2022 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ( ᠨᠢᠭᠡ)
ᠨᠡᠶᠢᠲᠡᠯᠡᠭᠰᠡᠨ ᠴᠠᠭ᠄
2022/2/18

2022 ᠣᠨ ᠤ 2 ᠰᠠᠷ᠎ᠠ ᠶᠢᠨ 11᠎ ᠤ ᠡᠳᠦᠷ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ

                                           ᠬᠤᠲᠠ ᠶᠢᠨ ᠳᠠᠷᠤᠭ᠎ᠠ   ᠸᠠᠩ ᠸᠠᠩ ᠱᠧᠩ

ᠲᠥᠯᠦᠭᠡᠯᠡᠭᠴᠢᠳ ᠡ᠄

      ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ

᠂ ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠤᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃

      ᠨᠢᠭᠡ᠂ ᠬᠤᠳᠠ ᠶᠢᠨ ᠳᠣᠯᠣᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ 

      ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠨᠠᠰᠢ᠂ ᠨᠠᠷᠢᠨ

ᠪᠤᠳᠤᠯᠢᠶᠠᠨᠲᠠᠶ ᠳᠡᠯᠡᠬᠡᠶ ᠶᠢᠨ ᠪᠠᠶᠢᠳᠠᠯ ᠪᠣᠯᠤᠨ ᠬᠠᠲᠠᠭᠤ ᠪᠡᠷᠬᠡ ᠲᠠᠢ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠶᠢ ᠲᠣᠭᠲᠠᠭᠤᠨ ᠪᠠᠶᠢᠯᠭᠠᠬᠤ

ᠡᠭᠦᠷᠭᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠲᠥᠪ ᠬᠤᠷᠢᠶ᠎ᠠ᠂

ᠲᠥᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ

ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠲᠣᠭᠲᠠᠭᠤᠨ ᠮᠥᠷᠲᠡᠭᠡᠨ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠠᠶᠢᠵᠢᠮ ᠢ ᠪᠠᠷᠢᠮᠲᠠᠯᠠᠵᠤ

᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ᠂ ᠰᠢᠨ᠎ᠡ ᠲᠢᠲᠢᠮᠯᠢᠭ ᠠᠭᠤᠰᠬᠢᠨ

ᠦᠷᠪᠢᠰᠦᠯ ᠤᠨ ᠬᠢᠵᠢᠭ ᠤᠨ ᠨᠥᠯᠥᠭᠡ ᠪᠠ ᠳᠠᠭᠠᠷᠢᠯᠲᠠ ᠶᠢ ᠢᠳᠡᠪᠬᠢᠲᠡᠶ ᠠᠷᠭᠠᠴᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ

ᠲᠡᠭᠦᠰ ᠠᠮᠵᠢᠯᠲᠠ ᠲᠠᠢ ᠲᠡᠭᠦᠰᠬᠡᠬᠦ ᠶᠢ ᠪᠥᠬᠦ ᠬᠦᠴᠦᠨ ᠢᠶᠠᠷ ᠠᠬᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠤᠷᠤᠭᠰᠢᠲᠠᠶ

ᠬᠡᠷᠡᠭᠵᠢᠭᠦᠯᠵᠦ᠂ ᠤᠯᠠᠭᠠᠨᠬᠠᠳᠠ ᠶᠢᠨ ᠴᠢᠨᠠᠷ ᠰᠠᠶᠢᠲᠠᠶ ᠬᠥᠭᠵᠢᠯᠲᠡ ᠨᠢ ᠯᠠᠪᠳᠠᠭᠤᠨ ᠪᠠᠲᠤᠲᠠᠶ ᠪᠠᠷ ᠣᠷᠤᠭᠰᠢ ᠳᠠᠪᠰᠢᠪᠠ᠃ 

      ᠪᠢᠳᠡᠨ ᠢ ᠬᠠᠮᠤᠭ ᠠᠴᠠ ᠵᠣᠷᠢᠭᠵᠢᠭᠤᠯᠤᠭᠰᠠᠨ ᠶᠠᠪᠤᠳᠠᠯ ᠭᠡᠪᠡᠯ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠳᠣᠲᠣᠨᠣ ᠬᠠᠯᠠᠮᠵᠢᠯᠠᠯ ᠢ

ᠡᠪᠦᠷᠯᠡᠨ ᠤᠯᠠᠭᠠᠨᠬᠠᠳᠠ ᠳᠤ ᠪᠡᠶ᠎ᠡ ᠪᠠᠷ ᠢᠶᠠᠨ ᠢᠷᠡᠵᠦ ᠰᠢᠨᠵᠢᠯᠡᠨ ᠪᠠᠶᠢᠴᠠᠭᠠᠵᠤ᠂ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠳᠤ ᠠᠶᠠᠯᠠᠯ ᠤᠨ ᠴᠢᠭᠯᠡᠯ ᠢ

ᠵᠢᠭᠠᠵᠤ ᠥᠭᠭᠦᠭᠰᠡᠨ ᠳᠤ ᠯᠤᠤᠲᠤ ᠨᠤᠲᠤᠭ ᠤᠨ ᠬᠥᠪᠡᠭᠦᠳ ᠥᠬᠢᠳ ᠶᠡᠬᠡᠳᠡ ᠵᠣᠷᠢᠭᠵᠢᠨ᠂ ᠡᠷᠡᠯᠬᠡᠭᠯᠡᠨ ᠤᠷᠤᠭᠰᠢᠯᠠᠵᠤ᠂ ᠤᠯᠠᠭᠠᠨᠬᠠᠳᠠ ᠶᠢᠨ ᠥᠭᠡᠷᠡᠴᠢᠯᠡᠯᠲᠡ

ᠬᠥᠭᠵᠢᠯᠲᠡ ᠶᠢᠨ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠤᠭᠰᠠᠨ ᠪᠠᠶᠢᠨ᠎ᠠ︕

      ᠪᠢᠳᠡᠨ ᠢ ᠬᠠᠮᠤᠭ ᠠᠴᠠ ᠣᠮᠣᠭᠰᠢᠭᠤᠯᠤᠭᠰᠠᠨ ᠶᠠᠪᠤᠳᠠᠯ ᠭᠡᠪᠡᠯ᠂ ᠪᠦᠬᠦ ᠣᠷᠣᠨ ᠤ ᠭᠤᠷᠪᠠᠨ ᠤ ᠨᠢᠭᠡ ᠶᠢ ᠡᠵᠡᠯᠡᠬᠦ ᠶᠠᠳᠠᠭᠤ ᠬᠦᠴᠢᠷᠳᠡᠯᠲᠡᠢ ᠬᠥᠮᠦᠨ

ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠳᠠᠪᠰᠢᠭᠰᠠᠨ ᠪᠠᠶᠢᠨ᠎ᠠ᠃ ᠤᠯᠠᠭᠠᠨᠬᠠᠳᠠ ᠶᠢᠨ

ᠬᠥᠮᠦᠰ ᠤᠨ ᠳᠡᠭᠡᠳᠦ ᠬᠤᠷᠳᠤᠴᠠᠲᠤ ᠲᠡᠮᠦᠷ ᠵᠠᠮ ᠲᠠᠢ ᠪᠣᠯᠬᠤ ᠬᠦᠰᠡᠯ ᠢ ᠪᠡᠶᠡᠯᠡᠭᠦᠯᠦᠨ᠂ ᠤᠯᠤᠰ ᠤᠨ ᠴᠡᠴᠡᠷᠯᠢᠭᠵᠢᠭᠰᠡᠨ ᠬᠤᠳᠠ ᠶᠢ ᠪᠠᠶᠢᠭᠤᠯᠵᠤ᠂ 26 ᠵᠢᠯ

ᠳᠠᠷᠠᠭᠠᠯᠠᠨ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠴᠣᠯᠠ ᠶᠢ ᠪᠠᠲᠤᠯᠠᠨ᠂ ᠶᠢᠰᠦᠨ ᠵᠢᠯ ᠳᠠᠷᠠᠭᠠᠯᠠᠨ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ

ᠬᠤᠳᠠ ᠪᠠᠷ ᠨᠡᠷᠡᠶᠢᠳᠦᠭᠳᠡᠪᠡ᠃ ᠤᠯᠠᠭᠠᠨᠬᠠᠳᠠ ᠶᠢᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ

ᠲᠦᠷᠦᠭᠳᠡᠯ ᠶᠡᠭᠡ ᠬᠡᠮᠵᠢᠶ᠎ᠡ ᠪᠠᠷ ᠳᠡᠭᠡᠭᠰᠢᠯᠡᠭᠰᠡᠨ ᠪᠠᠶᠢᠨ᠎ᠠ︕

      ᠪᠢᠳᠡᠨ ᠢ ᠬᠠᠮᠤᠭ ᠠᠴᠠ ᠳᠣᠭᠳᠣᠯᠤᠭᠤᠯᠤᠭᠰᠠᠨ ᠶᠠᠪᠤᠳᠠᠯ ᠭᠡᠪᠡᠯ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ

ᠪᠠᠶᠢᠳᠠᠯ ᠤᠨ ᠡᠮᠦᠨ᠎ᠡ᠂ ᠪᠦᠬᠦ ᠬᠤᠳᠠ ᠪᠠᠷ ᠢᠶᠠᠨ ᠬᠥᠳᠡᠯᠦᠯᠴᠡᠨ᠂ ᠢᠯᠠᠩᠭᠤᠶ᠎ᠠ ᠥᠷᠭᠡᠨ ᠤᠯᠠᠨ ᠡᠮᠨᠡᠯᠭᠡ ᠶᠢᠨ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ

ᠴᠠᠭᠳᠠᠭ᠎ᠠ᠂ ᠨᠡᠶᠢᠭᠡᠮ ᠤᠨ ᠰᠠᠶᠢᠨ ᠳᠤᠷᠠᠴᠤᠳ ᠵᠡᠷᠭᠡ ᠡᠯ᠎ᠡ ᠡᠲᠡᠭᠡᠳ ᠤᠨ ᠬᠥᠮᠦᠰ ᠬᠠᠷᠠᠮ ᠦᠭᠡᠢ ᠵᠢᠳᠬᠦᠵᠦ᠂ ᠪᠦᠬᠦ ᠬᠦᠴᠦᠨ ᠢᠶᠠᠷ ᠢᠶᠠᠨ ᠦᠬᠠᠨ᠂ ᠵᠢᠩᠮᠧᠨ᠂

ᠮᠠᠨᠵᠤᠤᠷ᠂ ᠡᠵᠡᠨ᠎ᠡ ᠶᠢ ᠲᠤᠰᠠᠯᠠᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠮᠠᠭᠲᠠᠭᠠᠯ ᠳᠠᠭᠤᠤ ᠶᠢ ᠪᠢᠴᠢᠭᠯᠡᠵᠦ᠂ ᠰᠢᠨ᠎ᠡ ᠴᠠᠭ ᠦᠶ᠎ᠡ ᠶᠢᠨ

ᠤᠯᠠᠭᠠᠨᠬᠠᠳᠠ ᠶᠢᠨ ᠵᠣᠷᠢᠭ ᠰᠠᠨᠠᠭ᠎ᠠ᠂ ᠤᠯᠠᠭᠠᠨᠬᠠᠳᠠ ᠶᠢᠨ ᠬᠦᠴᠦᠨ᠂ ᠤᠯᠠᠭᠠᠨᠬᠠᠳᠠ ᠶᠢᠨ ᠬᠠᠷᠢᠭᠤᠴᠠᠯᠭ᠎ᠠ ᠶᠢ ᠢᠯᠡᠷᠡᠭᠦᠯᠦᠭᠰᠡᠨ ᠪᠠᠶᠢᠨ᠎ᠠ︕

      ᠲᠥᠯᠥᠭᠡᠯᠡᠭᠴᠢᠳ ᠡ᠂ ᠪᠥᠬᠦ ᠬᠤᠲᠠ ᠶᠢᠨ ᠠᠵᠤ ᠠᠬᠤᠶ ᠨᠡᠶᠢᠭᠡᠮ ᠨᠢ ᠪᠠᠶᠢᠳᠠᠯ ᠪᠤᠳᠤᠯᠢᠶᠠᠨᠲᠠᠶ᠂ ᠬᠦᠴᠢᠷᠳᠡᠯ ᠳᠠᠪᠬᠤᠴᠠᠭᠰᠠᠨ ᠠᠬᠤᠶ ᠪᠠᠶᠢᠳᠠᠯ ᠤᠨ

ᠳᠣᠤᠷ᠎ᠠ᠂ ᠴᠢᠨᠠᠷ ᠰᠠᠶᠢᠲᠠᠶ ᠬᠥᠭᠵᠢᠯᠲᠡ ᠶᠢ ᠭᠤᠶᠢᠪᠢᠰᠢ ᠥᠬᠡᠶ ᠪᠠᠷᠢᠮᠲᠠᠯᠠᠨ᠂ ᠡᠯ᠎ᠡ ᠠᠵᠢᠯ ᠦᠢᠯᠡᠰ ᠴᠥᠮ ᠰᠢᠨ᠎ᠡ ᠳᠠᠪᠰᠢᠯᠲᠠ ᠲᠠᠢ ᠪᠣᠯᠤᠭᠰᠠᠨ ᠪᠠᠶᠢᠨ᠎ᠠ᠃

      — ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ᠃ ᠣᠷᠣᠨ ᠨᠤᠲᠤᠭ ᠤᠨ ᠦᠢᠯᠡᠳᠪᠦᠷᠢᠯᠡᠯ ᠤᠨ ᠪᠥᠬᠦ ᠥᠷᠲᠡᠭ 1975.1

ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 4.7%᠎ ᠪᠠᠷ ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 126.

8 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 5.4%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ

ᠬᠤᠳᠠᠯᠳᠤᠭᠰᠠᠨ ᠶᠡᠷᠦᠩᠬᠡᠶ ᠲᠤᠭ᠎ᠠ 612.5 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 3.4%᠎ ᠪᠠᠷ ᠨᠡᠮᠡᠭᠳᠡᠪᠡ᠃ ᠬᠤᠲᠠ

ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠡᠭᠰᠢᠳᠬᠡᠭᠰᠡᠨ ᠵᠠᠷᠤᠴᠠᠭᠤᠯᠵᠤ ᠪᠣᠯᠬᠤ ᠣᠷᠣᠯᠭ᠎ᠠ ᠲᠤᠰᠪᠤᠷᠢ 37468 ᠲᠥᠭᠦᠷᠢᠭ ᠪᠠ 15279

ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 6% ᠪᠠ 10.2%᠎ ᠢᠶᠠᠷ ᠨᠡᠮᠡᠭᠳᠡᠵᠦ᠂ ᠢᠮᠠᠭᠲᠠ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ

ᠥᠷᠲᠡᠭ ᠤᠨ ᠨᠡᠮᠡᠭᠳᠡᠯ ᠠᠴᠠ ᠥᠨᠳᠦᠷ ᠪᠠᠶᠢᠪᠠ᠃ ᠪᠥᠬᠦ ᠬᠤᠲᠠ ᠶᠢᠨ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠥᠪᠥᠷ ᠮᠣᠩᠭᠤᠯ ᠤᠨ ᠵᠡᠭᠦᠨ

ᠬᠡᠰᠡᠭ ᠤᠨ ᠭᠠᠵᠠᠷ ᠣᠷᠣᠨ ᠤ ᠲᠡᠷᠢᠭᠦᠨ ᠳᠤ ᠣᠷᠣᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠨᠳᠤᠰᠢ ᠤᠯᠠᠮ ᠠᠴᠠ ᠤᠯᠠᠮ ᠰᠠᠶᠢᠵᠢᠷᠠᠪᠠ᠃

      — ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠃ ᠨᠡᠶᠢᠲᠡ 132.2 ᠳ᠋ᠦᠩᠰᠢᠭᠤᠷ ᠲᠥᠭᠦᠷᠢᠭ ᠤᠨ

ᠪᠠᠯᠠ ᠮᠥᠩᠭᠦ ᠣᠷᠣᠭᠤᠯᠵᠤ᠂ ᠪᠦᠬᠦ ᠬᠤᠲᠠ ᠶᠢᠨ ᠳᠡᠩᠰᠡᠯᠡᠨ ᠺᠠᠷᠲᠯᠠᠭᠰᠠᠨ 46.86 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠴᠥᠮ ᠲᠣᠭᠲᠠᠭᠤᠨ ᠢᠶᠠᠷ

ᠶᠠᠳᠠᠭᠤ ᠠᠴᠠ ᠠᠩᠭᠢᠵᠢᠷᠠᠵᠤ᠂ ᠤᠯᠠᠭᠠᠨᠬᠠᠳᠠ ᠬᠤᠲᠠ ᠨᠢ ᠳᠤᠮᠳᠠ ᠪᠠ ᠪᠠᠷᠠᠭᠤᠨ ᠬᠡᠰᠡᠭ ᠤᠨ ᠮᠤᠵᠢ ᠣᠷᠣᠨ ᠤ ᠴᠣᠷ ᠤᠨ ᠭᠠᠭᠴᠠ ᠤᠯᠤᠰ ᠤᠨ ᠶᠠᠳᠠᠭᠤ ᠶᠢ

ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠪᠣᠯᠪᠠ᠃ ᠭᠤᠣᠯ ᠬᠤᠲᠠ ᠶᠢᠨ ᠣᠷᠴᠢᠨ ᠲᠣᠭᠤᠷᠢᠨ ᠤ ᠠᠭᠠᠷ ᠮᠠᠨᠳᠤᠯ ᠤᠨ ᠶᠠᠰᠤ ᠴᠢᠨᠠᠷ ᠵᠢᠯ

ᠳᠠᠷᠠᠭᠠᠯᠠᠨ ᠰᠠᠶᠢᠵᠢᠷᠠᠵᠤ᠂ ᠰᠢᠯᠢᠳᠡᠭ ᠨᠤᠷᠮ᠎ᠠ ᠨᠢ 95%᠎ ᠠᠴᠠ ᠳᠡᠭᠡᠭᠰᠢ ᠬᠥᠷᠪᠡ᠃ ᠤᠯᠤᠰ ᠤᠨ ᠪᠠᠷᠢᠮᠵᠢᠶ᠎ᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠤᠨ

ᠰᠢᠯᠢᠳᠡᠭ ᠨᠣᠷᠮ᠎ᠠ 79.2%᠎ ᠲᠤ ᠬᠦᠷᠴᠦ᠂ ᠬᠤᠲᠠ ᠶᠢᠨ ᠢᠳᠡᠬᠦ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠤᠨ ᠰᠢᠯᠢᠳᠡᠭ ᠨᠣᠷᠮ᠎ᠠ 100%᠎ ᠶᠢ

ᠪᠠᠲᠤᠯᠠᠪᠠ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠦᠲᠦᠮᠵᠢᠲᠡᠶ ᠪᠠᠷ ᠬᠢᠵᠠᠭᠠᠷᠯᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠶᠡᠷᠦᠩᠬᠡᠶ ᠳᠡᠭᠡᠨ

ᠲᠣᠭᠲᠠᠭᠤᠨ ᠪᠠᠶᠢᠯᠭᠠᠪᠠ᠃ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠠᠷᠢᠯᠭᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠮᠥᠩᠭᠦᠨ ᠭᠦᠢᠯᠭᠡᠭᠡᠨ ᠤ

ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ 1.69% ᠪᠣᠯᠲᠠᠯ᠎ᠠ ᠪᠠᠭᠤᠷᠠᠭᠤᠯᠵᠤ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ

ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠪᠠ᠃

      — ᠠᠵᠤ ᠦᠢᠯᠡᠰ ᠤᠨ ᠪᠦᠲᠦᠴᠡ ᠲᠠᠰᠤᠷᠠᠯᠳᠠ ᠦᠭᠡᠢ ᠰᠢᠯᠢᠳᠡᠭᠵᠢᠪᠡ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠲᠣᠭᠲᠠᠭᠤᠨ ᠮᠥᠷᠲᠡᠭᠡᠨ

ᠰᠢᠯᠢᠳᠡᠭᠵᠢᠵᠦ᠂ ᠠᠮᠤ ᠪᠤᠳᠠᠭᠠᠨ ᠤ ᠤᠨᠠᠯᠲᠠ ᠠᠷᠪᠠᠨ ᠵᠢᠯ ᠳᠠᠷᠠᠭᠠᠯᠠᠨ ᠵᠠᠭᠤᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠂ ᠲᠥᠬᠦᠭᠡᠷᠥᠮᠵᠢᠲᠦ

ᠲᠠᠷᠢᠶᠠᠯᠠᠩ ᠤᠨ ᠲᠠᠯᠠᠪᠠᠶ ᠨᠢ ᠥᠪᠡᠷᠲᠡᠭᠡᠨ ᠵᠠᠰᠠᠬᠤ ᠣᠷᠣᠨ ᠳᠤ ᠲᠡᠷᠢᠭᠦᠯᠡᠵᠦ᠂ ᠴᠢᠨᠠᠷ ᠰᠠᠶᠢᠲᠠᠶ ᠠᠯᠠᠰᠢᠨ ᠦᠬᠡᠷ ᠤᠨ ᠲᠤᠭ᠎ᠠ ᠲᠣᠯᠤᠭᠠᠢ 270 ᠲᠦᠮᠡ ᠬᠦᠷᠴᠦ᠂

ᠪᠥᠬᠦ ᠬᠤᠲᠠ ᠳᠤ ᠪᠣᠬᠢᠷᠲᠤᠯ ᠥᠬᠡᠶ᠂ ᠣᠷᠭᠠᠨᠢᠭ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ 276 ᠰᠢᠨ᠎ᠡ ᠪᠠᠷ ᠨᠡᠮᠡᠭᠳᠡᠵᠦ᠂ ︽

ᠤᠯᠠᠭᠠᠨᠬᠠᠳᠠ ᠶᠢᠨ ᠨᠠᠷᠢᠮᠤ︾ ᠭᠤᠷᠪᠠᠨ ᠵᠢᠯ ᠳᠠᠷᠠᠭᠠᠯᠠᠨ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭ ᠤᠨ ᠵᠢᠭᠰᠠᠭᠠᠯᠲᠠ ᠳᠤ ᠰᠣᠩᠭᠤᠭᠳᠠᠪᠠ᠃ ᠠᠵᠤ

ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠲᠦᠷᠭᠡᠳᠴᠦ᠂ ᠲᠡᠮᠦᠷᠯᠢᠭ ᠬᠠᠶᠢᠯᠤᠭᠤᠯᠬᠤ᠂ ᠡᠨᠧᠷᠭᠢ᠂ ᠬᠢᠮᠢ ᠶᠢᠨ ᠠᠵᠤ ᠦᠢᠯᠡᠳᠪᠦᠷᠢ ᠵᠡᠷᠭᠡ

ᠤᠯᠠᠮᠵᠢᠯᠠᠯᠲᠤ ᠠᠵᠤ ᠦᠢᠯᠡᠰ ᠠᠮᠢᠵᠢᠷᠠᠯ ᠤᠨ ᠬᠦᠴᠦᠨ ᠲᠠᠢ ᠪᠣᠯᠵᠣ᠂ ᠴᠠᠬᠢᠮ ᠮᠡᠳᠡᠭᠡ ᠵᠠᠩᠭᠢ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠡᠮ ᠡᠮᠨᠡᠯᠭᠡ ᠵᠡᠷᠭᠡ

ᠰᠢᠨ᠎ᠡ ᠪᠠᠷ ᠮᠠᠨᠳᠤᠭᠰᠠᠨ ᠠᠵᠤ ᠦᠢᠯᠡᠰ ᠲᠠᠰᠤᠷᠠᠯᠲᠠ ᠥᠬᠡᠶ ᠪᠤᠵᠠᠭᠠᠶᠢᠷᠠᠨ᠂ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠤᠩᠭᠢᠯ ᠤᠨ ᠴᠤᠭᠯᠠᠷᠠᠯ ᠤᠨ

ᠦᠢᠯᠡᠳᠦᠯ ᠪᠠ ᠨᠥᠯᠥᠭᠡᠯᠡᠨ ᠳᠠᠶᠢᠴᠢᠯᠠᠬᠤ ᠴᠢᠳᠠᠪᠤᠷᠢ ᠢᠯᠡᠳᠲᠡ ᠴᠢᠩᠭᠠᠷᠠᠪᠠ᠃ ᠦᠢᠯᠡᠴᠢᠯᠡᠭᠡᠨ ᠤ ᠦᠢᠯᠡᠰ ᠤᠨ ᠲᠤᠭ᠎ᠠ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ

ᠳᠡᠭᠡᠭᠰᠢᠯᠡᠭᠦᠯᠵᠦ᠂ ᠬᠤᠲᠠ ᠶᠢᠨ ᠬᠤᠳᠠᠯᠳᠤᠭᠠᠨ ᠤ ᠲᠣᠭᠤᠷᠢᠭ᠂ ᠣᠳᠣᠬᠢᠴᠢᠯᠠᠭᠰᠠᠨ ᠪᠠᠷᠠᠭ᠎ᠠ ᠶᠢᠨ ᠭᠦᠢᠯᠭᠡᠭᠡᠨ᠂ ᠲᠤᠰᠬᠠᠶ ᠵᠠᠬ᠎ᠠ ᠳᠡᠯᠭᠡᠭᠦᠷ᠂ ᠴᠠᠬᠢᠮ

ᠠᠷᠠᠯᠵᠢᠶᠠᠨ ᠤ ᠶᠠᠪᠤᠳᠠᠯ ᠴᠡᠴᠡᠭᠯᠡᠨ ᠬᠥᠭᠵᠢᠵᠦ᠂ ᠤᠯᠠᠭᠠᠨᠬᠠᠳᠠ ᠬᠤᠲᠠ ᠨᠢ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ

ᠪᠠᠷᠠᠭ᠎ᠠ ᠶᠢᠨ ᠭᠦᠢᠯᠭᠡᠭᠡᠨ ᠤ ᠭᠤᠣᠯ ᠠᠴᠢᠶᠠᠯᠠᠪᠤᠷᠢ ᠶᠢᠨ ᠬᠤᠲᠠ᠂ ᠤᠯᠤᠰ ᠤᠨ ᠬᠢᠯᠢ ᠠᠯᠤᠰᠯᠠᠭᠰᠠᠨ ᠴᠠᠬᠢᠮ ᠠᠷᠠᠯᠵᠢᠶᠠᠨ ᠤ ᠵᠢᠵᠢᠭᠯᠡᠨ ᠪᠣᠷᠣᠯᠠᠭᠤᠯᠬᠤ

ᠭᠠᠳᠠᠭᠠᠳᠤ ᠠᠴᠠ ᠣᠷᠣᠭᠤᠯᠬᠤ ᠲᠤᠷᠰᠢᠯᠲᠠ ᠶᠢᠨ ᠬᠤᠲᠠ ᠪᠠᠷ ᠵᠢᠭᠰᠠᠭᠠᠭᠳᠠᠪᠠ︔ ᠠᠰᠬᠠᠲᠤ ᠶᠢᠨ ᠴᠢᠯᠠᠭᠤᠨ ᠤᠢ ᠨᠢ ᠤᠯᠤᠰ ᠤᠨ 5A ᠳᠡᠰ ᠤᠨ ᠦᠵᠡᠮᠵᠢ ᠶᠢᠨ

ᠣᠷᠣᠨ ᠪᠣᠯᠤᠨ ᠳᠡᠪᠰᠢᠪᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰᠪᠤᠷᠢ 9.4% ᠪᠠ 13.

5%᠎ ᠪᠠᠷ ᠨᠡᠮᠡᠭᠳᠡᠪᠡ᠃

      — ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠦᠰᠦᠷᠦᠩᠭᠦᠢ ᠬᠥᠭᠵᠢᠪᠡ᠃ ᠭᠤᠣᠯ ᠬᠤᠲᠠ ᠶᠢᠨ ᠪᠠᠶᠢᠭᠤᠯᠤᠭᠰᠠᠨ ᠲᠠᠯᠠᠪᠠᠶ 138 ᠲᠡᠭᠰᠢ

ᠳᠥᠷᠪᠡᠯᠵᠢᠨ ᠺᠢᠯᠣᠮᠧᠲᠷ ᠲᠤ ᠬᠦᠷᠴᠦ᠂ ᠰᠠᠭᠤᠭᠠᠯᠢ ᠬᠥᠮᠦᠨ ᠠᠮᠠ ᠵᠠᠭᠤᠨ ᠲᠦᠮᠡ ᠶᠢ ᠳᠠᠪᠠᠵᠤ᠂ ᠪᠥᠬᠦ ᠬᠤᠲᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 53.

1% ᠪᠣᠯᠲᠠᠯ᠎ᠠ ᠳᠡᠭᠡᠭᠰᠢᠯᠡᠪᠡ᠃ ᠬᠤᠲᠠ ᠶᠢᠨ ᠶᠠᠪᠤᠳᠠᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠨᠡᠶᠢᠲᠡ ᠮᠢᠩᠭᠠᠨ ᠳ᠋ᠦᠩᠰᠢᠭᠤᠷ ᠰᠢᠬᠠᠮ ᠲᠥᠭᠦᠷᠢᠭ

ᠣᠷᠣᠭᠤᠯᠵᠤ᠂ ᠬᠤᠲᠠ ᠶᠢᠨ ᠵᠠᠮ ᠢ 123 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠤᠶᠤ ᠰᠢᠨᠡᠳᠬᠡᠵᠦ᠂ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ᠂

ᠪᠣᠷᠣᠭᠠᠨ ᠤ ᠤᠰᠤ ᠪᠣᠬᠢᠷ ᠤᠰᠤ ᠶᠢ ᠰᠠᠯᠭᠠᠬᠤ ᠵᠡᠷᠭᠡ ᠬᠤᠲᠠ ᠶᠢᠨ ᠶᠠᠪᠤᠳᠠᠯ ᠤᠨ ᠬᠤᠭᠤᠯᠠᠶ ᠶᠢᠨ ᠲᠣᠤᠷ ᠢ 808 ᠺᠢᠯᠣᠮᠧᠲᠷ ᠪᠡᠶᠡᠯᠡᠭᠦᠯᠵᠦ᠂ 16 ᠬᠤᠲᠠ ᠶᠢᠨ

ᠴᠡᠴᠡᠷᠯᠢᠭ ᠢ ᠰᠢᠨ᠎ᠡ ᠪᠠᠷ ᠪᠠᠶᠢᠭᠤᠯᠤᠨ᠂ ᠢᠯᠴᠢ ᠬᠠᠩᠭᠠᠬᠤ ᠲᠠᠯᠠᠪᠠᠶ 1719 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠪᠡ᠃ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠣᠭᠲᠠᠭᠤᠨ ᠢᠶᠠᠷ ᠬᠡᠷᠡᠭᠵᠢᠭᠦᠯᠦᠨ᠂ ᠬᠥᠳᠡᠭᠡ ᠲᠤᠰᠬᠤᠨ ᠮᠠᠯᠵᠢᠬᠤ ᠣᠷᠣᠨ ᠤ ᠬᠥᠮᠦᠰ ᠤᠨ ᠣᠷᠣᠰᠢᠨ

ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ 15.7 ᠲᠦᠮᠡᠨ ᠡᠷᠦᠬᠡ ᠶᠢᠨ

ᠵᠣᠷᠯᠣᠩ ᠢ ᠥᠭᠡᠷᠡᠴᠢᠯᠡᠨ᠂ 97%᠎ ᠶᠢᠨ ᠵᠠᠰᠠᠭ ᠵᠠᠬᠢᠷᠭᠠᠨ ᠤ ᠲᠣᠰᠬᠤᠨ ᠳᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠢᠶᠠᠷᠤᠨ ᠬᠠᠮᠠᠭᠠᠯᠠᠬᠤ

ᠲᠣᠭᠲᠠᠴᠠ ᠶᠢ ᠪᠠᠶᠢᠭᠤᠯᠵᠤ᠂ ᠬᠥᠳᠡᠭᠡ ᠲᠤᠰᠬᠤᠨ ᠮᠠᠯᠵᠢᠬᠤ ᠣᠷᠣᠨ ᠤ ᠳᠦᠷᠰᠦ ᠪᠠᠶᠢᠳᠠᠯ ᠢᠯᠡᠳᠲᠡ ᠬᠤᠪᠢᠷᠠᠯᠲᠠ ᠭᠠᠷᠪᠠ᠃ 902 ᠺᠢᠯᠣᠮᠧᠲᠷ ᠲᠡᠮᠦᠷ ᠵᠠᠮ᠂

438 ᠺᠢᠯᠣᠮᠧᠲᠷ ᠳᠡᠭᠡᠳᠦ ᠲᠠᠰ ᠤᠨ ᠵᠠᠰᠠᠮᠠᠯ ᠵᠠᠮ᠂ 2631 ᠺᠢᠯᠣᠮᠧᠲᠷ ᠬᠥᠳᠡᠭᠡ ᠲᠤᠰᠬᠤᠨ ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ

ᠥᠷᠭᠡᠳᠬᠡᠨ ᠪᠠᠶᠢᠭᠤᠯᠵᠤ᠂ ᠬᠠᠰ ᠯᠤᠤ ᠨᠢᠰᠬᠡᠯ ᠤᠨ ᠪᠠᠭᠤᠳᠠᠯ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢᠨ ᠭᠤᠤᠯ ᠴᠣᠭᠴᠠ ᠪᠠᠷᠢᠯᠭ᠎ᠠ

ᠳᠠᠭᠤᠰᠴᠤ᠂ ᠠᠷᠤ ᠬᠤᠷᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠠᠶᠠᠯᠠᠯ ᠨᠡᠪᠲᠡᠷᠡᠵᠦ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ

ᠲᠣᠤᠷ ᠦᠨᠳᠦᠰᠦᠨ ᠳᠡᠭᠡᠨ ᠪᠦᠷᠢᠯᠳᠦᠪᠡ᠃ ᠵᠡᠭᠦᠨ ᠲᠠᠶᠢᠽᠢ ᠤᠰᠤᠨ ᠴᠥᠭᠦᠷᠥᠮ ᠵᠡᠷᠭᠡ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠢ ᠡᠬᠢᠯᠡᠨ

ᠪᠠᠶᠢᠭᠤᠯᠵᠤ᠂ ᠴᠤᠤᠶᠠᠩ ᠠᠴᠠ ᠤᠯᠠᠭᠠᠨᠬᠠᠳᠠ ᠬᠥᠷᠬᠦ ᠰᠢᠲᠠᠮᠠᠬᠠᠶ ᠬᠡᠶ ᠳᠠᠮᠵᠢᠭᠤᠯᠬᠤ ᠢᠨᠵᠧᠨᠧᠷᠢᠩ ᠤᠨ ᠭᠤᠤᠯ ᠴᠣᠭᠴᠠ ᠠᠵᠢᠯ ᠳᠠᠭᠤᠰᠴᠤ᠂ ᠡᠨᠧᠷᠭᠢ ᠶᠢᠨ

ᠰᠤᠷᠪᠤᠯᠵᠢ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃

      — ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ︽ᠭᠤᠷᠪᠠᠨ ᠣᠷᠣᠨ ᠭᠤᠷᠪᠠᠨ ᠱᠤᠭᠤᠮ︾᠎ ᠢ ᠠᠩᠬ᠎ᠠ ᠠᠯᠬᠤᠮ ᠵᠠᠭᠠᠭᠯᠠᠨ

ᠲᠣᠭᠲᠠᠭᠠᠵᠤ᠂ 29.7%᠎ ᠶᠢᠨ ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠳᠤ ᠬᠤᠪᠢᠶᠠᠷᠢᠯᠠᠨ

ᠣᠷᠣᠭᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠵᠢᠴᠢ ︽ᠡᠷᠬᠢᠨ ᠬᠠᠷᠠᠬᠤ︾᠎ ᠳᠤ ᠬᠠᠷᠢᠭᠤ ᠲᠤᠰᠬᠠᠭᠰᠠᠨ

ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ

ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 90%᠎ ᠳᠤ ᠬᠥᠷᠪᠡ᠃ ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ

ᠠᠬᠤᠢ ᠶᠢᠨ ᠬᠠᠮᠠᠭᠠᠯᠠᠯᠲᠠ ᠵᠠᠰᠠᠯᠲᠠ ᠶᠢᠨ ︽ᠭᠤᠷᠪᠠᠨ ᠵᠢᠯ ᠤᠨ ᠠᠵᠢᠯᠯᠠᠭᠠᠨ ᠤ ᠲᠥᠯᠦᠪᠯᠡᠭᠡ︾ ᠪᠣᠯᠤᠨ ᠳᠠᠯᠠᠶᠢᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ

ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ 76.4 ᠲᠡᠭᠰᠢ ᠳᠥᠷᠪᠡᠯᠵᠢᠨ ᠺᠢᠯᠣᠮᠧᠲᠷ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ

ᠪᠡᠶᠡᠯᠡᠭᠦᠯᠵᠦ᠂ 65 ᠪᠣᠬᠢᠷᠲᠤᠯ ᠦᠭᠡᠢ ᠠᠭᠤᠷᠬᠠᠶ ᠶᠢ ᠪᠠᠶᠢᠭᠤᠯᠪᠠ᠃ 450 ᠲᠦᠮᠡᠨ ᠮᠥ ᠣᠶᠢᠵᠢᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠨ᠂ 889 ᠲᠦᠮᠡᠨ ᠮᠥ

ᠬᠥᠮᠦᠨ ᠤ ᠬᠦᠴᠦ ᠪᠠᠷ ᠡᠪᠡᠰᠦ ᠳᠠᠷᠢᠵᠤ᠂ 563.3 ᠲᠦᠮᠡᠨ ᠮᠥ ᠬᠥᠷᠥᠰᠥ ᠰᠢᠷᠣᠶ ᠶᠢ ᠬᠠᠮᠠᠭᠠᠯᠠᠨ ᠵᠠᠰᠠᠬᠤ᠂ 27.9 ᠲᠦᠮᠡᠨ ᠮᠥ ᠭᠤᠣᠯᠳᠠᠯᠭ᠎ᠠ ᠲᠠᠢ ᠣᠷᠣᠨ

ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠪᠥᠬᠦ ᠬᠤᠲᠠ ᠶᠢᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 35.8%᠎ ᠳᠤ ᠬᠦᠷᠴᠦ᠂ ᠨᠤᠲᠤᠭ

ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 62.6%᠎ ᠳᠤ ᠬᠥᠷᠪᠡ᠃

      — ᠥᠭᠡᠷᠡᠴᠢᠯᠡᠯᠲᠡ ᠨᠡᠭᠡᠭᠡᠯᠳᠡ ᠶᠢᠨ ᠦᠷ᠎ᠡ ᠪᠦᠲᠦᠭᠡᠯ ᠡᠯᠪᠡᠭ ᠳᠡᠯᠪᠡᠭ ᠪᠣᠯᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ

ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠨᠡᠩ

ᠲᠡᠭᠦᠯᠳᠡᠷᠵᠢᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ

ᠴᠡᠭ ᠤᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠂ ᠬᠥᠳᠡᠭᠡ ᠲᠤᠰᠬᠤᠨ ᠮᠠᠯᠵᠢᠬᠤ ᠣᠷᠣᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ

ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠰᠢᠪᠲᠤᠯᠤᠯᠲᠠ ᠲᠠᠢ ᠪᠣᠯᠵᠣ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠠᠭᠠᠨᠬᠠᠳᠠ ᠬᠤᠲᠠ ᠶᠢ

ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠢᠯᠡᠳᠲᠡ ᠦᠷ᠎ᠡ ᠪᠥᠲᠦᠮᠵᠢᠲᠡᠢ ᠭᠠᠵᠠᠷ ᠣᠷᠤᠨ ᠭᠡᠵᠦ ᠬᠥᠬᠢᠭᠦᠯᠪᠡ᠃

︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠶᠢᠷᠡᠵᠦ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠴᠠᠭ ᠢ ᠶᠡᠭᠡ

ᠬᠡᠮᠵᠢᠶ᠎ᠡ ᠪᠠᠷ ᠪᠠᠭᠠᠰᠬᠠᠨ᠂ 90%᠎ ᠠᠴᠠ ᠳᠡᠭᠡᠭᠰᠢᠬᠢ ᠳᠠᠩᠰᠠᠯᠠᠭᠤᠯᠤᠭᠰᠠᠨ ᠵᠦᠢᠯᠡᠰ ᠢ ᠲᠡᠷᠡ ᠳᠠᠷᠤᠶ ᠳᠤᠨᠢ ᠭᠦᠢᠴᠡᠳᠭᠡᠬᠦ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ

ᠭᠤᠤᠯ ᠴᠣᠭᠴᠠ 18.8 ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ 64.5 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠪᠠ᠃

128 ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠰᠢᠨ᠎ᠡ ᠪᠠᠷ ᠨᠡᠮᠡᠭᠳᠡᠵᠦ᠂ ᠳᠡᠭᠡᠳᠦ ᠰᠢᠨ᠎ᠡ

ᠮᠡᠷᠭᠡᠵᠢᠯ ᠤᠨ ᠠᠵᠤ ᠠᠬᠤᠶᠢᠯᠠᠯ 94 ᠪᠣᠯᠵᠣ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ

ᠭᠤᠤᠯ ᠴᠣᠭᠴᠠ ᠶᠢ ᠪᠠᠶᠢᠭᠤᠯᠪᠠ᠃ ᠭᠠᠳᠠᠭᠰᠢ ᠨᠡᠭᠡᠭᠡᠯᠳᠡ ᠲᠠᠰᠤᠷᠠᠯᠳᠠ ᠦᠭᠡᠢ ᠥᠷᠭᠡᠳᠴᠦ᠂ ᠭᠤᠷᠪᠠᠨ ᠬᠤᠭᠤᠴᠠᠭᠠᠨ ᠤ ︽ᠤᠯᠠᠭᠠᠨᠬᠠᠳᠠ ᠨᠤᠲᠤᠭᠲᠠᠢ

ᠰᠣᠳᠤᠨᠴᠣᠳ ᠤᠨ ᠴᠤᠭᠯᠠᠭᠠᠨ︾᠎ ᠢ ᠠᠮᠵᠢᠯᠲᠠ ᠲᠠᠢ ᠬᠤᠷᠠᠯᠳᠤᠭᠤᠯᠵᠤ᠂ ᠪᠡᠭᠡᠵᠢᠩ ᠪᠠ ᠤᠯᠠᠭᠠᠨᠬᠠᠳᠠ ᠶᠢᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠪᠡ᠃

ᠤᠯᠠᠭᠠᠨᠬᠠᠳᠠ ᠮᠠᠨᠵᠤᠤᠷ ᠧᠦ᠋ᠷᠣᠫᠠ ᠶᠢᠨ ᠤᠯᠠᠨ ᠤᠯᠤᠰ ᠤᠨ ᠡᠭᠡᠯᠵᠢ ᠶᠢᠨ ᠭᠠᠯᠲᠤ ᠲᠡᠷᠭᠡ᠂ ᠤᠯᠠᠭᠠᠨᠬᠠᠳᠠ ᠠᠴᠠ ᠲᠢᠶᠠᠨᠵᠢᠨ ᠬᠦᠷᠬᠦ ᠲᠡᠮᠤᠷ ᠵᠠᠮ ᠳᠠᠯᠠᠢ

ᠲᠠᠩᠭᠢᠰ ᠤᠨ ᠬᠠᠮᠲᠤᠷᠠᠭᠰᠠᠨ ᠲᠡᠭᠡᠭᠡᠪᠦᠷᠢ ᠨᠡᠪᠲᠡᠷᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠤᠭᠤᠯᠬᠤ ᠪᠠ ᠭᠠᠳᠠᠭᠠᠳᠤ ᠳᠤ ᠭᠠᠷᠭᠠᠬᠤ ᠶᠡᠷᠦᠩᠬᠡᠢ

ᠬᠡᠮᠵᠢᠶ᠎ᠡ ᠵᠢᠯ ᠪᠦᠷᠢ ᠳᠤᠮᠳᠠᠴᠢ ᠪᠠᠷ 15.2%᠎ ᠢᠶᠠᠷ ᠨᠡᠮᠡᠭᠳᠡᠵᠦ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠤᠯᠠᠭᠠᠨᠬᠠᠳᠠ ᠬᠤᠳᠠ ᠶᠢ ᠳᠤᠮᠳᠠᠳᠤ ᠤᠯᠤᠰ ᠤᠨ

ᠬᠢᠯᠢ ᠠᠯᠤᠰᠯᠠᠭᠰᠠᠨ ᠴᠠᠬᠢᠮ ᠠᠷᠠᠯᠵᠢᠶᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠣᠯᠭᠠᠬᠤ ᠪᠠᠷ ᠵᠥᠪᠰᠢᠶᠡᠷᠡᠪᠡ᠃

      — ᠠᠷᠠᠳ ᠤᠨ ᠠᠮᠢᠳᠤᠷᠠᠯ ᠤᠨ ᠦᠢᠯᠡᠰ ᠡᠳᠦᠷ ᠢᠷᠡᠬᠦᠶ᠎ᠡ ᠰᠠᠶᠢᠵᠢᠷᠠᠪᠠ᠃ ᠠᠷᠠᠳ ᠤᠨ ᠠᠮᠢᠳᠤᠷᠠᠯ ᠤᠨ ᠵᠠᠷᠤᠯᠭ᠎ᠠ 1681 ᠳ᠋ᠦᠩᠰᠢᠭᠤᠷ ᠲᠥᠭᠦᠷᠢᠭ

ᠬᠦᠷᠴᠦ᠂ ᠡᠳ᠋ ᠤᠨ ᠵᠠᠰᠠᠭ ᠤᠨ ᠵᠠᠷᠤᠯᠭ᠎ᠠ ᠶᠢᠨ 70%᠎ ᠠᠴᠠ ᠳᠡᠭᠡᠭᠰᠢ ᠶᠢ ᠡᠵᠡᠯᠡᠪᠡ᠃ ᠬᠤᠲᠠ ᠪᠠᠯᠭᠠᠰᠤ ᠶᠢᠨ 9.7 ᠲᠦᠮᠡᠨ ᠬᠥᠮᠦᠨ ᠰᠢᠨ᠎ᠡ ᠪᠠᠷ ᠠᠵᠢᠯ

ᠣᠯᠵᠤ᠂ ᠮᠠᠯᠴᠢᠨ ᠲᠠᠷᠢᠶᠠᠴᠢᠨ ᠢ 278 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ

ᠠᠯᠳᠠᠭᠰᠠᠳ ᠤᠨ ᠨᠣᠷᠮ᠎ᠠ ᠶᠢ 4.5%᠎ ᠶᠢᠨ ᠳᠣᠲᠣᠷ᠎ᠠ ᠬᠢᠵᠠᠭᠠᠷᠯᠠᠪᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ

ᠪᠠᠷᠢᠮᠵᠢᠶ᠎ᠠ ᠶᠢ ᠲᠤᠰᠪᠤᠷᠢ 1416 ᠲᠥᠭᠦᠷᠢᠭ ᠪᠠ 1057 ᠲᠥᠭᠦᠷᠢᠭ ᠳᠡᠭᠡᠭᠰᠢᠯᠡᠭᠦᠯᠪᠡ᠃ ᠡᠯ᠎ᠡ ᠲᠥᠷᠥᠯ ᠤᠨ ᠨᠥᠬᠦᠪᠥᠷᠢ ᠲᠤᠰᠠᠯᠠᠮᠵᠢ ᠶᠢᠨ ᠪᠠᠯᠠ ᠮᠥᠩᠭᠦ ᠶᠢ

61 ᠳ᠋ᠦᠩᠰᠢᠭᠤᠷ ᠲᠥᠭᠦᠷᠢᠭ ᠲᠠᠷᠬᠠᠭᠠᠵᠤ᠂ 38 ᠲᠦᠮᠡᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠪᠠ᠃ ᠥᠨᠳᠥᠷ ᠨᠠᠰᠤᠨ ᠤ

ᠨᠥᠬᠦᠪᠦᠷᠢ ᠶᠢ 3.8 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ

ᠳᠠᠭᠠᠳᠬᠠᠯ ᠳᠤ ︽ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ︾᠎ ᠶᠢ ᠦᠨᠳᠦᠰᠦᠨ ᠳᠡᠭᠡᠨ ᠪᠡᠶᠡᠯᠡᠭᠦᠯᠪᠡ᠃ ᠡᠯ᠎ᠡ ᠲᠥᠷᠥᠯ ᠤᠨ ᠰᠤᠷᠭᠠᠭᠤᠯᠢ ᠶᠢ 105

ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠡᠷᠳᠡᠮ ᠤᠨ ᠴᠣᠯᠠ ᠶᠢ 6.6 ᠲᠦᠮᠡ ᠰᠢᠨ᠎ᠡ ᠪᠠᠷ ᠨᠡᠮᠡᠭᠳᠡᠭᠦᠯᠦᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ

ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 81.9% ᠪᠣᠯᠭᠠᠵᠤ᠂ ᠰᠢᠶᠠᠨ ᠤ ᠬᠡᠪᠴᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ

ᠦᠨᠳᠦᠰᠦᠨ ᠳᠡᠭᠡᠨ ᠲᠡᠩᠴᠡᠭᠦᠷᠢᠰᠢᠪᠡ᠃ ᠤᠯᠠᠭᠠᠨᠬᠠᠳᠠ ᠶᠢᠨ ᠬᠡᠷᠡᠭᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠡᠭᠦᠳᠡ ᠪᠠᠨ ᠨᠡᠭᠡᠭᠡᠵᠦ ᠰᠣᠷᠣᠭᠴᠢ

ᠡᠯᠰᠡᠪᠡ᠃ 59 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠬᠤᠳᠠ ᠬᠥᠳᠡᠭᠡ ᠶᠢᠨ ᠤᠯᠠᠨ

ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠪᠠ ᠡᠮ ᠡᠮᠨᠡᠯᠭᠡ ᠶᠢᠨ ᠠᠪᠤᠷᠠᠨ ᠵᠠᠰᠠᠬᠤ ᠬᠢᠷᠢ ᠲᠦᠪᠰᠢᠨ ᠶᠡᠭᠡ ᠪᠠᠷ ᠳᠡᠭᠡᠭᠰᠢᠯᠡᠪᠡ᠃ ᠪᠦᠬᠦ

ᠬᠤᠳᠠ ᠳᠤ 491 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠭᠤᠣᠯ ᠬᠤᠳᠠ ᠲᠣᠭᠤᠷᠢᠭ ᠤᠨ ᠲᠥᠪᠯᠡᠷᠡᠨ ᠵᠠᠯᠭᠠᠯᠳᠤᠭᠰᠠᠨ ᠲᠦᠬᠦᠮ

ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠦᠨᠳᠦᠰᠦᠨ ᠳᠡᠭᠡᠨ ᠠᠷᠢᠯᠭᠠᠪᠠ᠃ ᠬᠤᠩᠱᠠᠨ ᠰᠣᠶᠣᠯ ᠤᠨ ᠮᠦᠽᠧᠢ ᠡᠭᠦᠳᠡ ᠪᠠᠨ ᠨᠡᠭᠡᠭᠡᠨ ᠠᠰᠢᠭᠯᠠᠯᠲᠠ ᠳᠤ

ᠣᠷᠤᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤᠳᠬᠠᠪᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠡᠮᠬᠢ

ᠵᠢᠷᠤᠮ ᠲᠠᠢ ᠪᠠᠷ ᠲᠦᠯᠬᠢᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠪᠤᠷᠢᠵᠢᠪᠠ᠃ ᠬᠠᠷ᠎ᠠ ᠪᠦᠯᠦᠭᠲᠡᠨ ᠬᠠᠷᠭᠢᠰ

ᠬᠦᠴᠦᠨ ᠢ ᠠᠷᠢᠯᠭᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠪᠠ᠃

ᠴᠡᠷᠢᠭ ᠠᠴᠠ ᠬᠠᠯᠠᠭᠳᠠᠭᠰᠠᠳ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠥᠭᠡᠮᠡᠯᠵᠢᠭᠦᠯᠦᠨ ᠤᠬᠠᠭᠤᠯᠬᠤ᠂ ᠨᠡᠶᠢᠭᠡᠮ ᠤᠨ ᠰᠢᠨᠵᠢᠯᠡᠬᠦ ᠤᠬᠠᠭᠠᠨ᠂

ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ᠂ ᠡᠮᠡᠭᠲᠡᠶᠢᠴᠦᠳ ᠤᠨ ᠬᠤᠯᠪᠤᠭ᠎ᠠ᠂ ᠵᠡᠮᠳᠡᠭᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂

ᠨᠢᠭᠦᠯᠡᠰᠦᠩᠭᠦᠶ ᠵᠡᠷᠭᠡ ᠦᠢᠯᠡᠰ ᠲᠣᠭᠲᠠᠭᠤᠨ ᠢᠶᠠᠷ ᠬᠥᠭᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠭᠠᠳᠠᠭᠠᠳᠤ ᠶᠠᠪᠤᠳᠠᠯ ᠬᠠᠷᠢᠶᠠᠲᠤ ᠶᠢᠨ

ᠶᠠᠪᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ ᠰᠡᠷᠭᠡᠶᠢᠯᠡᠵᠦ ᠤᠨᠲᠠᠷᠠᠭᠠᠬᠤ᠂ ᠴᠠᠭ ᠠᠭᠤᠷ ᠤᠨ ᠦᠢᠯᠡᠴᠢᠯᠡᠭᠡ ᠵᠡᠷᠭᠡ ᠠᠵᠢᠯ ᠰᠢᠨ᠎ᠡ ᠠᠮᠵᠢᠯᠲᠠ ᠣᠯᠪᠠ᠃

      — ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾

ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠤᠨ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ

ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠲᠡᠤᠬᠡ ᠶᠢᠨ

ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠦᠨ᠂ ︽ᠳᠥᠷᠪᠡᠨ ᠤᠬᠠᠮᠰᠠᠷ︾᠎ ᠢ ᠤᠯᠠᠮ ᠨᠢᠭᠡ ᠠᠯᠬᠤᠮ ᠪᠠᠲᠤᠳᠬᠠᠵᠤ᠂ ︽ᠳᠥᠷᠪᠡᠨ ᠢᠲᠡᠭᠡᠯ︾᠎ ᠢ

ᠪᠠᠲᠤᠳᠬᠠᠨ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠪᠡ᠃ ᠬᠠᠤᠯᠢ ᠳᠤ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ ᠰᠢᠨᠵᠢᠯᠡᠬᠦ ᠤᠬᠠᠭᠠᠨᠴᠢ ᠪᠠᠷ

ᠰᠢᠢᠳᠪᠦᠷᠢᠲᠦ ᠪᠤᠳᠤᠯᠭ᠎ᠠ ᠲᠣᠭᠲᠠᠭᠠᠨ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ

ᠬᠦᠯᠢᠶᠡᠵᠦ᠂ 586 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ ᠪᠠ ᠲᠥᠯᠥᠭᠡᠯᠡᠭᠴᠢᠳ ᠤᠨ ᠰᠠᠨᠠᠭᠤᠯᠭ᠎ᠠ᠂ 673 ᠬᠤᠪᠢ ᠤᠯᠤᠰ

ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠰᠢᠢᠳᠪᠦᠷᠢᠯᠡᠨ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ ᠨᠢ 100%᠎ ᠳᠤ ᠬᠥᠷᠪᠡ᠃ ᠲᠥᠪ ᠤᠨ

ᠨᠠᠢᠮᠠᠨ ᠵᠦᠢᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠪᠦᠬᠦ ᠬᠤᠳᠠ ᠶᠢᠨ ︽

ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠢ ᠵᠢᠯ ᠪᠦᠷᠢ ᠳᠤᠮᠳᠠᠴᠢ ᠪᠠᠷ 9.1%᠎ ᠪᠠᠷ ᠪᠠᠭᠠᠰᠬᠠᠪᠠ᠃

ᠥᠩᠭᠡᠷᠡᠭᠰᠡᠨ 2021 ᠣᠨ ᠪᠣᠯ ᠳᠣᠯᠣᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠡᠭᠦᠰᠬᠡᠯ ᠤᠨ ᠵᠢᠯ ᠮᠥᠨ᠃ ᠨᠢᠭᠡ ᠵᠢᠯ ᠤᠨ ᠲᠤᠷᠰᠢ᠂ ᠪᠢᠳᠡ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠵᠢᠷᠭᠤᠭ᠎ᠠ ᠶᠢ

ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠨ᠂ ᠠᠵᠤ ᠠᠬᠤᠶ ᠶᠢᠨ ᠬᠥᠭᠵᠢᠯᠲᠡ ᠶᠢᠨ ᠭᠤᠤᠯ

ᠭᠦᠢᠴᠡᠳᠬᠡᠯ ᠲᠤᠭ᠎ᠠ ᠶᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠵᠤ᠂ ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠳᠥᠷᠪᠡᠳᠦᠭᠡᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃

      ᠨᠢᠭᠡ ᠵᠢᠯ ᠤᠨ ᠲᠤᠷᠰᠢ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦ ᠪᠠᠨ ᠲᠥᠪᠯᠡᠷᠡᠭᠦᠯᠦᠨ᠂ ᠣᠯᠠᠨ ᠴᠡᠭ ᠠᠴᠠ ᠡᠭᠦᠰᠬᠦ ᠶᠢ ᠬᠢᠨᠠᠨ

ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠸᠠᠺᠼᠢᠨ ᠤ ᠲᠠᠷᠢᠯᠭ᠎ᠠ᠂ ᠡᠳ᠋ ᠪᠣᠳᠠᠰ ᠨᠥᠭᠡᠴᠡᠯᠡᠬᠦ᠂ ᠪᠠᠴᠢᠮ

ᠪᠠᠶᠢᠳᠠᠯ ᠢ ᠠᠷᠭᠠᠴᠠᠬᠤ ᠰᠣᠷᠢᠯᠲᠠ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ

ᠲᠥᠯᠥᠪᠯᠡᠨ ᠠᠬᠢᠭᠤᠯᠵᠤ᠂ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠳᠤ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠵᠤ︾᠂

ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠪᠡ᠃

      ᠨᠢᠭᠡ ᠵᠢᠯ ᠤᠨ ᠲᠤᠷᠰᠢ᠂ ᠪᠢᠳᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠦᠨ᠂ ︽ᠲᠥᠷᠥᠯ ᠵᠦᠢᠯ ᠤᠨ

ᠬᠠᠮᠢᠶᠠᠷᠤᠭᠴᠢ︾᠎ ᠶᠢ ᠪᠣᠳᠠᠲᠤ ᠴᠣᠭᠴᠠᠵᠢᠭᠤᠯᠤᠨ ᠬᠡᠷᠡᠭᠵᠢᠭᠦᠯᠵᠦ᠂ ᠪᠥᠬᠦ ᠵᠢᠯ ᠳᠤ 526 ᠭᠤᠣᠯᠳᠠᠯᠭ᠎ᠠ ᠲᠠᠢ ᠲᠥᠷᠥᠯ ᠵᠦᠢᠯ ᠢ ᠡᠬᠢᠯᠡᠭᠦᠯᠦᠨ᠂ 454.4

ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠬᠡᠯᠬᠢᠶ᠎ᠡ ᠶᠢᠨ ᠳᠠᠷᠤᠭ᠎ᠠ ᠶᠢᠨ ᠲᠦᠷᠢᠮ᠂ ᠲᠤᠰᠬᠠᠶ ᠠᠩᠭᠢ ᠶᠢᠨ ᠲᠦᠷᠢᠮ ᠢᠶᠠᠷ

ᠠᠷᠠᠯᠵᠢᠶᠠᠴᠢᠨ ᠤᠷᠢᠬᠤ ᠶᠢ ᠶᠡᠬᠡᠪᠡᠷ ᠬᠡᠷᠡᠭᠵᠢᠭᠦᠯᠵᠦ᠂ ᠪᠥᠬᠦ ᠵᠢᠯ ᠳᠤ 381 ᠲᠥᠷᠥᠯ ᠵᠦᠢᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠤᠨ᠂ ᠨᠡᠶᠢᠲᠡ

330.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 135 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ

ᠪᠠᠶᠢᠰᠢᠩ ᠢ ᠪᠠᠶᠢᠭᠤᠯᠵᠤ ᠠᠰᠢᠭᠯᠠᠨ ᠬᠡᠷᠡᠭᠯᠡᠵᠦ᠂ ᠬᠥᠭᠵᠢᠯᠲᠡ ᠶᠢᠨ ᠨᠥᠭᠡᠴᠡ ᠬᠦᠴᠦᠨ ᠲᠠᠰᠤᠷᠠᠯᠲᠠ ᠦᠭᠡᠢ ᠴᠢᠩᠭᠠᠷᠠᠪᠠ᠃

      ᠨᠢᠭᠡ ᠵᠢᠯ ᠤᠨ ᠲᠤᠷᠰᠢ᠂ ᠪᠢᠳᠡ ᠠᠮᠢ ᠠᠬᠤᠶ ᠶᠢᠨ ᠵᠠᠰᠠᠯᠲᠠ᠂ ᠣᠶ ᠰᠢᠭᠤᠶ ᠡᠪᠡᠰᠦ ᠪᠡᠯᠴᠢᠭᠡᠷ ᠤᠨ ᠲᠤᠰᠬᠠᠶ ᠴᠡᠭᠴᠡᠯᠡᠨ ᠵᠠᠰᠠᠯᠲᠠ ᠳᠤ ᠬᠦᠴᠦ ᠪᠠᠨ

ᠲᠥᠪᠯᠡᠷᠡᠭᠦᠯᠦᠨ ᠱᠠᠲᠤ ᠥᠶᠡᠴᠢ ᠴᠢᠨᠠᠷᠲᠠᠶ ᠡᠭᠦᠷᠭᠡ ᠶᠢ ᠪᠡᠶᠡᠯᠡᠭᠦᠯᠵᠦ᠂ ︽ᠬᠤᠶᠠᠷ ᠥᠨᠳᠥᠷ︾ ᠲᠣᠭᠲᠠᠭᠠᠯ ᠠᠴᠠ ᠵᠥᠷᠢᠴᠡᠭᠰᠡᠨ ᠲᠥᠷᠥᠯ ᠵᠦᠢᠯ ᠢ ᠲᠥᠷᠥᠯ

ᠬᠤᠪᠢᠶᠠᠨ ᠰᠢᠢᠳᠪᠦᠷᠢᠯᠡᠬᠦ ᠵᠢᠴᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ

ᠬᠦᠴᠦᠯᠡᠴᠡ ᠶᠢᠨ ᠲᠠᠯ᠎ᠠ ᠪᠠᠷ ︽ᠬᠤᠶᠠᠷ ᠨᠣᠭᠤᠭᠠᠨ︾᠎ ᠤ ᠬᠠᠷᠠᠯᠲᠠ ᠶᠢ ᠪᠡᠶᠡᠯᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠨᠡᠩ ᠪᠠᠲᠤ ᠪᠠᠬᠢ

ᠪᠣᠯᠪᠠ᠃

      ᠨᠢᠭᠡ ᠵᠢᠯ ᠤᠨ ᠲᠤᠷᠰᠢ᠂ ᠪᠢᠳᠡ ᠡᠵᠡᠩᠨᠡᠯᠲᠡ ᠠᠷᠠᠯᠵᠢᠶ᠎ᠠ ᠶᠢ ᠰᠢᠯᠢᠳᠡᠭᠵᠢᠭᠦᠯᠬᠦ ᠳᠤ ᠬᠦᠴᠦ ᠪᠠᠨ ᠲᠥᠪᠯᠡᠷᠡᠭᠦᠯᠦᠨ᠂ ᠡᠵᠡᠩᠨᠡᠯᠲᠡ ᠠᠷᠠᠯᠵᠢᠶᠠᠨ ᠤ ᠣᠷᠴᠢᠨ

ᠲᠣᠭᠤᠷᠢᠨ ᠤ ᠬᠠᠷᠢᠭᠤ ᠲᠤᠰᠬᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠠᠬᠢᠭᠤᠯᠵᠤ᠂ ︽ᠮᠥᠩᠬᠡ ᠰᠤᠪᠠᠭ︾ APP᠎ ᠤᠨ

ᠳᠠᠩᠰᠠᠯᠠᠭᠤᠯᠤᠭᠰᠠᠨ ᠲᠤᠭ᠎ᠠ ᠪᠠ ᠰᠤᠷᠪᠤᠯᠵᠢᠯᠠᠭ᠎ᠠ ᠶᠢᠨ ᠬᠡᠮᠵᠢᠶ᠎ᠡ ᠨᠢ ᠪᠥᠬᠦ ᠣᠷᠣᠨ ᠳᠤ ᠨᠢᠭᠡᠳᠦᠭᠡᠷ ᠲᠤ ᠣᠷᠣᠵᠤ᠂ ᠬᠤᠲᠠ ᠶᠢᠨ ᠲᠣᠰ ᠱᠠᠲᠤᠨ ᠤ ᠰᠦᠯᠵᠢᠶᠡᠨ

ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 96.7% ᠬᠦᠷᠴᠦ᠂ 67 ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠡᠷᠦᠩᠬᠡᠶᠢᠯᠡᠭᠰᠡᠨ ᠴᠣᠩᠬᠤᠷᠤᠭ ᠭᠠᠷᠭᠠᠨ᠂ ︽

12345︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠪᠥᠬᠦ ᠲᠠᠯ᠎ᠠ ᠪᠠᠷ ᠠᠵᠢᠯᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ

ᠬᠥᠷᠲᠡᠮᠵᠢ ᠶᠢᠨ ᠲᠥᠷᠥᠭᠳᠡᠯ ᠢᠯᠡᠳᠲᠡ ᠳᠡᠭᠡᠭᠰᠢᠯᠡᠪᠡ᠃

      ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦ ᠪᠠᠨ ᠲᠥᠪᠯᠡᠷᠡᠭᠦᠯᠦᠨ᠂ ᠠᠵᠢᠯ ᠣᠯᠭᠤᠵᠤ ᠦᠢᠯᠡᠰ ᠪᠤᠰᠬᠠᠬᠤ᠂

ᠡᠮ ᠡᠮᠨᠡᠯᠭᠡ ᠶᠢᠨ ᠳᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ᠂ ᠰᠤᠷᠭᠠᠨ ᠬᠥᠮᠦᠵᠢᠯ ᠤᠨ ︽

ᠬᠤᠶᠠᠷ ᠢ ᠬᠥᠩᠭᠡᠷᠡᠭᠦᠯᠬᠦ︾ ᠵᠡᠷᠭᠡ ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ ᠤᠯᠠᠨ ᠨᠡᠶᠢᠲᠡ ᠶᠢᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ

ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠬᠦᠷᠢᠶᠡᠨ ᠳᠠᠬᠢ ᠪᠠᠶᠢᠳᠠᠯ ᠶᠡᠷᠦᠩᠬᠡᠢ ᠳᠡᠭᠡᠨ ᠳᠣᠭᠲᠠᠪᠤᠷᠢᠵᠢᠪᠠ᠃

      ᠲᠥᠯᠥᠭᠡᠯᠡᠭᠴᠢᠳ ᠡ︕ ᠰᠢᠷᠭᠠᠭᠤ ᠲᠡᠮᠡᠴᠡᠯ ᠨᠢ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠠᠮᠵᠢᠯᠲᠠ ᠶᠢ ᠲᠡᠶᠢᠮᠦ ᠬᠢᠯᠪᠠᠷᠬᠠᠨ ᠢᠶᠠᠷ ᠣᠯᠤᠭᠰᠠᠨ ᠪᠢᠰᠢ

ᠶᠤᠮ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢᠨ ᠠᠴᠢ ᠭᠠᠪᠢᠶ᠎ᠠ᠂ ᠶᠡᠷᠦᠩᠬᠡᠢ ᠱᠦᠵᠢ ᠶᠢᠨ ᠤᠯᠠᠭᠠᠨᠬᠠᠳᠠ ᠶᠢ ᠣᠨᠴᠠᠭᠠᠢ ᠬᠠᠶᠢᠷᠠᠯᠠᠨ ᠬᠠᠯᠠᠮᠵᠢᠯᠠᠭᠰᠠᠨ ᠤ

ᠠᠴᠢ ᠭᠠᠪᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ

ᠤᠳᠤᠷᠢᠳᠤᠯᠭ᠎ᠠ ᠶᠢᠨ ᠠᠴᠢ ᠭᠠᠪᠢᠶ᠎ᠠ᠂ ᠥᠩᠭᠡᠷᠡᠭᠰᠡᠨ ᠬᠤᠭᠤᠴᠠᠭᠠᠨ ᠤ ᠵᠠᠰᠠᠭ ᠤᠨ ᠣᠷᠳᠣᠨ ᠤ ᠲᠠᠯᠪᠢᠭᠰᠠᠨ ᠰᠠᠶᠢᠨ ᠰᠠᠭᠤᠷᠢ ᠪᠠ ᠪᠦᠬᠦ ᠬᠤᠳᠠ ᠶᠢᠨ

ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠠᠴᠢ ᠭᠠᠪᠢᠶ᠎ᠠ ᠮᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂

ᠤᠯᠤᠰ ᠲᠦᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠢ ᠬᠢᠨᠠᠯᠲᠠ ᠪᠠ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ

ᠦᠭᠡᠢ ᠶᠤᠮ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ

ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ᠂ ᠤᠯᠠᠭᠠᠨᠬᠠᠳᠠ ᠳᠤ ᠰᠠᠭᠤᠭ᠎ᠠ ᠡᠯ᠎ᠡ ᠨᠢᠭᠡᠴᠡ

᠂ ᠠᠷᠠᠳ ᠤᠨ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ

ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠪᠦᠬᠦ ᠵᠢᠯᠤᠭᠤᠳᠤᠬᠴᠢ ᠪᠠᠶᠢᠯᠳᠤᠭᠴᠢᠳ᠂ ᠤᠯᠠᠭᠠᠨᠬᠠᠳᠠ ᠶᠢᠨ ᠬᠥᠭᠵᠢᠯᠲᠡ ᠶᠢ ᠬᠠᠯᠠᠮᠵᠢᠯᠠᠨ

ᠳᠡᠮᠵᠢᠭᠰᠡᠨ ᠭᠠᠳᠠᠨ᠎ᠠ ᠪᠠᠶᠢᠭ᠎ᠠ ᠤᠯᠠᠭᠠᠨᠬᠠᠳᠠ ᠨᠤᠲᠤᠭᠲᠠᠨ᠂ ᠡᠯ᠎ᠡ ᠡᠲᠡᠭᠡᠳ ᠤᠨ ᠬᠥᠮᠦᠰ ᠪᠣᠯᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ

ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕

      ᠠᠮᠵᠢᠯᠲᠠ ᠪᠠᠨ ᠳ᠋ᠦᠩᠨᠡᠬᠦ ᠶᠢᠨ ᠵᠡᠷᠭᠡᠪᠡᠷ ᠪᠢᠳᠡ ᠪᠠᠰᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠵᠤ ᠣᠯᠪᠠ

᠄ ᠣᠳᠣᠬᠠᠨ ᠤ ᠬᠢᠵᠢᠭ ᠤᠨ ᠪᠠᠶᠢᠳᠠᠯ ᠪᠠ ᠭᠠᠳᠠᠷ ᠣᠷᠴᠢᠨ ᠳᠤ ᠮᠥᠨ ᠯᠡ ᠮᠠᠰᠢ ᠤᠯᠠᠨ ᠲᠣᠭᠲᠠᠪᠤᠷᠢ ᠦᠭᠡᠢ ᠴᠢᠨᠠᠷ ᠣᠷᠣᠰᠢᠵᠤ᠂ ᠲᠣᠭᠲᠠᠭᠤᠨ ᠢᠶᠠᠷ ᠨᠡᠮᠡᠭᠳᠡᠬᠦ

ᠰᠠᠭᠤᠷᠢ ᠪᠠᠰᠠ ᠪᠠᠲᠤ ᠪᠠᠬᠢ ᠪᠣᠯᠤᠭᠠᠳᠤᠶ ᠪᠠᠶᠢᠨ᠎ᠠ︔ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ

ᠪᠠᠰᠠ ᠨᠠᠷᠢᠯᠢᠭ ᠣᠨᠣᠴᠢᠲᠠᠶ ᠪᠢᠰᠢ᠂ ᠬᠡᠰᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ

ᠡᠵᠡᠩᠨᠡᠯᠲᠡ ᠬᠦᠴᠢᠷᠳᠡᠯ ᠲᠠᠢ ᠪᠠᠶᠢᠨ᠎ᠠ︔ ᠲᠥᠷᠦᠯ ᠵᠦᠢᠯ ᠤᠨ ᠨᠥᠭᠡᠴᠡ ᠬᠦᠷᠦᠯᠴᠡᠬᠦ ᠦᠭᠡᠢ᠂ ᠲᠤᠮᠤ ᠲᠦᠷᠦᠯ ᠵᠦᠢᠯ᠂ ᠰᠠᠶᠢᠨ ᠲᠥᠷᠦᠯ ᠵᠦᠢᠯ ᠴᠥᠭᠡᠨ᠂

ᠪᠡᠯᠡ ᠣᠷᠣᠭᠤᠯᠤᠯᠲᠠ ᠶᠢᠨ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠶᠢᠨ ᠬᠦᠳᠦᠯᠦᠨ ᠳᠠᠭᠠᠭᠤᠯᠬᠤ ᠬᠦᠴᠦᠨ ᠬᠦᠷᠦᠯᠴᠡᠬᠦ ᠦᠭᠡᠢ ᠪᠠᠶᠢᠨ᠎ᠠ︔ ᠡᠵᠡᠩᠨᠡᠯᠲᠡ

ᠠᠷᠠᠯᠵᠢᠶᠠᠨ ᠤ ᠣᠷᠴᠢᠨ ᠲᠣᠭᠤᠷᠢᠨ ᠬᠢᠭᠡᠳ ᠬᠥᠭᠵᠢᠯᠲᠡ ᠶᠢᠨ ᠱᠠᠭᠠᠷᠳᠠᠯᠭ᠎ᠠ ᠮᠥᠨ ᠬᠦ ᠵᠥᠷᠢᠶ᠎ᠡ ᠲᠠᠢ ᠪᠠᠶᠢᠭᠰᠠᠭᠠᠷ︔ ᠡᠬᠢ ᠪᠠᠶᠠᠯᠢᠭ ᠡᠨᠧᠷᠭᠢ ᠶᠢᠨ

ᠰᠤᠷᠪᠤᠯᠵᠢ ᠶᠢᠨ ᠬᠢᠵᠠᠭᠠᠷᠯᠠᠯ ᠲᠠᠰᠤᠷᠠᠯᠳᠠ ᠦᠭᠡᠢ ᠰᠢᠷᠦᠭᠦᠰᠴᠦ᠂ ᠤᠰᠤ ᠬᠡᠷᠡᠭᠯᠡᠬᠦ ᠡᠨᠧᠷᠭᠢ ᠬᠡᠷᠡᠭᠯᠡᠬᠦ ᠪᠦᠲᠦᠴᠡ ᠶᠢᠨ ᠵᠥᠷᠢᠴᠡᠯ ᠲᠤᠪᠤᠶᠢᠮ᠎ᠠ ᠪᠤᠯᠵᠤ᠂ ᠠᠮᠢ

ᠠᠬᠤᠶ ᠶᠢ ᠰᠡᠷᠭᠦᠭᠡᠬᠦ ᠪᠠ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠡᠭᠦᠷᠭᠡ ᠪᠡᠷᠬᠡ ᠬᠠᠲᠠᠭᠤᠵᠢᠯᠲᠠᠶ ᠪᠠᠶᠢᠨ᠎ᠠ︔ ᠡᠳ᠋ ᠤᠨ ᠵᠠᠰᠠᠭ ᠤᠨ

ᠣᠷᠣᠯᠭ᠎ᠠ ᠵᠠᠷᠤᠯᠭ᠎ᠠ ᠶᠢᠨ ᠳᠠᠷᠤᠯᠲᠠ ᠨᠡᠯᠢᠶᠡᠳ ᠶᠡᠭᠡ ᠪᠠᠶᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠤᠯᠠᠨ ᠨᠡᠶᠢᠲᠡ ᠶᠢᠨ ᠦᠢᠯᠡᠴᠢᠯᠡᠭᠡ ᠪᠠᠰᠠ

ᠬᠦᠷᠦᠯᠴᠡᠬᠦ ᠦᠭᠡᠢ ᠲᠠᠯ᠎ᠠ ᠪᠠᠶᠢᠨ᠎ᠠ︔ ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠨᠡᠯᠢᠶᠡᠳ ᠲᠤᠪᠤᠶᠢᠮ᠎ᠠ

ᠪᠠᠶᠢᠨ᠎ᠠ︔ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠮᠥᠨ ᠯᠡ ᠮᠠᠰᠢ ᠤᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠲᠤᠯᠭᠠᠷᠠᠵᠤ

ᠪᠠᠶᠢᠨ᠎ᠠ︔ ᠵᠠᠷᠢᠮ ᠺᠠᠳ᠋ᠷ ᠤᠨ ᠦᠵᠡᠯ ᠰᠠᠨᠠᠭ᠎ᠠ ᠣᠶᠢᠯᠠᠭᠠᠭᠳᠠᠬᠤᠨ ᠨᠢ ᠬᠥᠰᠢᠭᠦᠷᠡᠵᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠳᠤ ᠠᠮᠢᠵᠢᠷᠠᠯ ᠤᠨ

ᠬᠦᠴᠦᠨ ᠢᠶᠠᠷ ᠳᠤᠲᠠᠮᠠᠭ᠂ ᠣᠶᠢᠯᠠᠭᠠᠬᠤ ᠦᠭᠡᠢ᠂ ᠴᠢᠳᠠᠬᠤ ᠦᠭᠡᠢ᠂ ᠵᠢᠷᠦᠬᠡᠰᠢᠶᠡᠬᠦ᠂ ᠳᠤᠷ᠎ᠠ ᠦᠭᠡᠢ ᠪᠠᠶᠢᠬᠤ ᠠᠰᠠᠭᠤᠳᠠᠯ ᠪᠠᠰᠠ ᠮᠠᠰᠢ ᠲᠤᠪᠤᠶᠢᠮ᠎ᠠ ᠣᠷᠣᠰᠢᠵᠤ

ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠡᠷᠬᠡᠪᠰᠢ ᠬᠦᠴᠦᠲᠡᠶ ᠠᠷᠭ᠎ᠠ ᠬᠡᠮᠵᠢᠶ᠎ᠡ ᠠᠪᠴᠤ ᠦᠨᠡᠨᠬᠦ ᠰᠢᠢᠳᠪᠦᠷᠢᠯᠡᠬᠦ ᠬᠡᠷᠡᠭᠲᠡᠶ᠃

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ