ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/12/9
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠤᠯᠠᠭᠠᠨᠬᠠᠳᠠ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠤᠯᠠᠭᠠᠨᠬᠠᠳᠠ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ ᠤᠯᠠᠭᠠᠨᠬᠠᠳᠠ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠭᠠᠵᠠᠷ ᠤᠨ ᠲᠡᠰ᠂ ᠤᠯᠠᠭᠠᠨᠬᠠᠳᠠ ᠬᠤᠳᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ᠭᠤᠣᠯ ᠡᠭᠦᠷᠭᠡ ᠬᠠᠷᠢᠭᠤᠴᠠᠯᠭ᠎ᠠ᠄      ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠠᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠶ ᠪᠠᠶᠢᠬᠤ᠂ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃      ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠪᠣᠯᠤᠨ ᠡᠵᠡᠩᠨᠡᠯᠲᠡ ᠶᠢᠨ ᠠᠵᠢᠯᠯᠠᠭᠠᠨ ᠡᠷᠭᠢᠯᠡᠵᠦ ᠪᠠᠶᠢᠭ᠎ᠠ ᠨᠢᠭᠡᠴᠡ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠦᠷᠢᠳᠬᠡᠨ ᠳᠠᠩᠰᠠᠯᠠᠬᠤ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠎ᠠ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠡᠷᠬᠡ ᠲᠤᠰᠢᠶᠠᠯ ᠤᠨ ᠶᠣᠰᠣᠭᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠪᠤᠰᠤᠳ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠵᠥᠪᠰᠢᠶᠡᠷᠡᠯ ᠪᠤᠰᠤ ᠠᠵᠢᠯ ᠢ ᠬᠠᠷᠢᠭᠤᠴᠠᠨ᠎ᠠ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠨᠡᠶᠢᠯᠡᠭᠦᠯᠬᠦ ᠪᠠ ᠪᠥᠲᠥᠭᠡᠨ ᠪᠠᠶᠢᠭᠤᠯᠬᠤ ᠶᠢ ᠵᠢᠯᠣᠭᠤᠳᠴᠤ᠂ ᠨᠢᠭᠡᠳᠦᠯᠲᠡᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠨ ᠰᠢᠢᠳᠪᠦᠷᠢᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠳᠦᠷᠢᠮᠵᠢᠭᠦᠯᠦᠨ᠎ᠡ᠃      ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠨ᠎ᠠ᠃ ᠥᠷᠢᠰᠥᠯᠳᠦᠭᠡᠨ ᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠣᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ ᠢ ᠵᠢᠯᠣᠭᠤᠳᠤᠨ ᠬᠡᠷᠡᠭᠵᠢᠭᠦᠯᠦᠨ᠎ᠡ᠃ ᠨᠠᠶᠢᠳᠠᠯᠭ᠎ᠠ ᠶᠣᠰᠣᠭᠠᠷ ᠡᠵᠡᠩᠨᠡᠭᠴᠢ ᠶᠢᠨ ᠲᠥᠪᠯᠡᠷᠡᠭᠦᠯᠬᠦ ᠠᠵᠢᠯᠯᠠᠭᠠᠨ ᠳᠤ ᠮᠣᠨᠤᠫᠣᠯᠢ ᠶᠢ ᠡᠰᠡᠷᠭᠦᠴᠡᠬᠦ ᠬᠢᠨᠠᠨ ᠪᠠᠶᠢᠴᠠᠭᠠᠯᠲᠠ ᠬᠢᠵᠦ ᠂ ᠮᠣᠨᠤᠫᠣᠯᠢ ᠶᠢᠨ ᠬᠡᠯᠡᠯᠴᠡᠭᠡᠷ᠂ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ ᠪᠠ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠬᠡᠷᠡᠭᠯᠡᠨ ᠥᠷᠢᠰᠥᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠵᠢᠴᠢ ᠦᠨ᠎ᠡ ᠬᠠᠩᠰᠢ ᠶᠢᠨ ᠮᠣᠨᠤᠫᠣᠯᠢ ᠶᠢ ᠡᠰᠡᠷᠭᠦᠴᠡᠬᠦ ᠵᠡᠷᠭᠡ ᠮᠣᠨᠤᠫᠣᠯᠢ ᠶᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃      ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠥᠬᠦᠶ ᠦᠢᠯᠡᠴᠢᠯᠡᠭᠡᠨ ᠤ ᠠᠵᠢᠯᠯᠠᠭᠠᠨ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠯᠲᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠶ ᠪᠤᠰᠤ ᠪᠠᠷ ᠥᠷᠢᠰᠦᠯᠳᠦᠬᠦ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠢ ᠦᠢᠯᠡᠳᠦᠨ ᠪᠣᠷᠤᠯᠠᠭᠤᠯᠬᠤ ᠦᠢᠯᠡ ᠠᠵᠢᠯᠯᠠᠭᠠᠨ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠷ ᠤᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠤᠨ ᠠᠵᠢᠯᠯᠠᠭᠠᠨ ᠢ ᠬᠢᠨᠠᠨ ᠬᠠᠮᠢᠶᠠᠷᠤᠨ᠎ᠠ᠃ ᠦᠨᠡᠮᠯᠡᠯ ᠥᠬᠡᠶ ᠪᠠ ᠬᠠᠮᠢᠶ᠎ᠠ ᠪᠥᠬᠦᠶ ᠭᠡᠷᠡᠴᠢ ᠲᠡᠮᠳᠡᠭ ᠥᠬᠡᠶ ᠪᠠᠷ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭᠠᠨ ᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃ ᠤᠯᠠᠭᠠᠨᠬᠠᠳᠠ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃      ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠯᠠᠭᠠᠨᠬᠠᠳᠠ ᠬᠤᠲᠠ ᠶᠢᠨ ᠶᠠᠰᠤ ᠴᠢᠨᠠᠷ ᠤᠨ ᠬᠥᠭᠵᠢᠯᠲᠡ ᠶᠢᠨ ᠲᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠠᠷᠠᠲᠤ ᠲᠡᠮᠳᠡᠭ ᠤᠨ ᠬᠥᠭᠵᠢᠯᠲᠡ ᠶᠢᠨ ᠪᠠᠶᠢᠯᠳᠤᠬᠤ ᠪᠣᠳᠤᠯᠭ᠎ᠠ ᠶᠢ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠬᠦᠨᠳᠦ ᠶᠡᠭᠡ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ ᠲᠦᠷᠢᠮ ᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠵᠤ ᠬᠠᠮᠢᠶᠠᠷᠤᠨ᠎ᠠ᠃      ᠦᠢᠯᠡᠳᠬᠦᠨ ᠤ ᠶᠠᠰᠤ ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠲᠦᠭᠰᠢᠭᠦᠷᠢ ᠶᠢ ᠬᠢᠨᠠᠨ ᠡᠵᠡᠮᠳᠡᠬᠦ᠂ ᠰᠤᠭᠤᠴᠢᠨ ᠪᠠᠶᠢᠴᠠᠭᠠᠭᠰᠠᠨ ᠪᠠ ᠬᠢᠷᠢ ᠲᠡᠩᠴᠡᠭᠦ ᠦᠭᠡᠶ ᠦᠢᠯᠡᠳᠬᠦᠨ ᠢ ᠰᠢᠢᠳᠪᠦᠷᠢᠯᠡᠬᠦ ᠠᠵᠢᠯ ᠤᠨ ᠬᠢᠨᠠᠨ ᠪᠠᠶᠢᠴᠠᠭᠠᠯᠲᠠ ᠶᠢ ᠬᠠᠮᠢᠶᠠᠷᠤᠨ᠎ᠠ᠃ ᠦᠢᠯᠡᠳᠬᠦᠨ ᠤ ᠶᠠᠰᠤ ᠴᠢᠨᠠᠷ ᠢ ᠬᠥᠨᠳᠡᠯᠡᠨ ᠠᠴᠠ ᠲᠠᠰᠤᠯᠬᠤ ᠪᠠ ᠰᠢᠯᠭᠠᠨ ᠪᠠᠶᠢᠴᠠᠭᠠᠬᠤ᠂ ᠬᠢᠨᠠᠨ ᠲᠣᠭᠲᠠᠭᠠᠬᠤ ᠠᠵᠢᠯ ᠢ ᠬᠢᠨᠠᠵᠤ ᠬᠠᠮᠢᠶᠠᠷᠤᠨ᠎ᠠ᠃ ᠪᠥᠬᠦ ᠬᠤᠲᠠ ᠶᠢᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠲᠠᠰ ᠬᠤᠪᠢᠶᠠᠬᠤ ᠲᠦᠷᠢᠮ᠂ ᠶᠠᠰᠤ ᠴᠢᠨᠠᠷ ᠤᠨ ᠠᠮᠤᠷ ᠲᠦᠪᠰᠢᠨ ᠢ ᠨᠡᠬᠡᠮᠵᠢᠯᠡᠬᠦ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ ᠪᠣᠯᠤᠨ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠠ ᠭᠦᠸᠧᠯᠦ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ᠢᠳᠡᠭᠡᠨ ᠤ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ ᠂ ᠭᠦᠢᠯᠭᠡᠭᠡᠨ᠂ ᠬᠡᠷᠡᠭᠯᠡᠭᠡ ᠶᠢᠨ ᠪᠥᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠲᠦᠷᠢᠮ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠦᠢᠯᠡᠳᠪᠦᠷᠢᠯᠡᠬᠦ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠨᠡᠬᠡᠮᠵᠢᠯᠡᠬᠦ ᠰᠢᠰᠲ᠋ᠧᠮ ᠢ ᠪᠦᠷᠢᠨᠰᠢᠬᠦᠯᠦᠨ᠎ᠠ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ᠂ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠦᠭᠰᠢᠭᠦᠷᠢ ᠶᠢ ᠬᠢᠨᠠᠨ ᠪᠠᠶᠢᠴᠠᠭᠠᠬᠤ ᠬᠠᠮᠢᠶ᠎ᠠ ᠪᠥᠬᠦᠶ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠎ᠠ ᠃ ᠢᠳᠡᠰᠢᠨ ᠤ ᠳᠠᠪᠤᠰᠤ᠂ ᠠᠷᠢᠬᠢᠨ ᠤ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠡᠷᠡᠭᠦᠯᠵᠢᠯ ᠤᠨ ᠢᠳᠡᠭᠡᠨ᠂ ᠣᠨᠴᠣᠭᠤᠶ ᠠᠨᠠᠭᠠᠬᠤ ᠤᠬᠠᠭᠠᠨ ᠤ ᠬᠡᠷᠡᠭᠴᠡᠭᠡᠨ ᠤ ᠨᠠᠶᠢᠷᠠᠯᠭ᠎ᠠ ᠲᠠᠢ ᠢᠳᠡᠭᠡᠨ ᠵᠢᠴᠢ ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠴᠠᠭᠠᠨ ᠢᠳᠡᠭᠡᠨ ᠵᠡᠷᠭᠡ ᠣᠨᠴᠣᠭᠤᠶ ᠢᠳᠡᠭᠡᠨ ᠢ ᠳᠠᠩᠰᠠᠯᠠᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃      ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠲᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠡᠮ ᠤᠨ ᠵᠦᠢᠯ ᠪᠣᠯᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠪᠠᠷᠢᠮᠵᠢᠶ᠎ᠠ᠂ ᠲᠥᠷᠥᠯ ᠬᠤᠪᠢᠶᠠᠨ ᠬᠠᠮᠢᠶᠠᠷᠬᠤ ᠲᠥᠷᠢᠮ᠂ ᠤᠯᠤᠰ ᠤᠨ ᠰᠠᠭᠤᠷᠢ ᠡᠮ ᠤᠨ ᠲᠥᠷᠢᠮ ᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠢᠲᠠᠳ ᠡᠮ᠂ ᠦᠨᠳᠦᠰᠦᠲᠡᠨ ᠤ ᠡᠮ ᠢ ᠨᠣᠮᠣᠬᠠᠳᠬᠠᠬᠤ ᠵᠢᠷᠤᠮᠵᠢᠯ ᠪᠠ ᠲᠦᠷᠦᠯ ᠵᠦᠢᠯ ᠢ ᠬᠠᠮᠠᠭᠠᠯᠠᠬᠤ ᠳᠦᠷᠢᠮ ᠢ ᠬᠠᠤᠯᠢ ᠶᠣᠰᠣᠭᠠᠷ ᠬᠡᠷᠡᠭᠵᠢᠭᠦᠯᠦᠨ᠎ᠡ᠃ ᠡᠮ ᠤᠨ ᠵᠦᠢᠯ᠂ ᠵᠠᠰᠠᠯ ᠴᠢᠮᠡᠭ ᠤᠨ ᠡᠳ᠋ ᠤᠨ ᠮᠠᠭᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠢᠨᠠᠨ ᠪᠠᠶᠢᠴᠠᠭᠠᠬᠤ᠂ ᠦᠨᠡᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮ ᠤᠨ ᠵᠦᠢᠯ᠂ ᠵᠠᠰᠠᠯ ᠴᠢᠮᠡᠭ ᠤᠨ ᠡᠳ᠋ ᠪᠣᠯᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠠᠶᠤᠯᠭᠦᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃      ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ ᠬᠠᠷᠢᠭᠤᠴᠠᠬᠤ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠬᠤ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠬᠦ ᠶᠢ ᠠᠬᠢᠭᠤᠯᠤᠨ᠎ᠠ᠃ ᠢᠳᠡᠭᠡᠨ ᠤ ᠠᠮᠤᠷ ᠲᠥᠪᠰᠢᠨ ᠤ ᠴᠢᠬᠤᠯᠠ ᠶᠡᠭᠡ ᠲᠥᠷᠥ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠥᠪᠰᠢᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠥᠪᠰᠢᠨ ᠤ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ ᠢᠳᠡᠭᠡᠨ ᠤ ᠠᠮᠤᠷ ᠲᠥᠪᠰᠢᠨ ᠤ ᠤᠬᠠᠭᠤᠯᠭ᠎ᠠ᠂ ᠪᠣᠯᠪᠠᠰᠤᠷᠠᠯ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠶᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭᠠᠨ ᠢ ᠵᠢᠷᠤᠮᠵᠢᠭᠤᠯᠵᠤ᠂ ᠬᠢᠨᠠᠯᠲᠠ ᠲᠠᠯᠪᠢᠨ᠎ᠠ᠃      ᠪᠥᠬᠦ ᠬᠤᠲᠠ ᠶᠢᠨ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠣᠷᠣᠨ ᠨᠤᠲᠤᠭ ᠤᠨ ᠪᠠᠷᠢᠮᠵᠢᠶ᠎ᠠ ᠶᠢᠨ ᠰᠡᠳᠦᠪ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠬᠠᠤᠯᠢ ᠶᠣᠰᠣᠭᠠᠷ ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃      ᠰᠢᠯᠭᠠᠨ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠰᠢᠯᠭᠠᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠰᠢᠯᠭᠠᠨ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠤᠨ᠂ ᠰᠢᠯᠭᠠᠨ ᠪᠠᠶᠢᠴᠠᠭᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠯᠭᠠᠨ ᠪᠠᠶᠢᠴᠠᠭᠠᠨ ᠬᠡᠮᠵᠢᠬᠦ ᠠᠵᠢᠯ ᠲᠦᠷᠦᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃      ᠪᠥᠬᠦ ᠬᠤᠲᠠ ᠶᠢᠨ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠶ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠡᠷᠡᠴᠢᠯᠡᠵᠦ ᠵᠥᠪᠰᠢᠶᠡᠷᠡᠬᠦ ᠪᠠ ᠬᠢᠷᠢ ᠲᠡᠩᠴᠡᠬᠦ ᠶᠢ ᠦᠨᠡᠯᠡᠨ ᠲᠣᠭᠲᠠᠭᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃      ᠪᠥᠬᠦ ᠬᠤᠲᠠ ᠶᠢᠨ ᠲᠠᠸᠠᠷ ᠤᠨ ᠲᠡᠮᠳᠡᠭ᠂ ᠲᠤᠰᠬᠠᠶ ᠠᠰᠢᠭ᠂ ᠣᠬ ᠭᠠᠷᠤᠯᠲᠠ ᠶᠢᠨ ᠭᠠᠵᠠᠷ ᠤᠨ ᠭᠠᠵᠠᠷ ᠵᠦᠶ ᠶᠢᠨ ᠲᠡᠮᠳᠡᠭ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠬᠦ᠂ ᠬᠡᠷᠡᠭᠯᠡᠬᠦ᠂ ᠬᠠᠮᠠᠭᠠᠯᠠᠬᠤ ᠂ ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠤᠯᠠᠭᠠᠨᠬᠠᠳᠠ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠪᠢᠴᠢᠵᠦ᠂ ᠮᠡᠳᠡᠯᠭᠡ ᠶᠢᠨ ᠪᠥᠲᠦᠭᠡᠭᠳᠡᠭᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠥᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠪᠢᠷᠠᠭᠤᠯᠬᠤ ᠴᠢᠬᠤᠯᠠ ᠶᠡᠭᠡ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠵᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠢ ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠦᠷᠢᠴᠡᠭᠰᠡᠨ ᠠᠵᠢᠯᠯᠠᠭᠠᠨ ᠢ ᠬᠠᠤᠯᠢ ᠶᠣᠰᠤᠭᠠᠷ ᠪᠠᠶᠢᠴᠠᠭᠠᠨ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠳᠠᠭᠠᠳᠤ ᠳᠤ ᠬᠤᠯᠪᠣᠭᠳᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃      ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ