᠪᠣᠰᠣᠳ ᠤᠳᠤᠷᠢᠳᠤᠯᠭ᠎ᠠ ᠳᠤ 8 ᠵᠢᠯ ᠬᠠᠷᠠᠭᠤᠯ ᠵᠣᠭᠰᠣᠵᠤ᠂ 1947 ᠣᠨ ᠳᠤ ᠵᠢᠢ ᠴᠠ ᠿᠧ ᠯᠢᠶᠣᠣ ᠶᠢᠨ | ᠲᠥᠪ ᠤᠨ ᠬᠤᠪᠢᠶᠠᠷᠢ ᠲᠣᠪᠴᠢᠶ᠎ᠠ ᠶᠢᠨ ᠨᠦᠬᠦᠪᠦᠷᠢ ᠳ᠋ᠢᠸᠢᠽᠢ ᠳᠤ ᠭᠤᠷᠪᠠᠳᠤᠭᠠᠷ ᠰᠠᠯᠠᠭ᠎ᠠ ᠶᠢᠨ ᠲᠠᠷᠤᠭ᠎ᠠ ᠪᠠᠷ ᠲᠣᠮᠢᠯᠠᠭᠳᠠᠪᠠ᠃ 1948 ᠣᠨ ᠳᠤ | ᠴᠡᠷᠢᠭ ᠠᠴᠠ ᠪᠠᠨ ᠬᠠᠯᠠᠭᠳᠠᠵᠤ ᠬᠠᠷᠠᠴᠢᠨ ᠬᠤᠰᠢᠭᠤᠨ ᠳᠤ ᠪᠠᠨ ᠪᠣᠴᠠᠵᠦ᠂ ᠨᠠᠷᠢᠨ ᠤ ᠳ᠋ᠠ ᠰᠠᠨ ᠵᠢᠶᠠ ᠳᠤ ᠨᠤᠲᠤᠭᠰᠢᠵᠤ ᠲᠠᠷᠢᠶᠠᠴᠢᠨ ᠪᠣᠯᠪᠠ᠂ ᠰᠡᠭᠦᠯᠡᠷ ᠨᠢ | ᠸᠠᠩ ᠤᠨ ᠬᠤᠷᠤᠭ᠎ᠠ ᠶᠢᠨ ᠳ᠋ᠠ ᠢᠩᠽᠢ ᠳᠤ ᠨᠡᠭᠦᠪᠡ᠃ ᠸᠠᠩ ᠳ᠋ᠠ ᠵᠢᠢ ᠴᠡᠷᠢᠭ ᠠᠴᠠ ᠪᠠᠨ ᠬᠠᠯᠠᠭᠲᠠᠭᠰᠠᠨ ᠤ ᠪᠠᠨ ᠳᠠᠷᠠᠭ᠎ᠠ ᠢᠮᠠᠭᠲᠠ ᠠᠬᠠᠮᠠᠳ ᠤᠯᠠᠭᠠᠨ | ᠴᠡᠷᠢᠭ ᠤᠨ ᠬᠤᠪᠢᠰᠬᠠᠯᠲᠦ ᠤᠯᠠᠮᠵᠢᠯᠠᠯ ᠢᠶᠠᠨ ᠬᠠᠳᠠᠭᠠᠯᠠᠵᠤ᠂ ᠥᠪᠡᠷ ᠤᠨ ᠤᠯᠠᠭᠠᠨ ᠴᠡᠷᠢᠭ ᠪᠠᠶᠢᠭᠰᠠᠨ ᠢᠶᠠᠨ ᠶᠡᠷᠦ ᠨᠢ ᠵᠣᠬᠢᠶᠠᠨ ᠪᠠᠶᠢᠭᠤᠯᠤᠯᠲᠠ ᠳᠤ ᠶᠠᠷᠢᠵᠦ | ᠦᠩᠭᠡᠷᠡᠭᠰᠡᠨ ᠦᠭᠡᠢ ᠪᠦᠭᠡᠳ ᠵᠣᠬᠢᠶᠠᠨ ᠪᠠᠶᠢᠭᠤᠯᠤᠯᠲᠠ ᠶᠢᠨ ᠬᠠᠷᠠᠭᠠᠯᠵᠠᠯ ᠢ ᠬᠦᠰᠡᠳᠡᠭ ᠦᠭᠡᠢ᠃ 1964 ᠣᠨ ᠳᠤ ᠲᠡᠭᠡᠳᠦ ᠱᠠᠳᠤᠨ ᠤ ᠠᠷᠠᠳ ᠤᠨ | ᠶᠠᠪᠤᠳᠠᠯ ᠤᠨ ᠲᠤᠪᠴᠢᠶ᠎ᠡ ᠲᠡᠭᠦᠨ ᠤ ᠠᠬᠠᠮᠠᠳ ᠤᠯᠠᠭᠠᠨ ᠴᠡᠷᠢᠭ ᠪᠠᠶᠢᠭᠰᠠᠨ ᠢ ᠮᠡᠳᠡᠭᠡᠳ ᠬᠤᠰᠢᠭᠤᠨ ᠠᠴᠠ ᠰᠠᠶᠢ ᠤᠯᠠᠭᠠᠨ ᠴᠡᠷᠢᠭ ᠤᠨ ᠬᠠᠷᠠᠭᠠᠯᠵᠠᠯ ᠤᠨ ᠭᠠᠷ | ᠬᠦᠢᠴᠡᠳᠬᠡᠯ ᠭᠦᠢᠴᠡᠳᠬᠡᠵᠦ ᠦᠭᠭᠦᠭᠰᠡᠨ ᠪᠠᠶᠢᠨ᠎ᠡ᠃ 1976 ᠣᠨ ᠳᠤ ᠡᠪᠡᠳᠴᠢᠨ ᠢᠶᠠᠷ 75 ᠨᠠᠰᠤᠲᠠᠢ ᠨᠠᠰᠤ ᠪᠠᠷᠠᠪᠠ᠃ | | | |