2022 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵  ᠳᠥᠷᠪᠡ ︶
ᠨᠡᠶᠢᠲᠡᠯᠡᠭᠰᠡᠨ ᠴᠠᠭ᠄
2022/2/18
      ᠳᠥᠷᠪᠡ᠂ ᠵᠠᠰᠠᠭ ᠤᠨ ᠣᠷᠳᠣᠨ ᠤ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ      ᠲᠥᠯᠥᠭᠡᠯᠡᠭᠴᠢᠳ ᠡ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠵᠠᠰᠠᠭ ᠤᠨ ᠣᠷᠳᠣᠨ ᠤ ᠠᠵᠢᠯ ᠳᠤ ᠬᠡᠪᠰᠢᠮᠡᠯ ᠵᠢᠷᠦᠮ ᠳᠤ ᠪᠠᠷᠢᠭᠳᠠᠵᠤ᠂ ᠲᠤᠭᠲᠠᠮᠠᠯ ᠭᠤᠷᠢᠮ ᠢ ᠮᠦᠷᠳᠡᠵᠦ ᠶᠠᠭᠠᠬᠢᠭᠰᠠᠨ ᠴᠤ ᠪᠣᠯᠬᠤ ᠦᠭᠡᠢ᠂ ᠪᠣᠯᠭᠤᠮᠵᠢᠯᠠᠨ ᠬᠠᠰᠢᠷᠯᠠᠵᠤ ᠠᠯᠪᠠ ᠬᠠᠰᠢᠵᠤ ᠶᠠᠭᠠᠬᠢᠭᠰᠠᠨ ᠴᠤ ᠪᠣᠯᠬᠤ ᠦᠭᠡᠢ᠂ ᠨᠠᠵᠠᠭᠠᠶᠢᠷᠠᠨ ᠬᠤᠶᠢᠷᠭᠤᠰᠢᠵᠤ ᠲᠠᠯᠠᠭᠠᠷ ᠮᠣᠩᠭᠠᠨᠢᠵᠤ ᠶᠠᠭᠠᠬᠢᠭᠰᠠᠨ ᠴᠤ ᠪᠣᠯᠬᠤ ᠦᠭᠡᠢ᠂ ᠬᠤᠭᠤᠰᠣᠨ ᠤᠷᠢᠶ᠎ᠠ ᠬᠠᠰᠬᠢᠷᠴᠤ ᠬᠠᠭᠤᠷᠮᠠᠭᠯᠠᠨ ᠴᠠᠯᠠᠭᠠᠢᠳᠠᠭᠤᠯᠵᠤ ᠶᠠᠭᠠᠬᠢᠭᠰᠠᠨ ᠴᠤ ᠪᠣᠯᠬᠤ ᠦᠭᠡᠢ᠂ ᠡᠷᠬᠡᠪᠰᠢ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠲᠦᠷᠭᠡᠨ ᠢᠶᠠᠷ ᠵᠣᠬᠢᠴᠠᠵᠤ᠂ ᠠᠵᠢᠯ ᠢᠶᠠᠨ ᠡᠵᠡᠮᠳᠡᠬᠦ ᠴᠢᠳᠠᠪᠤᠷᠢ ᠪᠣᠯᠤᠨ ᠡᠷᠳᠡᠮ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠠᠶᠠᠨ ᠵᠠᠮ ᠳᠠᠭᠠᠨ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠪᠠᠶᠢᠨ᠎ᠠ᠃      ᠪᠢᠳᠠ ᠵᠠᠪᠠᠯ ᠲᠤᠬ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠨ᠎ᠡ᠃ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠢᠮᠠᠭᠲᠠ ︽ᠲᠥᠷᠥ ᠵᠠᠰᠠᠭ ᠤᠨ ᠲᠡᠷᠢᠭᠦᠨ ᠶᠠᠪᠤᠳᠠᠯ︾ ᠢ ᠪᠠᠲᠤ ᠴᠡᠭᠡᠵᠢᠯᠡᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠶᠤᠰᠤᠴᠢᠯᠠᠨ ᠨᠠᠶᠢᠳᠠᠪᠤᠷᠢᠵᠢᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠪᠠᠷᠢᠮᠲᠠᠯᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠶᠢ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠦᠨ᠎ᠡ᠃      ᠪᠢᠳᠡ ᠵᠠᠪᠠᠯ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ︽ᠠᠵᠢᠯᠯᠠᠬᠤ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠯᠠᠪᠳᠠᠭᠤᠨ ᠪᠠᠲᠤᠲᠠᠶ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠢᠯ ᠤᠨ ᠳᠤᠮᠳᠠ ᠨᠠᠶᠢᠳᠠᠪᠤᠷᠢᠵᠢᠭᠤᠯᠬᠤ ᠦᠭᠡᠢ᠂ ᠪᠣᠳᠠᠲᠠᠶᠢᠵᠢᠭᠤᠯᠬᠤ ᠦᠭᠡᠢ ᠦᠵᠡᠭᠳᠡᠯ ᠢ ᠡᠷᠡᠰ ᠬᠤᠷᠢᠭᠯᠠᠨ᠎ᠠ᠃ ᠡᠳ᠋ ᠤᠨ ᠬᠦᠴᠦᠨ ᠢ ᠳᠣᠷᠣᠭᠰᠢ ᠪᠠᠭᠤᠯᠭᠠᠬᠤ᠂ ᠲᠦᠷᠦ ᠶᠢᠨ ᠪᠤᠳᠤᠯᠭ᠎ᠠ ᠶᠢ ᠳᠣᠷᠣᠭᠰᠢ ᠬᠡᠯᠪᠠᠶᠢᠯᠭᠡᠬᠦ ᠶᠢ ᠪᠠᠷᠢᠮᠲᠠᠯᠠᠵᠤ᠂ ᠨᠡᠩ ᠤᠯᠠᠨ ᠡᠬᠢ ᠪᠠᠶᠠᠯᠢᠭ ᠤᠨ ᠬᠦᠴᠦᠨ ᠢ ᠲᠠᠶᠢᠴᠢᠯᠠᠨ ᠦᠨᠳᠦᠰᠦᠨ ᠱᠠᠲᠤᠨ ᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠡᠷᠬᠡ ᠪᠣᠭᠤᠮᠲᠠ ᠶᠢ ᠲᠤᠭᠤᠯᠬᠤ ᠳᠤᠨᠢ ᠬᠠᠪᠰᠤᠷᠴᠤ᠂ ᠡᠯ᠎ᠠ ᠲᠠᠯ᠎ᠠ ᠶᠢᠨ ᠡᠷᠴᠢ ᠵᠣᠷᠢᠭ ᠢ ᠭᠦᠢᠴᠡᠳ ᠪᠠᠳᠠᠷᠠᠭᠤᠯᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠥᠭᠵᠢᠯᠲᠡ ᠶᠢ ᠠᠬᠢᠭᠤᠯᠤᠨ᠎ᠠ᠃ ᠠᠵᠢᠯ ᠢ ᠲᠦᠷᠦᠯ ᠵᠦᠢᠯᠴᠢᠯᠡᠬᠦ᠂ ᠲᠦᠷᠦᠯ ᠵᠦᠢᠯ ᠢ ᠬᠠᠷᠠᠯᠲᠠ ᠲᠠᠢ ᠪᠣᠯᠭᠠᠬᠤ᠂ ᠬᠠᠷᠠᠯᠲᠠ ᠶᠢ ᠬᠠᠷᠢᠭᠤᠴᠠᠯᠭ᠎ᠠ ᠲᠠᠢ ᠪᠣᠯᠭᠠᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠨᠠᠷᠢᠨ ᠳᠠᠩᠰᠠ ᠲᠠᠢ ᠪᠣᠯᠭᠠᠬᠤ ᠶᠢ ᠪᠠᠷᠢᠮᠲᠠᠯᠠᠵᠤ᠂ ᠳᠡᠭᠡᠳᠦ ᠳᠤᠤᠷᠠᠳᠤ ᠱᠠᠳᠤ ᠪᠠᠷ ᠨᠡᠪᠲᠡᠷᠡᠯᠴᠡᠭᠦᠯᠬᠦ᠂ ᠱᠠᠳᠤ ᠱᠠᠳᠤ ᠪᠠᠷ ᠬᠠᠷᠢᠭᠤᠴᠠᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠤᠳᠠᠭᠠᠨ ᠬᠢᠬᠦ᠂ ᠮᠠᠶ᠋ᠢᠭ ᠭᠠᠷᠭᠠᠬᠤ᠂ ᠥᠩᠭᠡᠪᠴᠢ ᠠᠵᠢᠯ ᠬᠢᠬᠦ᠂ ᠰᠣᠬᠤᠷ ᠪᠠᠯᠠᠢ ᠪᠠᠷ ᠬᠢᠬᠦ ᠶᠢ ᠡᠷᠡᠰ ᠡᠰᠡᠷᠭᠦᠴᠡᠨ᠎ᠡ᠃ ᠨᠢᠭᠡᠨᠲᠡ ᠲᠤᠭᠲᠠᠭᠠᠭᠰᠠᠨ ᠶᠠᠪᠤᠳᠠᠯ ᠢ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ ᠦᠷ᠎ᠡ ᠪᠦᠲᠦᠮᠵᠢ ᠦᠷ᠎ᠡ ᠳ᠋ᠦᠩ ᠭᠠᠷᠭᠠᠨ᠎ᠠ᠃      ᠪᠢᠳᠡ ᠵᠠᠪᠠᠯ ᠰᠤᠷᠤᠯᠴᠠᠯᠭ᠎ᠠ ᠪᠠᠨ ᠴᠢᠩᠭᠠᠳᠬᠠᠵᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠥᠷᠨᠢᠭᠦᠯᠵᠦ᠂ ᠺᠠᠳ᠋ᠷ ᠤᠨ ᠡᠩᠨᠡᠭᠡᠨ ᠤ ᠤᠨᠤᠯ ᠤᠨ ᠮᠡᠳᠡᠯᠭᠡ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶ ᠶᠢ ᠰᠤᠷᠤᠯᠴᠠᠵᠤ᠂ ᠠᠷᠠᠯᠵᠢᠶᠠᠴᠢᠨ ᠤᠷᠢᠬᠤ ᠶᠢ ᠰᠤᠷᠤᠯᠴᠠᠵᠤ᠂ ᠲᠦᠷᠦᠯ ᠵᠦᠢᠯ ᠢ ᠠᠳᠬᠤᠬᠤ ᠶᠢ ᠰᠤᠷᠤᠯᠴᠠᠵᠤ᠂ ᠨᠡᠶᠢᠭᠡᠮ ᠤᠨ ᠵᠠᠰᠠᠯᠲᠠ ᠶᠢ ᠰᠤᠷᠤᠯᠴᠠᠵᠤ᠂ ᠮᠡᠳᠡᠯᠭᠡ ᠶᠢᠨ ᠪᠠᠯᠠᠶ᠂ ᠲᠤᠷᠰᠢᠯᠭ᠎ᠠ ᠶᠢᠨ ᠬᠤᠭᠤᠰᠣᠨ᠂ ᠴᠢᠳᠠᠪᠤᠷᠢ ᠶᠢᠨ ᠳᠤᠲᠠᠭᠤᠳᠠᠯ ᠢ ᠨᠥᠬᠦᠪᠥᠷᠢᠯᠡᠵᠦ᠂ ᠪᠤᠳᠤᠯᠢᠶᠠᠨᠲᠠᠶ ᠪᠠᠶᠢᠳᠠᠯ ᠢ ᠠᠷᠭᠠᠴᠠᠬᠤ ᠪᠠ ᠵᠠᠬ᠎ᠠ ᠳᠡᠯᠭᠡᠭᠦᠷ ᠤᠨ ᠠᠵᠤ ᠠᠬᠤᠶ ᠶᠢ ᠡᠵᠡᠮᠳᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠦᠢᠯᠡᠳᠦᠯᠭᠡ ᠶᠢᠨ ᠳᠠᠪᠲᠠᠯᠲᠠ ᠶᠢ ᠦᠷᠭᠦᠯᠵᠢᠯᠡᠨ ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ ᠶᠢᠨ ᠭᠤᠣᠯ ᠲᠠᠯᠠᠪᠤᠷ᠂ ᠲᠣᠭᠲᠠᠭᠤᠨ ᠢ ᠬᠠᠮᠠᠭᠠᠯᠠᠬᠤ ᠡᠮᠦᠨ᠎ᠡ ᠹᠷᠣᠨᠲ᠂ ᠤᠯᠠᠨ ᠲᠦᠮᠡᠨ ᠳᠤ ᠦᠢᠯᠡᠴᠢᠯᠡᠬᠦ ᠬᠠᠮᠤᠭ ᠤᠨ ᠡᠮᠦᠨ᠎ᠡ ᠱᠤᠭᠤᠮ ᠳᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠡᠭᠦᠷᠭᠡ ᠶᠢ ᠡᠭᠦᠷᠭᠡᠯᠡᠵᠦ᠂ ᠬᠠᠲᠠᠭᠤ ᠳᠠᠶᠢᠯᠠᠯᠳᠤᠭᠠᠨ ᠢ ᠬᠢᠵᠦ᠂ ᠬᠠᠲᠠᠭᠤᠵᠢᠯ ᠳᠠᠪᠲᠠᠯᠲᠠ ᠶᠢ ᠳᠠᠭᠠᠭᠠᠵᠤ᠂ ᠤᠯᠤᠰ ᠲᠦᠷᠦ ᠶᠢᠨ ᠲᠠᠯ᠎ᠠ ᠪᠠᠷ ᠭᠠᠷᠮᠠᠭᠠᠢ᠂ ᠡᠷᠳᠡᠮ ᠴᠢᠳᠠᠪᠤᠷᠢ ᠪᠠᠷ ᠴᠠᠭᠠᠷᠠᠭᠰᠠᠨ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠪᠠᠷ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠦᠨᠡᠨᠬᠦ ᠪᠡᠶᠡᠯᠡᠭᠦᠯᠦᠨ᠎ᠡ᠃      ᠪᠢᠳᠡ ᠵᠠᠪᠠᠯ ᠬᠠᠤᠯᠢ ᠶᠣᠰᠣᠭᠠᠷ ᠵᠠᠰᠠᠭ ᠶᠠᠪᠤᠭᠤᠯᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠦᠨᠡᠨᠬᠦ ᠲᠦᠷᠢᠮ ᠢᠶᠠᠷ ᠡᠷᠬᠡ ᠶᠢ ᠬᠠᠮᠢᠶᠠᠷᠬᠤ᠂ ᠬᠡᠷᠡᠭ ᠶᠠᠪᠤᠳᠠᠯ ᠢ ᠬᠠᠮᠢᠶᠠᠷᠬᠤ᠂ ᠬᠥᠮᠦᠨ ᠢ ᠬᠠᠮᠢᠶᠠᠷᠬᠤ ᠶᠢ ᠪᠠᠷᠢᠮᠲᠠᠯᠠᠵᠤ᠂ ᠢᠲᠡᠭᠡᠮᠵᠢ ᠶᠢ ᠰᠠᠬᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠲᠣᠭᠲᠠᠴᠠ ᠶᠢ ᠪᠦᠷᠢᠨᠰᠢᠬᠦᠯᠵᠤ᠂ ᠬᠡᠯᠡᠪᠡᠯ ᠵᠠᠪᠠᠯ ᠬᠢᠵᠦ᠂ ᠬᠢᠪᠡᠯ ᠵᠠᠪᠠᠯ ᠦᠷ᠎ᠡ ᠳ᠋ᠦᠩ ᠲᠠᠢ ᠪᠤᠯᠭᠠᠵᠤ ᠂ ᠶᠠᠭᠠᠬᠢᠭᠰᠠᠨ ᠴᠤ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠵᠤ ᠪᠣᠯᠬᠤ ᠦᠭᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠬᠠᠤᠯᠢ ᠪᠠᠷᠢᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠬᠢᠨᠠᠯᠲᠠ ᠶᠢᠨ ᠳᠣᠣᠷ᠎ᠠ ᠠᠵᠢᠯ ᠢᠶᠠᠨ ᠥᠷᠨᠢᠭᠦᠯᠬᠦ ᠳᠤ ᠳᠠᠳᠴᠤ᠂ ᠬᠢᠨᠠᠯᠲᠠ ᠶᠢᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠴᠢᠳᠠᠮᠠᠭᠠᠢ ᠪᠠᠶᠢᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠨ᠎ᠡ᠃      ᠪᠢᠳᠡ ᠵᠠᠪᠠᠯ ᠠᠷᠢᠭᠤᠨ ᠴᠢᠬᠡᠴᠢ ᠪᠠᠷ ᠦᠯᠢᠭᠡᠷ ᠳᠠᠭᠤᠷᠢᠶᠠᠯ ᠪᠣᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠪᠠ ᠲᠤᠰ ᠪᠡᠶ᠎ᠡ ᠶᠢᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠬᠢᠨᠠᠮᠠᠭᠠᠶ ᠭᠦᠢᠴᠡᠳᠬᠡᠨ᠎ᠡ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠤᠨ ᠲᠤᠰᠬᠠᠢ ᠴᠡᠭᠴᠡᠯᠡᠯᠲᠡ ᠶᠢᠨ ᠦᠷ᠎ᠡ ᠪᠦᠲᠦᠭᠡᠯ ᠢᠶᠠᠨ ᠥᠷᠭᠦᠯᠵᠢᠯᠡᠨ ᠪᠠᠬᠢᠵᠢᠭᠦᠯᠵᠦ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ︽ᠲᠦᠷᠪᠡᠨ ᠰᠤᠷᠲᠠᠯ︾ ᠤᠨ ᠠᠷᠬᠠᠭ ᠭᠡᠮ ᠢ ᠬᠦᠴᠦᠯᠡᠨ ᠴᠡᠭᠴᠡᠯᠡᠵᠦ᠂ ᠪᠦᠷᠢᠯᠭᠡᠨ ᠰᠦᠢᠳᠬᠡᠬᠦ ᠶᠢ ᠡᠷᠡᠰ ᠡᠰᠡᠷᠭᠦᠴᠡᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠦᠷᠭᠦᠯᠵᠢᠯᠡᠨ ᠪᠠᠭᠠᠰᠬᠠᠵᠤ᠂ ᠵᠠᠰᠠᠭ ᠤᠨ ᠣᠷᠳᠣᠨ ᠤ ︽ᠭᠠᠮᠲᠠᠶ ᠠᠮᠢᠳᠤᠷᠠᠯ︾ ᠢᠶᠠᠷ ᠤᠯᠠᠨ ᠲᠦᠮᠡᠨ ᠤ ︽ᠰᠠᠶᠢᠨ ᠠᠮᠢᠳᠤᠷᠠᠯ︾ ᠢ ᠰᠤᠯᠢᠨ ᠠᠪᠴᠢᠷᠠᠵᠤ᠂ ᠴᠢᠬᠡᠴᠢ ᠠᠷᠢᠭᠤᠨ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ ᠦᠡᠭᠭᠡ ᠪᠣᠳᠤᠭ ᠪᠤᠯᠭᠠᠨ᠎ᠠ᠃      ᠲᠥᠯᠥᠭᠡᠯᠡᠭᠴᠢᠳ ᠡ︕ ᠰᠢᠨ᠎ᠡ ᠡᠭᠦᠷᠭᠡ ᠬᠦᠨᠳᠦ ᠬᠠᠷᠢᠭᠤᠴᠠᠯᠭ᠎ᠠ ᠪᠢᠳᠡᠨ ᠤ ᠮᠥᠷᠥᠨ ᠳᠤ ᠲᠤᠯᠭᠠᠷᠠᠵᠤ᠂ ᠰᠢᠨ᠎ᠡ ᠠᠶᠠᠨ ᠵᠠᠮ ᠪᠢᠳᠡᠨ ᠢ ᠡᠷᠡᠮᠡᠬᠡᠢᠯᠡᠨ ᠤᠷᠤᠭᠰᠢᠯᠠᠭᠤᠯᠬᠤ ᠪᠠᠷ ᠤᠷᠢᠶᠠᠯᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠵᠡᠯ ᠰᠠᠨᠠᠭ᠎ᠠ ᠪᠠᠨ ᠴᠢᠯᠦᠭᠡᠯᠡᠵᠦ᠂ ᠠᠵᠠ ᠲᠣᠬᠢᠶᠠᠯ ᠢ ᠠᠮᠵᠢᠵᠤ᠂ ᠬᠦᠴᠢᠷ ᠪᠡᠷᠬᠡ ᠶᠢ ᠲᠤᠭᠤᠯᠤᠨ᠂ ᠡᠷᠡᠯᠭᠡᠭᠯᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ