2021 ᠣᠨ ᠳᠤ ᠤᠯᠠᠭᠠᠨᠬᠠᠳᠠ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠪᠠᠭᠠᠰᠪᠠ
ᠨᠡᠶᠢᠲᠡᠯᠡᠭᠰᠡᠨ ᠴᠠᠭ᠄
2022/2/18
     2021 ᠣᠨ ᠳᠤ ᠤᠯᠠᠭᠠᠨᠬᠠᠳᠠ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠢᠯᠠᠩᠭᠤᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠬᠢᠭᠤᠯᠤᠯ ᠳᠣᠤᠷ᠎ᠠ᠂ ᠤᠯᠤᠰ ᠠᠴᠠ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠨᠠᠩ ᠶᠡᠭᠡ ᠪᠣᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ ᠢᠳᠡᠭ ᠢᠳᠡᠭ ᠢᠶᠠᠷ ᠪᠠᠭᠠᠰᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠪᠦᠲᠦᠴᠡ ᠶᠢ ᠦᠷᠭᠦᠯᠵᠢᠯᠡᠨ ᠰᠠᠶᠢᠵᠢᠷᠠᠭᠤᠯᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠶᠢᠨ ᠪᠠᠶᠢᠴᠠᠭᠠᠯᠲᠠ ᠶᠢᠨ ᠠᠩᠭᠢ ᠶᠢᠨ ᠥᠯᠢᠭᠡᠷ ᠠᠪᠴᠤ ᠪᠠᠶᠢᠴᠠᠭᠠᠭᠰᠠᠨ ᠢᠶᠠᠷ᠂ 2021 ᠣᠨ ᠳᠤ ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 37468 ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 7.8%᠎ ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15279 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 11.2%᠎ ᠢᠶᠠᠷ ᠨᠡᠮᠡᠭᠳᠡᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠎ ᠨᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ 3.4 ᠵᠠᠭᠤᠨ ᠤ ᠨᠢᠭᠡᠴᠢ ᠲᠦᠷᠭᠡᠨ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠳᠠᠬᠢᠨ ᠲᠤᠭ᠎ᠠ ᠶᠢᠨ ᠬᠠᠷᠢᠴᠠᠯ 2.45 ᠪᠠᠶᠢᠵᠤ᠂ ᠳᠡᠭᠡᠷ᠎ᠡ ᠵᠢᠯ ᠤᠨ ᠬᠢ ᠲᠠᠢ ᠬᠠᠷᠢᠴᠠᠭᠤᠯᠪᠠᠯ 0.08᠎ ᠪᠠᠷ ᠪᠠᠭᠠᠰᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠢᠯᠡᠳᠲᠡ ᠪᠠᠭᠠᠰᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ