ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ | | | ᠡᠨᠡ ᠵᠢᠯ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠬᠢᠯᠡᠯᠲᠡ ᠶᠢᠨ ᠵᠢᠯ ᠮᠥᠨ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠭᠦᠨᠵᠡᠭᠡᠶᠢᠷᠡᠭᠦᠯᠬᠦ ᠵᠢᠯ ᠮᠥᠨ᠂ ᠪᠠᠰᠠ ᠴᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ | ᠪᠣᠯᠤᠨ᠎ᠠ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | | ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠢ 7% ᠣᠷᠴᠢᠮ ᠨᠡᠮᠡᠭᠳᠡᠭᠦᠯᠬᠦ ᠪᠠᠷ ᠮᠡᠷᠡᠶᠢᠨ ᠴᠢᠷᠮᠠᠶᠢᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7% ᠣᠷᠴᠢᠮ ᠨᠡᠮᠡᠭᠳᠡᠭᠦᠯᠦᠨ | ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 7% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 7% ᠣᠷᠴᠢᠮ ᠨᠡᠮᠡᠭᠳᠡᠭᠦᠯᠦᠨ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠵᠠᠷᠤᠴᠠᠭᠤᠯᠵᠤ ᠪᠣᠯᠬᠤ ᠣᠷᠣᠯᠭ᠎ᠠ ᠶᠢ ᠲᠣᠰ ᠲᠣᠰ 7% ᠣᠷᠴᠢᠮ ᠪᠠ 7.5% ᠣᠷᠴᠢᠮ ᠨᠡᠮᠡᠭᠳᠡᠭᠦᠯᠦᠨ᠎ᠡ᠃ ᠬᠤᠳᠠ ᠪᠠᠯᠭᠠᠰᠤᠨ ᠤ 1.8 | ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ | | ᠡᠭᠦᠨ ᠤ ᠲᠤᠯᠠᠳᠠ᠂ ᠪᠢᠳᠡ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠲᠤᠪᠤᠶᠢᠯᠭᠠᠨ ᠰᠠᠶᠢᠲᠤᠷ ᠠᠳᠬᠤᠨ᠎ᠠ᠃ | ︵ᠨᠢᠭᠡ︶ ᠨᠣᠮᠢᠨ ᠨᠣᠭᠤᠭᠠᠨ ᠣᠷᠴᠢᠨ ᠪᠠᠶᠢᠭᠠᠯᠢ᠂ ᠬᠥᠬᠡᠮᠳᠦᠭ ᠴᠡᠩᠬᠡᠷ ᠠᠭᠠᠷ ᠮᠠᠨᠳᠠᠯ᠂ ᠠᠷᠢᠭᠤᠨ ᠲᠠᠭᠱᠢᠨ ᠣᠰᠤ ᠮᠦᠷᠡᠨ ᠢᠶᠠᠨ ᠡᠷᠡᠰ ᠬᠠᠮᠠᠭᠠᠯᠠᠨ᠎ᠠ | ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ | ᠱᠠᠭᠠᠷᠳᠠᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠳᠤ ᠬᠠᠷᠢᠭᠤ ᠲᠤᠰᠬᠠᠭᠰᠠᠨ ᠠᠰᠠᠭᠤᠳᠠᠯ ᠢ ᠳᠠᠬᠢᠨ ᠬᠢᠨᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠬᠤ᠂ ᠣᠶ ᠰᠢᠭᠤᠶ ᠨᠤᠲᠤᠭ | ᠪᠡᠯᠴᠢᠭᠡᠷ ᠢ ᠲᠤᠰᠬᠠᠶ ᠴᠡᠭᠴᠡᠯᠡᠨ ᠵᠠᠰᠠᠬᠤ ᠵᠡᠷᠭᠡ ᠠᠰᠠᠭᠤᠳᠠᠯ ᠢ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠰᠢᠨ᠎ᠡ ᠨᠢᠭᠡᠨ | ᠡᠭᠡᠯᠵᠢ ᠶᠢᠨ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠶᠢ | ᠦᠨᠡᠨᠬᠦ ᠪᠠᠲᠤᠯᠠᠨ᠎ᠠ᠃ ᠠᠭᠠᠷ ᠮᠠᠨᠳᠠᠯ ᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠭᠤᠣᠯᠳᠠᠯᠭ᠎ᠠ ᠲᠠᠢ ᠣᠷᠣᠨ ᠪᠦᠰᠡ ᠳᠤ ᠠᠭᠠᠷ ᠮᠠᠨᠳᠠᠯ ᠤᠨ | ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠬᠡᠷᠡᠭᠵᠢᠭᠦᠯᠵᠦ᠂ ᠬᠡᠰᠡᠭ ᠭᠠᠵᠠᠷ ᠣᠷᠣᠨ ᠤ ᠠᠭᠠᠷ ᠤᠨ ᠶᠠᠰᠤ ᠴᠢᠨᠠᠷ ᠪᠠᠷᠢᠮᠵᠢᠶ᠎ᠠ ᠳᠤ ᠬᠦᠷᠬᠦ | ᠦᠭᠡᠢ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠤᠰᠤ ᠮᠦᠷᠡᠨ ᠢ ᠬᠠᠮᠠᠭᠠᠯᠠᠬᠤ ᠲᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠤᠯᠤᠰ ᠤᠨ | ᠡᠵᠡᠮᠳᠡᠯ ᠤᠨ ᠣᠭᠲᠣᠯᠤᠭᠠᠰᠤ ᠶᠢᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠥᠷᠥᠰᠥ ᠰᠢᠷᠣᠶ ᠶᠢ ᠬᠠᠮᠠᠭᠠᠯᠠᠬᠤ ᠲᠠᠶᠢᠯᠠᠯᠳᠤᠭᠠᠨ ᠢ | ᠭᠦᠨᠵᠡᠭᠡᠶ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠳᠤ ᠪᠣᠬᠢᠷᠲᠤᠯ ᠢ ᠵᠠᠰᠠᠬᠤ ᠪᠠ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠂ ᠠᠶᠤᠯᠲᠠᠶ ᠬᠠᠶᠠᠭᠳᠠᠮᠠᠯ ᠪᠣᠳᠠᠰ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠥᠷᠨᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠡᠷᠦᠩᠬᠡᠶ ᠳᠡᠭᠡᠨ ᠲᠣᠭᠲᠠᠭᠤᠨ | ᠪᠠᠶᠢᠬᠤ ᠶᠢ ᠪᠠᠲᠤᠯᠠᠨ᠎ᠠ᠃ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠬᠤᠲᠠ ᠰᠢᠶᠠᠨ ᠤ ᠬᠤᠶᠠᠷ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠭᠠᠵᠠᠷ | ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠶᠢ ᠪᠠᠷᠢᠮᠲᠠᠯᠠᠵᠤ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠢ᠂ ᠬᠠᠩᠭᠠᠭᠰᠠᠨ ᠪᠠᠶᠢᠲᠠᠯ᠎ᠠ ᠬᠡᠷᠡᠭᠯᠡᠭᠰᠡᠨ ᠦᠭᠡᠢ | ᠭᠠᠵᠠᠷ ᠰᠢᠷᠣᠶ ᠶᠢᠨ ᠠᠰᠠᠭᠤᠳᠠᠯ ᠢ ᠵᠠᠰᠠᠨ᠎ᠠ᠃ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢᠨ ᠪᠠᠷᠢᠮᠵᠢᠶ᠎ᠠ ᠪᠠᠷ ᠬᠥᠲᠥᠯᠦᠨ ᠵᠢᠯᠣᠭᠤᠳᠬᠤ ᠶᠢ | ᠴᠢᠩᠭᠠᠷᠠᠭᠤᠯᠤᠨ᠂ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢ ᠴᠢᠩᠭ᠎ᠠ ᠡᠵᠡᠮᠳᠡᠵᠦ᠂ ᠡᠨᠧᠷᠭᠢ ᠶᠢᠨ ᠬᠡᠷᠡᠭᠯᠡᠭᠡ ᠶᠢᠨ ᠶᠡᠷᠦᠩᠬᠡᠶ ᠬᠡᠮᠵᠢᠶ᠎ᠡ ᠶᠢ ᠵᠣᠬᠢᠰᠲᠠᠶ | ᠡᠵᠡᠮᠳᠡᠬᠦ᠂ ᠬᠠᠷᠢᠮᠠᠬᠠᠶ ᠴᠢᠨᠠᠷᠲᠠᠶ ᠪᠠᠷ ᠬᠠᠮᠢᠶᠠᠷᠬᠤ ᠶᠢ ᠬᠡᠷᠡᠭᠵᠢᠭᠦᠯᠵᠦ᠂ ︽ᠬᠤᠤᠰ ᠨᠡᠭᠦᠷᠡᠰᠦᠲᠥ᠋ᠷᠥᠭᠴᠢ︾ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠠᠯᠬᠤᠮ | ᠠᠯᠬᠤᠮ ᠢᠶᠠᠷ ᠪᠠᠶᠢᠭᠤᠯᠤᠨ᠎ᠠ᠃ ᠤᠯᠠᠨ ᠨᠡᠶᠢᠲᠡ ᠶᠢᠨ ᠪᠠᠶᠢᠭᠤᠯᠤᠮᠵᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠴᠢᠩᠭᠠᠷᠠᠭᠤᠯᠵᠤ᠂ ᠪᠦᠬᠦ | ᠨᠡᠶᠢᠭᠡᠮ ᠳᠠᠶᠠᠭᠠᠷ ᠲᠤ ᠳᠥᠭᠦᠮ ᠪᠥᠭᠡᠳ ᠲᠣᠬᠢᠷᠠᠮᠵᠢᠲᠠᠢ᠂ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠬᠡᠯᠪᠡᠷᠢ ᠶᠢ ᠰᠤᠷᠲᠠᠯᠴᠢᠯᠠᠨ᠎ᠠ᠃ | ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ + ᠪᠠᠶᠢᠴᠠᠭᠠᠬᠤ ᠳᠠᠷᠤᠭ᠎ᠠ ︾ ︽ᠣᠶ ᠰᠢᠭᠤᠶ ᠨᠤᠲᠤᠭ | ᠪᠡᠯᠴᠢᠭᠡᠷ ᠤᠨ ᠳᠠᠷᠤᠭ᠎ᠠ + ᠴᠠᠭᠳᠠᠭᠠᠨ ᠳᠠᠷᠤᠭ᠎ᠠ ︾ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ | ᠪᠠᠶᠠᠯᠢᠭ ᠤᠨ ᠠᠵᠢᠯ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ | ᠪᠠᠶᠢᠭᠤᠯᠤᠯᠲᠠ ᠶᠢ ᠲᠦᠷᠭᠡᠳᠬᠡᠨ᠂ ᠳᠠᠭᠠᠭᠠᠴᠢᠯᠠᠨ ᠡᠵᠡᠩᠨᠡᠭᠴᠢ ᠪᠠ ᠣᠶ ᠪᠡᠯᠴᠢᠭᠡᠷ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠪᠣᠲᠠᠲᠠᠶᠢᠵᠢᠭᠤᠯᠤᠨ᠎ᠠ᠃ ᠪᠠᠷᠠᠭᠤᠨ | ᠯᠢᠶᠣᠤᠾᠧ ᠭᠤᠤᠯ ᠤᠨ ᠴᠢᠬᠤᠯᠠ ᠡᠬᠢ ᠰᠤᠷᠪᠤᠯᠵᠢ ᠶᠢᠨ ᠣᠷᠣᠨ ᠤ ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠬᠤ | ᠢᠨᠵᠧᠨᠧᠷᠢᠩ ᠢ ᠢᠳᠡᠪᠬᠢᠯᠡᠨ ᠠᠬᠢᠭᠤᠯᠤᠨ᠎ᠠ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠨᠡᠶᠢᠭᠡᠮ ᠤᠨ | ᠬᠥᠷᠥᠩᠭᠡ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠵᠢᠯ ᠤᠨ ᠳᠣᠲᠣᠷ᠎ᠠ 25 ᠲᠦᠮᠡᠨ ᠮᠥ ᠮᠣᠳᠣ | ᠲᠠᠷᠢᠬᠤ ᠶᠢ ᠪᠡᠶᠡᠯᠡᠭᠦᠯᠵᠦ ᠂ 28 ᠲᠦᠮᠡᠨ ᠮᠥ ᠮᠠᠭᠤᠳᠠᠭᠰᠠᠨ ᠬᠠᠮᠠᠭᠠᠯᠠᠯᠲᠠ ᠶᠢᠨ ᠣᠶ ᠶᠢ ᠥᠭᠡᠷᠡᠴᠢᠯᠡᠵᠦ᠂ 60 ᠲᠦᠮᠡᠨ ᠮᠥ ᠡᠯᠡᠰᠦ ᠶᠢ ᠰᠡᠷᠭᠡᠶᠢᠯᠡᠨ | ᠵᠠᠰᠠᠵᠤ᠂ ᠬᠥᠮᠦᠨ ᠤ ᠬᠦᠴᠦ ᠪᠠᠷ 108 ᠲᠦᠮᠡᠨ ᠮᠥ ᠡᠪᠡᠰᠦ ᠲᠠᠷᠢᠬᠤ ᠶᠢ ᠬᠡᠷᠡᠭᠵᠢᠭᠦᠯᠵᠦ᠂ 20 ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ ᠪᠠᠶᠢᠭᠤᠯᠤᠨ᠎ᠠ᠃ | ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠣᠶᠤᠨᠴᠢ ᠬᠢᠨᠠᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ | ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢᠨ | ᠬᠤᠷᠢᠭ᠎ᠠ ᠱᠤᠭᠤᠮ ᠤᠨ ᠬᠠᠮᠢᠶᠠᠷᠤᠯᠲᠠ ᠶᠢᠨ ᠲᠥᠷᠢᠮ ᠪᠣᠯᠤᠨ ᠬᠤᠲᠠ ᠪᠠᠯᠭᠠᠰᠤ ᠶᠢᠨ ᠤᠰᠤᠨ ᠤ ᠱᠠᠲᠤᠯᠢᠭ ᠦᠨ᠎ᠡ ᠶᠢᠨ ᠲᠥᠷᠢᠮ ᠢ ᠴᠢᠩᠭ᠎ᠠ ᠬᠡᠷᠡᠭᠵᠢᠭᠦᠯᠵᠦ᠂ | ᠲᠠᠷᠢᠶᠠᠯᠠᠩ ᠤᠨᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠤᠰᠤ ᠪᠠᠷ ᠲᠦᠷᠪᠡ ᠶᠢ ᠲᠣᠭᠲᠠᠭᠠᠬᠤ︾᠂ ︽ᠤᠰᠤᠨ ᠤ ᠬᠡᠮᠵᠢᠶ᠎ᠡ ᠪᠠᠷ ᠶᠠᠪᠤᠭᠳᠠᠭᠤᠯᠬᠤ︾ ᠵᠠᠷᠴᠢᠮ ᠢ ᠪᠠᠷᠢᠮᠲᠠᠯᠠᠨ | ᠂ ᠤᠳᠤ ᠪᠠᠶᠢᠭ᠎ᠠ ᠤᠰᠤᠯᠠᠯᠲᠠ ᠶᠢᠨ ᠲᠠᠷᠢᠶ᠎ᠠ ᠪᠠ ᠲᠦᠬᠦᠭᠡᠷᠦᠮᠵᠢᠳᠤ ᠲᠠᠷᠢᠶᠠᠯᠠᠩ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠥᠭᠡᠷᠡᠴᠢᠯᠡᠯᠲᠡ ᠶᠢ | ᠲᠦᠷᠭᠡᠪᠴᠢᠯᠡᠨ ᠬᠡᠷᠡᠭᠵᠢᠭᠦᠯᠵᠦ᠂ 102.5 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠳᠠᠬᠢᠯᠲᠠ ᠤᠰᠤ ᠶᠢ | ᠰᠢᠢᠳᠪᠦᠷᠢᠯᠡᠬᠦ ᠤᠷ᠎ᠠ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠬᠦ ᠶᠢ ᠠᠬᠢᠭᠤᠯᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠦᠨ᠎ᠡ᠃ ᠤᠰᠤ ᠶᠢ ᠠᠷᠪᠢᠯᠠᠵᠤ ᠬᠡᠷᠡᠭᠯᠡᠬᠦ ᠪᠠᠶᠢᠩᠭᠤᠵᠢᠬᠰᠠᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠨᠡᠶᠢᠭᠡᠮ ᠳᠠᠶᠠᠭᠠᠷ ᠲᠤ ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ | | ︵ᠬᠤᠶᠠᠷ︶ ᠪᠦᠲᠦᠮᠵᠢᠲᠡᠶ ᠪᠠᠯᠠ ᠣᠷᠣᠭᠤᠯᠤᠯᠲᠠ ᠶᠢ ᠳᠣᠪᠤᠶᠢᠯᠭᠠᠨ ᠥᠷᠭᠡᠳᠬᠡᠵᠦ᠂ ᠤᠯᠠᠭᠠᠨᠬᠠᠳᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ | ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠎ᠠ | ᠲᠦᠷᠦᠯ ᠵᠦᠢᠯ ᠢ ᠲᠥᠯᠥᠪᠵᠢᠭᠦᠯᠬᠦ ᠪᠠ ᠪᠡᠯᠡ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠤᠨ᠎ᠠ᠃ ︽ᠨᠢᠭᠡ ᠲᠥᠪ ᠬᠤᠶᠠᠷ ᠲᠤᠰᠬᠠᠶ ᠠᠩᠭᠢ︾ ᠶᠢᠨ | ᠦᠢᠯᠡᠳᠦᠯ ᠢ ᠪᠠᠳᠠᠷᠠᠭᠤᠯᠵᠤ᠂ ︽ᠭᠤᠷᠪᠠᠨ ᠰᠢᠨ᠎ᠡ ᠱᠠᠭᠠᠷᠳᠠᠯᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠥᠨᠳᠥᠷ︾ ᠤᠨ ᠲᠥᠷᠥᠯ ᠵᠦᠢᠯ ᠤᠨ | ᠪᠣᠭᠤᠮᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ | ᠲᠣᠭᠤᠷᠢᠨ ᠳᠤ ᠨᠢᠭᠡ ᠪᠦᠯᠦᠭ ᠲᠤᠯᠭᠠᠭᠤᠷᠢᠯᠠᠬᠤ ᠴᠢᠨᠠᠷᠲᠠᠶ ᠪᠠ ᠳᠠᠶᠢᠴᠢᠯᠠᠬᠤ ᠬᠦᠴᠦᠨ ᠲᠠᠢ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠰᠦᠪᠡᠭᠴᠢᠯᠡᠨ | ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠠ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢᠨ ᠲᠥᠷᠥᠯ ᠵᠦᠢᠯ ᠤᠨ ᠬᠥᠮᠥᠷᠭᠡ ᠳᠤ | ᠲᠣᠬᠢᠷᠠᠭᠤᠯᠤᠯᠲᠠ ᠬᠢᠵᠦ ᠲᠠᠰ ᠳᠡᠪᠰᠢᠬᠦ ᠶᠢ ᠲᠦᠷᠭᠡᠳᠬᠡᠵᠦ᠂ ᠪᠥᠬᠦ ᠵᠢᠯ ᠳᠤ 1000 ᠠᠴᠠ ᠳᠡᠭᠡᠭᠰᠢ ᠲᠥᠷᠥᠯ ᠵᠦᠢᠯ ᠢ ᠲᠥᠰᠥᠪᠯᠡᠨ᠎ᠡ᠃ ᠲᠥᠷᠥ ᠶᠢᠨ | ᠪᠣᠳᠣᠯᠭ᠎ᠠ ᠶᠢᠨ ᠬᠠᠨᠳᠤᠰᠢ ᠶᠢ ᠣᠨᠣᠪᠴᠢᠲᠠᠶ ᠡᠵᠡᠮᠳᠡᠵᠦ᠂ ᠡᠯ᠎ᠡ ᠲᠥᠷᠥᠯ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠪᠠ ᠵᠢᠭᠡᠯᠡᠯᠭᠡ | ᠶᠢᠨ ᠲᠡᠮᠳᠡᠭᠲᠦ ᠶᠢᠨ ᠪᠠᠯᠠ ᠮᠥᠩᠭᠦ ᠶᠢ ᠢᠳᠡᠪᠬᠢᠯᠡᠨ ᠣᠯᠵᠤ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠵᠦᠢᠯᠡᠰ ᠤᠨ ᠡᠮᠦᠨᠡᠬᠢ ᠬᠤᠭᠤᠴᠠᠭᠠᠨ ᠤ | ᠠᠵᠢᠯ ᠢ ᠵᠣᠬᠢᠴᠠᠭᠤᠯᠤᠨ ᠵᠢᠯᠣᠭᠤᠳᠬᠤ ᠪᠠ ᠲᠥᠪᠯᠡᠷᠡᠭᠦᠯᠦᠨ ᠰᠢᠪᠲᠤᠯᠬᠤ ᠶᠢ ᠴᠢᠩᠭᠠᠳᠬᠠᠵᠤ᠂ ᠪᠣᠳᠠᠲᠤ ᠠᠵᠢᠯ ᠤᠨ ᠬᠡᠮᠵᠢᠶ᠎ᠡ ᠶᠢ ᠲᠦᠷᠭᠡᠬᠡᠨ ᠪᠤᠢ ᠪᠣᠯᠭᠠᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ︽ᠡᠯᠧᠮᠧᠨ᠋ᠲ ᠨᠢ ᠲᠦᠷᠦᠯ ᠵᠦᠢᠯ ᠢ ᠳᠠᠭᠠᠬᠤ︾ ᠶᠢ | ᠲᠤᠪᠤᠶᠢᠯᠭᠠᠵᠦ᠂ ᠪᠦᠬᠦ ᠬᠡᠯᠬᠢᠶ᠎ᠡ ᠪᠠᠷ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢᠨ | ᠲᠣᠭᠤᠷᠢᠨ ᠳᠤ᠂ ᠵᠢᠯ ᠤᠨ ᠡᠭᠦᠷᠭᠡ ᠶᠢᠨ ᠬᠤᠪᠢᠶᠠᠷᠢ ᠶᠢ ᠲᠣᠭᠲᠠᠭᠠᠵᠤ᠂ ᠴᠠᠭ ᠤᠨ ᠬᠦᠰᠦᠨᠦᠭᠲᠦ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠥᠯᠥᠪᠯᠡᠭᠡ | ᠲᠣᠭᠲᠠᠭᠠᠵᠤ ᠨᠠᠶᠢᠳᠠᠪᠤᠷᠢᠵᠢᠭᠤᠯᠤᠨ᠂ ᠬᠦᠰᠦᠨᠦᠭᠲᠦ ᠲᠠᠢ ᠬᠠᠷᠢᠴᠠᠭᠤᠯᠤᠨ ᠠᠬᠢᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠪᠠᠷ ᠲᠥᠰᠦᠯ ᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠲᠥᠷᠥᠯ ᠵᠦᠢᠯ ᠤᠨ ᠬᠠᠮᠢᠶᠠᠷᠤᠭᠴᠢ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠰᠬᠠᠶ ᠠᠩᠭᠢ ᠪᠠᠷ | ᠠᠬᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠪᠥᠬᠦ ᠵᠢᠯ ᠳᠤ 5000 ᠲᠦᠮᠡᠨ ᠲᠥᠭᠦᠷᠢᠭ ᠠᠴᠠ ᠳᠡᠭᠡᠭᠰᠢ | ᠭᠤᠣᠯᠳᠠᠯᠭ᠎ᠠ ᠲᠠᠢ ᠲᠥᠷᠥᠯ ᠵᠦᠢᠯ ᠢ 600 ᠠᠴᠠ ᠳᠡᠭᠡᠭᠰᠢ ᠬᠡᠷᠡᠭᠵᠢᠭᠦᠯᠦᠨ᠎ᠡ᠃ | ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠤ ᠦᠢᠯᠡᠰ ᠤᠨ ᠬᠡᠯᠬᠢᠶ᠎ᠡ ᠶᠢᠨ | ᠬᠠᠷᠢᠭᠤᠴᠠᠭᠴᠢ᠂ ᠲᠤᠰᠬᠠᠶ ᠠᠩᠭᠢ ᠶᠢᠨ ᠳᠠᠷᠤᠭ᠎ᠠ ᠵᠢᠴᠢ ᠡᠯ᠎ᠡ ᠱᠠᠲᠤᠨ ᠤ ᠠᠷᠠᠯᠵᠢᠶᠠᠴᠢᠨ ᠤᠷᠢᠬᠤ ᠡᠩᠨᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠪᠠᠶᠢᠩᠭᠤᠵᠢᠭᠤᠯᠤᠨ ᠭᠠᠳᠠᠭᠰᠢ ᠭᠠᠷᠴᠤ᠂ ᠨᠠᠷᠢᠯᠢᠭ ᠣᠨᠣᠴᠠᠲᠠᠶ ᠪᠠᠷ ᠣᠷᠣᠭᠤᠯᠤᠨ ᠠᠪᠴᠢᠷᠠᠵᠤ᠂ ᠨᠢᠭᠡ ᠪᠦᠯᠦᠭ ᠤᠯᠤᠰ ᠤᠨ ᠲᠥᠷᠥ ᠶᠢᠨ ᠪᠣᠳᠣᠯᠭ᠎ᠠ ᠳᠤ | ᠨᠡᠶᠢᠴᠡᠬᠦ᠂ ᠠᠵᠤ ᠦᠢᠯᠡᠰ ᠤᠨ ᠲᠠᠰ ᠳᠡᠪᠰᠢᠬᠦ ᠶᠢ ᠳᠠᠶᠢᠴᠢᠯᠠᠬᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠰᠠᠶᠢᠨ ᠲᠥᠷᠥᠯ ᠵᠦᠢᠯ ᠤᠨ | ᠮᠠᠨ ᠤ ᠬᠤᠲᠠ ᠳᠤ ᠰᠠᠭᠤᠷᠢᠰᠢᠬᠤ ᠶᠢ ᠠᠬᠢᠭᠤᠯᠵᠤ᠂ ᠪᠦᠬᠦ ᠵᠢᠯ ᠤᠨ ᠠᠷᠠᠯᠵᠢᠶᠠᠴᠢᠨ ᠤᠷᠢᠵᠤ ᠪᠠᠯᠠ ᠲᠠᠲᠠᠭᠰᠠᠨ ᠮᠥᠩᠭᠦ ᠶᠢ 220 ᠳ᠋ᠦᠩᠰᠢᠭᠤᠷ ᠲᠥᠭᠦᠷᠢᠭ | ᠠᠴᠠ ᠳᠡᠭᠡᠭᠰᠢ ᠪᠠᠶᠢᠯᠭᠠᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠨᠢᠭᠡ ᠴᠤᠭᠴᠠᠵᠢᠭᠰᠠᠨ ᠬᠥᠭᠵᠢᠯᠲᠡ ᠳᠤ ᠢᠳᠡᠪᠬᠢᠲᠡᠶ ᠠᠭᠤᠰᠤᠯᠴᠠᠨ᠂ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠪᠥᠬᠦ ᠲᠠᠯ᠎ᠠ ᠪᠠᠷ ᠵᠣᠯᠭᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ | ᠲᠥᠪ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ | ᠭᠦᠨᠵᠡᠭᠡᠶᠢᠷᠡᠭᠦᠯᠦᠨ᠂ ᠭᠠᠳᠠᠭᠠᠳᠤ ᠳᠤ ᠰᠠᠭᠤᠭ᠎ᠠ ᠪᠠᠶᠢᠭᠤᠯᠤᠮᠵᠢ᠂ ᠬᠤᠳᠠᠯᠳᠤᠭᠠᠴᠢᠳ ᠤᠨ ᠡᠪᠯᠡᠯ᠂ ᠭᠠᠳᠠᠨ᠎ᠠ ᠰᠠᠭᠤᠭ᠎ᠠ ᠤᠯᠠᠭᠠᠨᠬᠠᠳᠠ ᠨᠤᠲᠤᠭᠲᠠᠳ ᠤᠨ | ᠬᠤᠯᠪᠣᠭ᠎ᠠ ᠬᠠᠷᠢᠯᠴᠠᠭᠠᠨ ᠤ ᠦᠢᠯᠡᠳᠦᠯ ᠢ ᠦᠨᠡᠨᠬᠦ ᠪᠠᠳᠠᠷᠠᠭᠤᠯᠵᠤ᠂ ᠬᠥᠭᠵᠢᠭᠰᠡᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ | ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠮᠤᠵᠢ ᠶᠢᠨ ᠵᠠᠮ ᠤᠨ 304 ᠱᠤᠭᠤᠮ ᠤᠨ | ᠳ᠋ᠠ ᠰᠢᠩ ᠠᠴᠠ ᠬᠠᠶᠢᠯᠠᠰᠤ ᠳᠤ ᠬᠦᠷᠬᠦ ᠬᠡᠰᠡᠭ᠂ ᠮᠤᠵᠢ ᠶᠢᠨ ᠵᠠᠮ ᠤᠨ 505 ᠱᠤᠭᠤᠮ ᠤᠨ ᠠᠷᠪᠠᠨ ᠭᠡᠷ ᠠᠴᠠ ᠳᠠᠪᠠᠭ᠎ᠠ ᠶᠢᠨ ᠭᠤᠤ ᠬᠦᠷᠬᠦ ᠬᠡᠰᠡᠭ ᠤᠨ ᠵᠠᠰᠠᠮᠠᠯ | ᠵᠠᠮ ᠢ ᠪᠠᠶᠢᠭᠤᠯᠤᠨ ᠲᠡᠷᠭᠡ ᠨᠡᠪᠲᠡᠷᠡᠭᠦᠯᠬᠦ ᠶᠢ ᠠᠬᠢᠭᠤᠯᠵᠤ᠂ ᠪᠢᠷᠠᠭᠤ ᠠᠴᠠ ᠤᠯᠠᠭᠠᠨᠪᠤᠲᠤᠩ ᠬᠥᠷᠬᠦ ᠳᠡᠭᠡᠳᠦ ᠬᠤᠷᠳᠤᠴᠠᠲᠤ ᠵᠠᠰᠠᠮᠠᠯ ᠵᠠᠮ᠂ ᠤᠯᠤᠰ ᠤᠨ ᠵᠠᠰᠠᠮᠠᠯ | ᠵᠠᠮ ᠤᠨ 305 ᠱᠤᠭᠤᠮ ᠤᠨ ᠯᠢᠨᠳᠦ᠋ᠩ ᠠᠴᠠ ᠰᠢᠶᠠ ᠾᠥᠸᠧ ᠹᠠᠩ ᠬᠥᠷᠬᠦ ᠬᠡᠰᠡᠭ᠂ ᠤᠯᠤᠰ ᠤᠨ ᠵᠠᠰᠠᠮᠠᠯ ᠵᠠᠮ ᠤᠨ 508 ᠱᠤᠭᠤᠮ ᠤᠨ ᠰᠢᠶᠤᠤ ᠴᠧᠩ | ᠽᠢ ᠠᠴᠠ ᠫᠢᠩ ᠴᠢᠤᠸᠠᠨ ᠬᠥᠷᠬᠦ ᠬᠡᠰᠡᠭ᠂ ᠮᠤᠵᠢ ᠶᠢᠨ ᠵᠠᠰᠠᠮᠠᠯ ᠵᠠᠮ ᠤᠨ 220 ᠱᠤᠭᠤᠮ ᠤᠨ ᠬᠠᠨᠳᠠᠬᠠᠨ ᠠᠴᠠ ᠤᠯᠠᠭᠠᠨᠪᠣᠳᠤᠩ ᠬᠥᠷᠬᠦ ᠬᠡᠰᠡᠭ ᠤᠨ ᠵᠠᠰᠠᠮᠠᠯ | ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠣᠩᠨᠢᠭᠤᠳ ᠠᠴᠠ ᠴᠢᠪᠠᠭ᠎ᠠ ᠬᠥᠷᠬᠦ ᠳᠡᠭᠡᠳᠦ ᠬᠤᠷᠳᠤᠴᠠᠳᠤ ᠵᠠᠰᠠᠮᠠᠯ ᠵᠠᠮ᠂ ᠤᠯᠤᠰ ᠤᠨ ᠵᠠᠰᠠᠮᠠᠯ | ᠵᠠᠮ ᠤᠨ 111 ᠱᠤᠭᠤᠮ ᠤᠨ ᠰᠢᠶᠤᠤ ᠺᠠᠷᠠ ᠠᠴᠠ ᠤᠯᠠᠭᠠᠨᠬᠠᠳᠠ ᠬᠥᠷᠬᠦ ᠬᠡᠰᠡᠭ᠂ ᠮᠤᠵᠢ ᠶᠢᠨ ᠵᠠᠮ ᠤᠨ 504 ᠱᠤᠭᠤᠮ ᠤᠨ ᠲᠠᠪᠢᠨ ᠭᠡᠷ ᠠᠴᠠ ᠯᠢᠨᠰᠢ ᠬᠥᠷᠬᠦ | ᠬᠡᠰᠡᠭ᠂ ᠮᠤᠵᠢ ᠶᠢᠨ ᠵᠠᠮ ᠤᠨ 210 ᠱᠤᠭᠤᠮ ᠤᠨ ᠪᠠᠯᠴᠢᠷᠤᠳ ᠠᠴᠠ ᠭᠤᠷᠤᠬᠠᠨ ᠬᠥᠷᠬᠦ ᠬᠡᠰᠡᠭ ᠵᠡᠷᠭᠡ ᠵᠠᠰᠠᠮᠠᠯ ᠵᠠᠮ ᠤᠨ ᠪᠠᠷᠢᠯᠭ᠎ᠠ ᠡᠬᠢᠯᠡᠭᠦᠯᠬᠦ ᠶᠢ ᠬᠦᠴᠦᠯᠡᠨ | ᠠᠬᠢᠭᠤᠯᠤᠨ᠎ᠠ᠃ ᠵᠢᠨᠢᠩ ᠲᠦᠩᠯᠢᠶᠣᠣ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠠᠬᠢᠭᠤᠯᠵᠤ᠂ ᠯᠢᠨᠳᠦ᠋ᠩ ᠠᠴᠠ ᠪᠠᠶᠠᠨᠬᠤᠸᠠ ᠬᠦᠷᠬᠦ ᠲᠡᠮᠦᠷ | ᠵᠠᠮ ᠤᠨ ᠠᠵᠢᠯ ᠢᠶᠠᠨ ᠰᠡᠷᠭᠦᠭᠡᠬᠦ ᠶᠢ ᠠᠬᠢᠭᠤᠯᠵᠤ᠂ ᠤᠯᠠᠭᠠᠨᠬᠠᠳᠠ ᠠᠴᠠ ᠳ᠋ᠠᠪᠠᠨ ᠬᠥᠷᠬᠦ ᠲᠡᠮᠦᠷ ᠵᠠᠮ ᠢ ᠠᠶᠠᠨᠴᠢᠳ ᠤᠨ ᠲᠡᠭᠡᠭᠡᠪᠦᠷᠢ ᠨᠡᠪᠲᠡᠷᠡᠭᠦᠯᠬᠦ ᠪᠠᠷ ᠬᠦᠴᠦᠯᠡᠨ | ᠴᠢᠷᠮᠠᠶᠢᠨ᠎ᠠ᠃ ᠬᠠᠰ ᠯᠤᠤ ᠰᠢᠨ᠎ᠡ ᠨᠢᠰᠬᠡᠯ ᠤᠨ ᠪᠠᠭᠤᠳᠠᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 3 ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ | ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠡᠨᠡ᠃ ᠣᠷᠣᠨ ᠪᠦᠰᠡ ᠠᠯᠤᠰᠯᠠᠨ ᠤᠰᠤ ᠬᠠᠩᠭᠠᠬᠤ ᠤᠯᠠᠭᠠᠨᠬᠠᠳᠠ ᠶᠢᠨ ᠰᠠᠯᠪᠤᠷᠢ ᠱᠤᠭᠤᠮ ᠤᠨ ᠲᠥᠷᠥᠯ ᠵᠦᠢᠯ ᠢ | ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠡᠷᠴᠢᠮ ᠢ ᠴᠢᠩᠭᠠᠷᠠᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠦᠷ | ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠲᠣᠭᠲᠠᠪᠤᠷᠢᠲᠠᠢ ᠨᠡᠮᠡᠭᠳᠡᠯ ᠤᠨ | ᠲᠣᠭᠲᠠᠴᠠ ᠪᠠ ᠨᠡᠶᠢᠭᠡᠮ ᠤᠨ ᠤᠯᠠᠨ ᠠᠷᠭ᠎ᠠ ᠵᠠᠮ ᠤᠨ ᠣᠷᠣᠭᠤᠯᠤᠯᠲᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ | ᠪᠠ ᠲᠤᠷᠰᠢᠯᠲᠠ ᠶᠢᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠭᠤᠷᠪᠠᠳᠤᠭᠠᠷ ᠠᠵᠤ ᠦᠢᠯᠡᠰ ᠤᠨ | ᠬᠦᠭᠵᠢᠯᠲᠡ ᠶᠢᠨ ᠲᠠᠪᠴᠠᠩ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ︽ᠬᠠᠰ ᠯᠤᠤ | ᠴᠢᠳᠠᠪᠤᠷᠢᠲᠠᠨ︾᠂ ︽ᠬᠤᠨ ᠭᠠᠯᠠᠭᠤ ᠴᠢᠳᠠᠪᠤᠷᠢᠲᠠᠨ ᠢ ᠤᠷᠢᠬᠤ︾ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠰᠠᠶᠢᠲᠤᠷ ᠠᠳᠬᠤᠵᠤ᠂ ᠨᠢᠭᠡ ᠪᠦᠯᠦᠭ ᠰᠢᠨ᠎ᠡ ᠶᠢ | ᠡᠭᠦᠳᠬᠦ ᠬᠡᠯᠪᠡᠷᠢ ᠶᠢᠨ ᠲᠠᠭᠠᠭᠤᠯᠤᠭᠴᠢ ᠠᠵᠤ ᠠᠬᠤᠶᠢᠯᠠᠯ ᠪᠠ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠤᠶᠢᠵᠢᠭᠤᠯᠵᠤ᠂ 10 ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 55 ᠠᠴᠠ | ᠳᠡᠭᠡᠭᠰᠢ ᠪᠣᠯᠭᠠᠨ᠎ᠠ᠃ | | ︵ᠭᠤᠷᠪᠠ︶ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠣᠪᠤᠶᠢᠯᠭᠠᠵᠤ᠂ ᠤᠯᠠᠭᠠᠨᠬᠠᠳᠠ ᠶᠢᠨ ᠠᠵᠤ ᠦᠢᠯᠡᠳᠪᠦᠷᠢ ᠶᠢᠨ | ᠨᠢᠷᠤᠭᠤ ᠶᠢ ᠲᠤᠯᠭᠠᠭᠤᠷᠢᠯᠠᠬᠤ ᠳᠤ ᠪᠠᠲᠤ ᠪᠠᠬᠢ ᠰᠠᠭᠤᠷᠢ ᠲᠠᠯᠪᠢᠨ᠎ᠠ | ︽ᠰᠢᠯᠢᠳᠡᠭ ᠢ ᠪᠤᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠬᠦ︾ ᠠᠵᠢᠯᠯᠠᠭ᠎ᠠ ᠶᠢ ᠠᠬᠢᠭᠤᠯᠤᠨ᠎ᠠ᠃ ᠬᠤᠶᠠᠳᠤᠭᠠᠷ ᠬᠤᠭᠤᠴᠠᠭᠠᠨ ᠤ ᠶᠢᠨ ᠲᠦᠩ ᠵᠡᠰ ᠤᠨ | ᠦᠢᠯᠡᠰ᠂ ᠳ᠋ᠠ ᠳ᠋ᠢ ᠶᠦᠨ ᠲᠢᠶᠠᠨ ᠨᠠᠷᠢᠯᠢᠭ ᠹᠣᠰᠹᠣᠷ ᠬᠦᠴᠢᠯ ᠵᠡᠷᠭᠡ ᠲᠥᠷᠥᠯ ᠵᠦᠢᠯ ᠢ 300 ᠠᠴᠠ ᠳᠡᠭᠡᠭᠰᠢ ᠠᠵᠢᠯ ᠢ ᠡᠬᠢᠯᠡᠭᠦᠯᠦᠨ ᠪᠠᠶᠢᠭᠤᠯᠵᠤ᠂ ᠴᠢ ᠬᠤᠢ | ᠶᠢᠨ 650 ᠲᠦᠮᠡᠨ ᠲᠣᠨ ᠬᠥᠩᠭᠡᠨᠴᠠᠭᠠᠨ ᠤ ᠢᠰᠦᠯ ᠤᠨ ᠨᠢᠭᠡᠳᠦᠭᠡᠷ ᠦᠢᠯᠡᠳᠪᠦᠷᠢᠯᠡᠯ ᠤᠨ ᠱᠤᠭᠤᠮ᠂ ᠨᠢᠩ ᠪᠦᠦ ᠲᠡᠮᠦᠷᠯᠢᠭ ᠪᠣᠯᠪᠠᠰᠤᠷᠠᠭᠤᠯᠬᠤ ᠵᠡᠷᠭᠡ | ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠬᠦᠴᠦᠯᠡᠨ ᠴᠢᠷᠮᠠᠶᠢᠵᠤ᠂ ᠵᠥᠩ ᠲᠠᠩ ᠣᠨᠴᠠ ᠪᠣᠯᠣᠳ ᠤᠨ | 270 ᠲᠦᠮᠡᠨ ᠲᠣᠨ ᠨᠠᠷᠢᠯᠢᠭ ᠪᠣᠯᠣᠳ ᠢ ᠦᠢᠯᠡᠳᠪᠦᠷᠢᠯᠡᠨ ᠡᠬᠢᠯᠡᠭᠦᠯᠬᠦ ᠶᠢ ᠦᠨᠡᠨᠬᠦ ᠪᠠᠲᠤᠯᠠᠨ᠎ᠠ᠃ ᠤᠯᠠᠭᠠᠨᠬᠠᠳᠠ ᠶᠢᠨ ᠹᠦ᠋ ᠨᠠ ᠺᠠᠩ ᠺᠣᠮᠫᠠᠨᠢ ᠬᠢᠭᠡᠳ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠮᠢ ᠶᠢᠨ ᠰᠤᠳᠤᠯᠭᠠᠨ ᠤ ᠭᠠᠵᠠᠷ ᠤᠨ ᠬᠠᠮᠲᠤᠷᠠᠨ ︽ᠥᠪᠥᠷ ᠮᠣᠩᠭᠤᠯ ᠤᠨ ᠹᠦ᠋ ᠯᠧ ᠠᠯᠺᠸᠠ | ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠢ ᠪᠠᠶᠢᠭᠤᠯᠬᠤ ᠶᠢ ᠳᠡᠮᠵᠢᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠥᠷᠥᠯ ᠵᠦᠢᠯ ᠢᠶᠠᠷ ᠭᠤᠤᠯ | ᠪᠣᠯᠭᠠᠭᠰᠠᠨ ᠳᠡᠭᠡᠳᠦ ᠲᠠᠰ ᠤᠨ ᠹᠯᠣᠷ ᠠᠭᠤᠯᠤᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠲᠠᠢ ᠯᠢᠩ ᠬᠠᠢ ᠴᠤᠸᠠᠩ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠭᠤᠷᠪᠠᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠲᠤᠮᠤ ᠳ᠋ᠠᠶᠢᠲ᠋ᠠ᠂ ᠡᠭᠦᠯᠡᠨ | ᠪᠤᠳᠤᠯᠳᠠ᠂ ᠵᠣᠬᠢᠶᠠᠮᠠᠯ ᠣᠶᠤᠨᠴᠢ ᠵᠡᠷᠭᠡ ᠲᠣᠭᠠᠴᠢᠯᠠᠭᠰᠠᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠣᠲᠣ ᠶᠢᠨ ᠪᠠᠶᠢᠭ᠎ᠠ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠠᠯ ᠤᠨ ᠬᠡᠪᠴᠢᠶ᠎ᠡ ᠪᠠᠨ ᠳᠡᠭᠡᠭᠰᠢᠯᠡᠭᠦᠯᠦᠨ | ᠪᠦᠷᠢᠳᠬᠡᠯ ᠳᠤ ᠬᠠᠮᠤᠷᠤᠭᠳᠠᠬᠤ ᠶᠢ ᠠᠬᠢᠭᠤᠯᠤᠨ᠎ᠠ ᠃ | ᠤᠯᠠᠮᠵᠢᠯᠠᠯᠲᠤ ᠠᠵᠤ ᠦᠢᠯᠡᠳᠪᠦᠷᠢ ᠶᠢᠨ ᠮᠡᠷᠭᠡᠵᠢᠯ ᠵᠶ᠋ᠠᠨᠥᠭᠡᠷᠡᠴᠢᠯᠡᠨ ᠲᠡᠰ ᠳᠡᠪᠰᠢᠬᠦ ᠶᠢ ᠠᠬᠢᠭᠤᠯᠤᠨ᠎ᠠ᠃ ᠲᠤᠰᠬᠠᠶ ᠵᠦᠢᠯ ᠤᠨ ᠪᠠᠯᠠ ᠮᠥᠩᠭᠦ ᠤᠯᠬᠤ᠂ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠦᠮᠴᠢᠯᠡᠯ ᠤᠨ ᠳᠦᠷᠢᠮ ᠤᠨ ᠥᠭᠡᠷᠡᠴᠢᠯᠡᠯᠲᠡ᠂ ᠡᠳ᠋ ᠤᠨ ᠵᠠᠰᠠᠭ ᠤᠨ ᠪᠠᠯᠠ ᠮᠥᠩᠭᠦ ᠪᠠᠷ ᠬᠥᠲᠥᠯᠦᠨ | ᠵᠢᠯᠣᠭᠤᠳᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠢᠯᠡᠳᠪᠦᠷᠢᠯᠡᠬᠦ ᠦᠢᠯᠡᠰ ᠤᠨ ᠪᠣᠬᠢᠷᠲᠤᠯ ᠥᠬᠡᠶ᠂ ᠤᠶᠤᠨᠴᠢᠯᠠᠭᠰᠠᠨ᠂ ᠣᠷᠤᠶᠢᠯᠠᠭᠰᠠᠨ ᠲᠡᠶᠢᠰᠢ | ᠥᠭᠡᠷᠡᠴᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢᠨ ᠥᠭᠡᠷᠡᠴᠢᠯᠡᠯᠲᠡ᠂ ᠡᠨᠧᠷᠭᠢ | ᠠᠷᠪᠢᠯᠠᠬᠤ ᠪᠠ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡ ᠪᠦᠯᠦᠭ ᠳᠣᠣᠷ᠎ᠠ ᠨᠡᠭᠦᠷᠡᠰᠦᠲᠥ᠋ᠷᠥᠭᠴᠢᠲᠦ | ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠢ ᠪᠣᠶ ᠪᠣᠯᠭᠠᠵᠤ᠂ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠬᠦ ᠲᠥᠷᠥᠯ | ᠵᠦᠢᠯ ᠢ 100 ᠠᠴᠠ ᠳᠡᠭᠡᠭᠰᠢ ᠬᠡᠷᠡᠭᠵᠢᠭᠦᠯᠵᠦ᠂ ᠪᠡᠯᠡ ᠣᠷᠤᠭᠤᠯᠤᠯᠲᠠ ᠶᠢ 40 ᠳ᠋ᠦᠩᠰᠢᠭᠤᠷ ᠲᠥᠭᠦᠷᠢᠭ ᠠᠴᠠ ᠳᠤᠲᠠᠭᠤ ᠥᠬᠡᠶ ᠪᠠᠶᠢᠯᠭᠠᠨ᠎ᠠ᠃ ᠡᠨᠧᠷᠭᠢ ᠶᠢᠨ | ᠰᠤᠷᠪᠤᠯᠵᠢ ᠶᠢᠨ ᠲᠦᠷᠦᠯ ᠵᠦᠢᠯ ᠢ ᠬᠤᠳᠠ ᠶᠢᠨ ᠱᠠᠲᠤᠨ ᠡᠴᠡᠨᠢᠭᠡᠳᠦᠯᠲᠡᠶ ᠲᠥᠯᠦᠪᠵᠢᠭᠦᠯᠬᠦ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢᠨ ᠬᠡᠯᠪᠡᠷᠢ ᠪᠠᠨ | ᠬᠤᠪᠢᠷᠠᠭᠤᠯᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠣᠷ ᠲᠤ ᠨᠡᠶᠢᠯᠡᠭᠦᠯᠬᠦ ᠬᠡᠪᠴᠢᠶ᠎ᠡ ᠶᠢ 100 ᠲᠦᠮᠡᠨ | ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠬᠦᠷᠢᠶᠡᠯᠡᠩ ᠲᠣᠭᠤᠷᠢᠭ ᠤᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠰᠢᠨ᠎ᠡ ᠪᠠᠷ ᠲᠣᠭᠲᠠᠭᠠᠭᠰᠠᠨ 6ᠨᠡᠭᠡᠭᠡᠯᠲᠡ ᠶᠢᠨ ᠲᠣᠭᠤᠷᠢᠭ ᠤᠨ | ᠠᠵᠢᠯᠯᠠᠭᠠᠨ ᠤ ᠲᠣᠭᠲᠠᠴᠠ ᠶᠢ ᠳᠠᠷᠤᠶᠢᠬᠠᠨ ᠰᠢᠯᠤᠭᠤᠳᠬᠠᠵᠤ ᠂ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠡᠮᠬᠢ ᠵᠢᠷᠤᠮ ᠲᠠᠢ ᠪᠠᠷ | ᠠᠬᠢᠬᠤ ᠶᠢ ᠪᠠᠲᠤᠯᠠᠵᠤ᠂ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ 156 ᠵᠦᠢᠯ ᠤᠨ ᠪᠣᠳᠠᠲᠠᠶ ᠠᠰᠠᠭᠤᠳᠠᠯ ᠢ ᠴᠠᠭ ᠲᠤᠬᠠᠢ | ᠳᠤᠨᠢ ᠴᠡᠭᠴᠡᠯᠡᠨ ᠰᠠᠶᠢᠵᠢᠷᠠᠭᠤᠯᠤᠨ᠎ᠠ᠃ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢᠨ ᠱᠠᠭᠠᠷᠳᠠᠯᠭ᠎ᠠ ᠶᠣᠰᠣᠭᠠᠷ᠂ ᠬᠦᠷᠢᠶᠡᠯᠡᠩ ᠲᠣᠭᠤᠷᠢᠭ ᠤᠨ | ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠰᠦᠪᠡᠭᠴᠢᠯᠡᠨ ᠬᠡᠷᠡᠭᠵᠢᠭᠦᠯᠵᠦ᠂ 142 ᠲᠦᠮᠡᠨ ᠲᠡᠭᠰᠢ ᠳᠥᠷᠪᠡᠯᠵᠢᠨ ᠮᠧᠲᠷ ᠤᠨ | ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ ᠢ ᠰᠢᠨ᠎ᠡ ᠪᠠᠷ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ 3 ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠲᠠᠯᠠᠪᠠᠶ᠂ 180 ᠺᠢᠯᠣᠮᠧᠲᠷ ᠬᠤᠭᠤᠯᠠᠶ ᠲᠣᠤᠷ᠂ 56 ᠺᠢᠯᠣᠮᠧᠲᠷ ᠬᠦᠷᠢᠶᠡᠯᠡᠩ ᠲᠣᠭᠤᠷᠢᠭ ᠤᠨ ᠵᠠᠮ ᠢ ᠪᠥᠲᠥᠭᠡᠨ ᠪᠠᠶᠢᠭᠤᠯᠵᠤ᠂ ᠬᠦᠷᠢᠶᠡᠯᠡᠩ | ᠲᠣᠭᠤᠷᠢᠭ ᠤᠨ ᠲᠠᠪᠴᠠᠩ ᠤᠨ ᠳᠠᠭᠠᠭᠠᠴᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠬᠤᠸᠠ ᠷᠦᠨ ᠥᠪᠥᠷ ᠮᠣᠩᠭᠤᠯ ᠤᠨ ᠣᠷᠴᠢᠨ ᠲᠣᠭᠤᠷᠢᠨ ᠤ | ᠪᠠᠯᠠ ᠣᠷᠣᠭᠤᠯᠤᠯᠲᠠ ᠶᠢᠨ ᠪᠦᠯᠦᠭᠯᠡᠯ ᠯᠦᠭᠡ ᠶᠢᠨ ᠭᠦᠨᠵᠡᠭᠡᠶ ᠬᠠᠮᠲᠤᠷᠠᠯᠴᠠᠭ᠎ᠠ ᠪᠠᠨ ᠴᠢᠩᠭᠠᠳᠬᠠᠨ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ | ᠵᠠᠭᠤᠨ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠳ ᠢ ᠰᠠᠶᠢᠲᠤᠷ ᠨᠠᠶᠢᠳᠠᠪᠤᠷᠢᠵᠢᠭᠤᠯᠵᠤ᠂ ᠵᠢᠯ ᠤᠨ ᠪᠡᠯᠡ ᠣᠷᠤᠭᠤᠯᠤᠯᠲᠠ ᠶᠢ 30 ᠳ᠋ᠦᠩᠰᠢᠭᠤᠷ | ᠲᠥᠭᠦᠷᠢᠭ ᠠᠴᠠ ᠳᠤᠲᠠᠭᠤ ᠥᠬᠡᠶ ᠪᠠᠶᠢᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠤᠯᠠᠭᠠᠨᠬᠠᠳᠠ ᠶᠢᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠲᠤ ᠲᠥᠪᠯᠡᠷᠡᠭᠦᠯᠬᠦ ᠶᠢ ᠬᠥᠲᠥᠯᠦᠨ ᠵᠢᠯᠣᠭᠤᠳᠴᠤ᠂ ᠪᠡᠭᠡᠵᠢᠩ ᠥᠪᠥᠷ ᠮᠣᠩᠭᠤᠯ ︵ᠢᠵᠤᠸᠠᠩ · ᠤᠯᠠᠭᠠᠨᠬᠠᠳᠠ︶ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠶᠢ | ᠡᠭᠦᠳᠦᠨ ᠨᠡᠪᠴᠢᠭᠦᠯᠬᠦ᠂ ᠲᠥᠷᠥᠯ ᠵᠦᠢᠯ ᠢᠶᠠᠷ ᠠᠷᠠᠯᠵᠢᠶᠠᠴᠢᠨ ᠤᠷᠢᠬᠤ ᠠᠵᠢᠯ ᠢ ᠵᠡᠷᠭᠡ ᠳᠤᠨᠢ ᠡᠬᠢᠯᠡᠭᠦᠯᠦᠨ᠎ᠡ᠃ ︽ᠣᠷᠤᠨ ᠠᠯᠤᠰᠯᠠᠭᠰᠠᠨ ᠠᠵᠤ ᠠᠬᠤᠶ︾ ᠶᠢᠨ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠪᠠᠷ ᠣᠷᠣᠭᠤᠯᠵᠤ ᠢᠷᠡᠬᠦ ᠲᠥᠷᠥᠯ ᠵᠦᠢᠯ ᠤᠨ ᠪᠦᠬᠦᠨ ᠢ | ᠬᠡᠷᠡᠭᠵᠢᠭᠦᠯᠵᠦ᠂ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠨᠡᠭᠡᠭᠡᠯᠲᠡ ᠶᠢᠨ ᠲᠣᠭᠤᠷᠢᠭ ᠤᠨ ᠣᠷᠣᠨ ᠪᠠᠶᠢᠷᠢ ᠵᠥᠷᠢᠭᠦᠯᠦᠨ | ᠬᠥᠭᠵᠢᠬᠦ ᠶᠢ ᠪᠡᠶᠡᠯᠡᠭᠦᠯᠦᠨ᠎ᠡ᠃ | | ︵ᠳᠥᠷᠪᠡ︶ ᠬᠡᠷᠡᠭᠯᠡᠭᠡᠨ ᠤ ᠳᠠᠯᠳᠠ ᠬᠦᠴᠦᠨ ᠢ ᠳᠣᠪᠤᠶᠢᠯᠭᠠᠨ ᠬᠥᠭᠵᠢᠭᠡᠵᠦ᠂ ᠦᠢᠯᠡᠴᠢᠯᠡᠭᠡᠨ ᠤ ᠦᠢᠯᠡᠰ ᠤᠨ ᠥᠷᠭᠡᠳᠬᠡᠨ ᠨᠡᠮᠡᠭᠳᠡᠵᠦ᠂ ᠲᠠᠰ | ᠳᠡᠪᠰᠢᠬᠦ ᠶᠢ ᠠᠬᠢᠭᠤᠯᠤᠨ᠎ᠠ | ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠤ ᠬᠦᠭᠵᠢᠬᠦ ᠶᠢ ᠠᠬᠢᠭᠤᠯᠤᠨ᠎ᠠ᠃ ᠬᠤᠳᠠ ᠶᠢᠨ | ᠬᠤᠳᠠᠯᠳᠤᠭᠠᠨ ᠤ ᠲᠣᠭᠤᠷᠢᠭ ᠪᠠ ᠤᠨᠴᠠᠯᠢᠬᠳᠤ ᠬᠤᠳᠠᠯᠳᠤᠭᠠᠨ ᠤ ᠵᠡᠭᠡᠯᠢ ᠲᠣᠭᠤᠷᠢᠭ ᠤᠨ ᠡᠵᠡᠩᠨᠡᠯᠲᠡ ᠪᠤᠶᠢᠵᠢᠯᠲᠠ ᠶᠢ ᠬᠥᠭᠵᠢᠭᠦᠯᠬᠦ ᠶᠢ ᠰᠠᠶᠢᠲᠤᠷ ᠠᠳᠬᠤᠵᠤ᠂ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ︽ᠰᠦᠯᠵᠢᠶᠡᠨ ᠳᠡᠭᠡᠷᠡᠬᠢ ᠪᠣᠷᠤᠯᠠᠭᠤᠯᠤᠯᠲᠠ + ᠪᠣᠳᠠᠲᠤ ᠴᠣᠭᠴᠠ ᠶᠢᠨ | ᠬᠡᠷᠡᠭᠯᠡᠭᠡ︾ ᠶᠢᠨ ᠰᠢᠨ᠎ᠡ ᠵᠠᠭᠪᠤᠷ ᠢ ᠬᠥᠭᠵᠢᠭᠦᠯᠵᠦ᠂ ᠲᠣᠮᠣ ᠬᠡᠯᠪᠡᠷᠢ ᠶᠢᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ︽ᠲᠠᠸᠠᠷ + ᠦᠢᠯᠡᠴᠢᠯᠡᠭᠡ︾ ᠶᠢᠨ | ᠶᠡᠷᠦᠩᠬᠡᠶᠢᠯᠡᠭᠰᠡᠨ ᠴᠢᠨᠠᠷᠲᠠᠶ ᠡᠵᠡᠩᠨᠡᠯᠲᠡ ᠶᠢᠨ ᠵᠠᠭᠪᠤᠷ ᠲᠡᠶᠢᠰᠢ ᠬᠤᠪᠢᠷᠠᠭᠤᠯᠬᠤ ᠶᠢ ᠵᠣᠷᠢᠭᠵᠢᠭᠤᠯᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠬᠡᠷᠡᠭᠯᠡᠭᠡᠨ ᠤ | ᠱᠠᠭᠠᠷᠳᠠᠯᠭ᠎ᠠ ᠶᠢ ᠬᠠᠩᠭᠠᠵᠤ᠂ ᠬᠡᠷᠡᠭᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠴᠠᠬᠢᠮ ᠬᠡᠷᠡᠭᠯᠡᠭᠡᠨ ᠤ ᠲᠡᠮᠳᠡᠭᠲᠦ | ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠢᠭᠤᠤᠳ ᠣᠷᠤᠯᠴᠠᠬᠤ ᠬᠡᠷᠡᠭᠯᠡᠭᠡ ᠶᠢᠨ ᠡᠮᠬᠢ ᠵᠢᠷᠤᠮ ᠲᠠᠢ ᠪᠠᠷ ᠰᠡᠷᠭᠦᠬᠦ ᠶᠢ ᠠᠬᠢᠭᠤᠯᠤᠨ᠎ᠠ᠃ | ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠡᠭᠡ ᠬᠡᠮᠵᠢᠶᠡᠨ ᠤ ᠲᠠᠸᠠᠷ ᠤᠨ ᠬᠡᠷᠡᠭᠯᠡᠭᠡ ᠶᠢ ᠲᠣᠭᠲᠠᠪᠤᠷᠢᠵᠢᠭᠤᠯᠵᠤ᠂ ᠬᠤᠳᠠ ᠬᠥᠳᠡᠭᠡ ᠶᠢᠨ ᠬᠡᠷᠡᠭᠯᠡᠭᠡᠨ ᠤ | ᠲᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ | ᠤᠳᠤ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠨᠡᠮᠡᠭᠳᠡᠭᠦᠯᠬᠦ ᠶᠢ ᠠᠬᠢᠭᠤᠯᠤᠨ᠎ᠠ᠃ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠭᠤᠣᠯ ᠳᠠᠭᠠᠭᠠᠴᠠ ᠶᠢᠨ ᠬᠤᠲᠠ ᠶᠢ ᠪᠥᠲᠥᠭᠡᠨ | ᠪᠠᠶᠢᠭᠤᠯᠬᠤ ᠶᠢᠨ ᠲᠣᠭᠤᠷᠢᠨ ᠳᠤ᠂ ᠲᠥᠪ ᠬᠤᠲᠠ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠪᠥᠭᠡᠮᠨᠡᠷᠡᠯ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ | ᠵᠡᠭᠦᠨ ᠬᠤᠶᠢᠲᠤ ᠶᠢᠨ ᠪᠠᠭᠤᠳᠠᠯ ᠤᠨ ᠬᠡᠷᠡᠭᠰᠡᠯ ᠤᠨ ᠵᠠᠬ᠎ᠠ ᠳᠡᠯᠭᠡᠭᠦᠷ᠂ ᠰᠦᠩᠱᠠᠨ ᠲᠣᠭᠤᠷᠢᠭ ᠤᠨ ᠪᠠᠷᠠᠭ᠎ᠠ ᠶᠢᠨ ᠭᠦᠢᠯᠭᠡᠭᠡᠨ ᠤ ᠠᠷᠠᠯᠵᠢᠶ᠎ᠠ ᠬᠤᠳᠠᠯᠳᠤᠭᠠᠨ ᠤ | ᠬᠤᠲᠠ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ᠂ ᠬᠥᠮᠥᠷᠭᠡᠯᠡᠨ | ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ᠂ ᠮᠥᠩᠭᠦᠨ ᠭᠦᠢᠯᠭᠡᠭᠡᠨ ᠤ ᠪᠠᠷᠠᠭ᠎ᠠ ᠶᠢᠨ ᠭᠦᠢᠯᠭᠡᠭᠡᠨ᠂ ᠴᠠᠬᠢᠮ ᠠᠷᠠᠯᠵᠢᠶ᠎ᠠ ᠶᠢᠨ ᠪᠠᠷᠠᠭ᠎ᠠ ᠶᠢᠨ ᠭᠦᠢᠯᠭᠡᠭᠡᠨ ᠵᠡᠷᠭᠡ ᠶᠢ | ᠶᠡᠬᠡᠪᠡᠷ ᠬᠥᠭᠵᠢᠭᠦᠯᠵᠦ᠂ ᠵᠢᠩ ᠳ᠋ᠦᠩ ᠤᠨ ᠲᠣᠮᠣ ᠬᠡᠯᠪᠡᠷᠢ ᠶᠢᠨ ᠣᠶᠤᠨᠴᠢ ᠬᠥᠮᠥᠷᠭᠡᠯᠡᠨ ᠬᠠᠳᠠᠭᠠᠯᠠᠬᠤ ᠵᠢᠴᠢ ᠤᠯᠠᠭᠠᠨᠬᠠᠳᠠ ᠶᠢᠨ ᠰᠦᠯᠵᠢᠶ᠎ᠡ ᠶᠢᠨ ᠠᠷᠠᠯᠵᠢᠶᠠᠨ ᠤ | ᠬᠥᠮᠥᠷᠭᠡ ᠶᠢᠨ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭ᠎ᠠ ᠶᠢᠨ | ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ᠎ᠠ᠃ | ᠵᠢᠭᠤᠯᠴᠢᠯᠠᠯ ᠤᠨ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠤᠯᠤᠰ ᠤᠨ ᠣᠨᠴᠠᠯᠢᠭ ᠲᠠᠢ ᠰᠣᠶᠣᠯ ᠤᠨ ᠵᠢᠭᠤᠯᠴᠢᠯᠠᠯ ᠪᠠ ᠠᠮᠢ ᠠᠬᠤᠶ ᠶᠢᠨ | ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ︽ᠵᠢᠷᠭᠤᠭᠠᠨ ᠵᠢᠭᠤᠯᠴᠢᠯᠠᠯ ᠤᠨ ᠰᠣᠳᠣ︾ ᠶᠢ ᠦᠷᠭᠦᠯᠵᠢᠯᠡᠨ | ᠬᠥᠭᠵᠢᠭᠦᠯᠵᠦ ᠂ ︽ᠡᠷᠲᠡᠨ ᠢ ᠬᠠᠶᠢᠵᠤ ᠡᠳᠦᠭᠡ ᠶᠢ ᠰᠣᠨᠢᠷᠬᠠᠭᠰᠠᠨ ᠭᠠᠶᠢᠬᠠᠮᠰᠢᠭᠲᠤ ᠤᠯᠠᠭᠠᠨᠬᠠᠳᠠ︾ ᠶᠢᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ | ᠳᠠᠭᠤᠷᠢᠰᠤᠭᠤᠯᠤᠨ᠎ᠠ᠃ ︽ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠪᠦᠲᠦᠭᠡᠭᠳᠡᠬᠦᠨ ᠤ ᠰᠢᠰᠲ᠋ᠧᠮᠵᠢ ᠶᠢᠨ ᠲᠥᠰᠦᠪᠯᠡᠬᠦ ᠲᠥᠰᠦᠯ︾ ᠢ ᠨᠠᠶᠢᠷᠠᠭᠤᠯᠤᠨ | ᠳᠠᠭᠤᠰᠬᠠᠵᠤ᠂ ᠤᠯᠠᠭᠠᠨᠬᠠᠳᠠ ᠬᠤᠲᠠ ᠶᠢᠨ ᠠᠩᠬᠠᠳᠤᠭᠠᠷ ᠬᠤᠭᠤᠴᠠᠭᠠᠨ ᠤ ᠪᠥᠬᠦ ᠴᠠᠷᠠᠭᠠᠨ ᠤ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠢ | ᠬᠢᠨᠠᠮᠠᠭᠠᠶ ᠵᠣᠬᠢᠶᠠᠨ ᠪᠠᠶᠢᠭᠤᠯᠤᠨ ᠪᠡᠯᠡᠳᠬᠡᠨ᠎ᠡ᠃ ᠬᠤᠩᠱᠠᠨ ᠰᠣᠶᠣᠯ ᠤᠨ ᠵᠢᠵᠢᠭ ᠪᠠᠯᠭᠠᠰᠤ᠂ ᠬᠤᠰᠤ ᠶᠢᠨ ᠭᠤᠤ ᠶᠢᠨ ᠨᠢᠰᠦᠯᠲᠡ ᠶᠢᠨ ᠪᠠᠭᠤᠴᠠ ᠵᠡᠷᠭᠡ ᠰᠣᠶᠣᠯ | ᠤᠨ ᠵᠢᠭᠤᠯᠴᠢᠯᠠᠯ ᠤᠨ 60 ᠭᠤᠣᠯᠳᠠᠯᠭ᠎ᠠ ᠲᠠᠢ ᠵᠦᠢᠯ ᠤᠨ ᠪᠦᠳᠤᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠵᠢᠭᠤᠯᠴᠢᠯᠠᠭᠴᠢᠳ ᠤᠨ | ᠦᠢᠯᠡᠴᠢᠯᠡᠭᠡᠨ ᠤ ᠲᠥᠪ᠂ ᠬᠤᠪᠢ ᠪᠠᠷ ᠢᠶᠠᠨ ᠲᠡᠷᠭᠡ ᠵᠢᠯᠣᠭᠤᠳᠬᠤ ᠪᠠᠭᠤᠴᠠ ᠵᠡᠷᠭᠡ 63 ᠵᠢᠭᠤᠯᠴᠢᠯᠠᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠢᠵᠢ | ᠪᠦᠷᠢᠳᠦᠭᠦᠯᠦᠨ ᠪᠦᠳᠤᠭᠡᠨ ᠪᠠᠶᠢᠭᠤᠯᠵᠤ᠂ ᠤᠢᠢᠷ᠎ᠠ ᠲᠡᠭᠦᠷᠭᠡ ᠶᠢᠨ ᠵᠢᠭᠤᠯᠴᠢᠯᠠᠯ ᠪᠠ ᠬᠥᠳᠡᠭᠡ ᠲᠣᠰᠬᠤᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠦᠨ᠎ᠡ᠃ | ᠬᠡᠰᠢᠭᠲᠡᠨ ᠬᠤᠰᠢᠭᠤᠨ ᠤ ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ᠂ ᠰᠦᠩᠱᠠᠨ ᠲᠣᠭᠤᠷᠢᠭ ᠤᠨ | ᠥᠪᠡᠷᠲᠡᠭᠡᠨ ᠵᠠᠰᠠᠬᠤ ᠣᠷᠣᠨ ᠤ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠬᠠᠰ ᠯᠤᠤ | ᠡᠯᠡᠰᠦᠨ ᠨᠠᠭᠤᠷ᠂ ᠳ᠋ᠤᠤ ᠰᠢᠤᠢ ᠭᠸᠦ᠂ ᠴᠢ ᠭᠦᠸᠧ ᠱᠠᠨ ᠤ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ | ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠮᠥᠩᠭᠦᠨ ᠭᠦᠢᠯᠭᠡᠭᠡᠨ ᠤ ᠠᠵᠤ ᠦᠢᠯᠡᠰ ᠢ ᠬᠦᠴᠦᠯᠡᠨ | ᠬᠥᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠶ ᠶᠢ ᠳᠡᠮᠵᠢᠬᠦ | ᠡᠷᠴᠢᠮ ᠢ ᠨᠢ ᠴᠢᠩᠭᠠᠷᠠᠭᠤᠯᠤᠨ᠎ᠠ᠃ ᠤᠯᠤᠰ ᠤᠨ ᠳᠣᠲᠣᠭᠠᠳᠤ ᠳᠠᠬᠢ ᠨᠡᠷᠡᠳᠦ ᠴᠠᠬᠢᠮ ᠠᠷᠠᠯᠵᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠲᠦᠷᠭᠡᠳᠬᠡᠵᠦ᠂ ᠴᠠᠬᠢᠮ | ᠠᠷᠠᠯᠵᠢᠶ᠎ᠠ ᠶᠢᠨ ᠰᠢᠭᠤᠳ ᠨᠡᠪᠲᠡᠷᠡᠭᠦᠯᠭᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ᠰᠣᠶᠣᠯ ᠤᠨ ᠪᠦᠲᠦᠭᠡᠯᠴᠢ ᠰᠡᠳᠬᠢᠮᠵᠢ᠂ ᠮᠡᠳᠡᠭᠡ ᠵᠠᠩᠭᠢ ᠶᠢᠨ | ᠯᠠᠪᠯᠠᠭ᠎ᠠ᠂ ᠠᠷᠠᠯᠵᠢᠶᠠᠨ ᠤ ᠶᠠᠪᠤᠳᠠᠯ ᠤᠨ ᠦᠵᠡᠰᠬᠦᠯᠡᠩ᠂ ᠦᠢᠯᠡᠳᠦᠯᠭᠡ ᠶᠢᠨ ᠰᠤᠷᠭᠠᠨ ᠬᠥᠮᠦᠵᠢᠯ᠂ ᠵᠠᠭᠤᠴᠢᠯᠠᠬᠤ ᠣᠷᠣᠯᠠᠨ ᠭᠦᠢᠴᠡᠳᠬᠡᠬᠦ ᠵᠡᠷᠭᠡ ᠰᠢᠨ᠎ᠡ ᠪᠠᠷ | ᠮᠠᠨᠳᠤᠭᠰᠠᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ ᠳᠤᠮᠳᠠᠳᠤ ᠤᠯᠤᠰ · ᠤᠯᠠᠭᠠᠨᠬᠠᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠨᠡᠭᠡᠭᠡᠨ ᠡᠵᠡᠩᠨᠡᠬᠦ ᠶᠢ ᠠᠬᠢᠭᠤᠯᠤᠨ᠎ᠠ᠃ ᠬᠢᠯᠢ ᠠᠯᠤᠰᠯᠠᠭᠰᠠᠨ ᠴᠠᠬᠢᠮ ᠠᠷᠠᠯᠵᠢᠶ᠎ᠠ ᠶᠢᠨ ᠶᠡᠷᠦᠩᠬᠡᠶᠢᠯᠡᠭᠰᠡᠨ | ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠨᠠᠷᠠᠲᠤ ᠰᠢᠯᠢᠳᠡᠭ ᠣᠨᠴᠠ︾ ᠦᠢᠯᠡᠳᠬᠦᠨ ᠤ ᠠᠵᠤ ᠠᠬᠤᠶᠢᠯᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠣᠷᠤᠬᠤ ᠶᠢ ᠵᠣᠷᠢᠭᠵᠢᠭᠤᠯᠤᠨ᠎ᠠ᠃ ᠲᠥᠷᠥ ᠶᠢᠨ ᠪᠣᠳᠣᠯᠭ᠎ᠠ ᠲᠣᠭᠲᠠᠭᠠᠨ ᠦᠢᠯᠡᠴᠢᠯᠡᠭᠡᠨ ᠤ ᠠᠵᠤ | ᠠᠬᠤᠶᠢᠯᠠᠯ ᠤᠨ ᠬᠢᠵᠠᠭᠠᠷᠯᠠᠯ ᠶᠢ ᠳᠠᠪᠠᠵᠤ ᠪᠦᠷᠢᠳᠬᠡᠯ ᠳᠤ ᠬᠠᠮᠤᠷᠠᠭᠳᠠᠬᠤ ᠶᠢ ᠳᠡᠮᠵᠢᠵᠦ᠂ ᠬᠢᠵᠠᠭᠠᠷᠯᠠᠯ ᠠᠴᠠ ᠳᠡᠭᠡᠭᠰᠢᠬᠢ ᠦᠢᠯᠡᠴᠢᠯᠡᠭᠡᠨ ᠤ ᠠᠵᠤ ᠠᠬᠤᠶᠢᠯᠠᠯ ᠤᠨ | ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠦ᠂ ᠭᠤᠷᠪᠠᠳᠤᠭᠠᠷ ᠠᠵᠤ ᠦᠢᠯᠡᠰ ᠤᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠬᠤᠪᠢ | ᠨᠡᠮᠡᠷᠢ ᠶᠢ ᠳᠡᠭᠡᠭᠰᠢᠯᠡᠭᠦᠯᠦᠨ᠎ᠡ᠃ | | ︵ᠲᠠᠪᠤ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ ᠶᠢ ᠲᠤᠪᠤᠶᠢᠯᠭᠠᠵᠦ᠂ ᠮᠠᠯᠵᠢᠬᠤ ᠲᠠᠷᠢᠶᠠᠯᠠᠬᠤ ᠣᠷᠣᠨ ᠢ ᠨᠡᠩ ᠦᠵᠡᠰᠬᠦᠯᠡᠩᠲᠦ ᠰᠠᠶᠢᠬᠠᠨ᠂ ᠮᠠᠯᠴᠢᠨ ᠲᠠᠷᠢᠶᠠᠴᠢᠨ ᠢ ᠨᠡᠩ ᠪᠠᠶᠠᠨ ᠴᠢᠨᠡᠭᠡᠯᠢᠭ | ᠪᠣᠯᠭᠠᠬᠤ ᠪᠠᠷ ᠴᠢᠷᠮᠠᠶᠢᠨ᠎ᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ︽ᠲᠦᠷᠪᠡ ᠶᠢ ᠲᠠᠶᠠᠭᠳᠠᠬᠤ | ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠯᠬᠤ ᠶᠢ | ᠠᠬᠢᠭᠤᠯᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠮᠵᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ ᠡᠯ᠎ᠡ ᠲᠥᠷᠥᠯ ᠤᠨ ᠠᠰᠠᠭᠤᠳᠠᠯ ᠤᠨ ᠳᠠᠯᠳᠠ | ᠬᠡᠮ ᠢ ᠠᠷᠢᠯᠭᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ ᠪᠡᠯᠡ | ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠭᠡᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ 35.2 | ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ 866 ᠲᠥᠷᠥᠯ ᠵᠦᠢᠯ ᠢ | ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠪᠠᠯᠠ ᠮᠥᠩᠭᠦ ᠰᠢᠯᠵᠢᠭᠦᠯᠦᠨ ᠥᠭᠬᠦ ᠪᠠ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠴᠠᠭ ᠲᠠᠭᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠦᠷ᠎ᠡ ᠠᠰᠢᠭ ᠤᠨ ᠨᠡᠮᠡᠭᠳᠡᠬᠦ ᠶᠢ ᠠᠬᠢᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ | ᠲᠦᠷᠢᠮ ᠢ ᠴᠢᠩᠳᠠᠯᠠᠵᠤ᠂ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠠᠮᠤ ᠪᠤᠳᠠᠭ᠎ᠠ ᠳᠠᠷᠢᠬᠤ ᠲᠠᠯᠠᠪᠠᠶ ᠶᠢ ᠬᠠᠰᠤᠭᠳᠠᠭᠤᠯᠬᠤ ᠥᠬᠡᠶ ᠪᠠᠶᠢᠬᠤ ᠶᠢ ᠪᠠᠲᠤᠯᠠᠵᠤ᠂ ᠤᠨᠠᠯᠲᠠ ᠶᠢ ᠲᠣᠭᠲᠠᠭᠤᠨ ᠪᠠᠶᠢᠯᠭᠠᠨ᠎ᠠ᠃ 76 ᠲᠦᠮᠡᠨ ᠮᠥ | ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠡᠭᠦᠷᠭᠡ ᠶᠢ ᠨᠠᠶᠢᠳᠠᠪᠤᠷᠢᠵᠢᠭᠤᠯᠤᠨ᠂ 10 ᠲᠦᠮᠡᠨ ᠮᠥ ᠲᠥᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠪᠠᠶᠢᠭᠤᠯᠬᠤ ᠪᠠ | ᠥᠭᠡᠷᠡᠴᠢᠯᠡᠨ ᠪᠠᠶᠢᠭᠤᠯᠵᠤ᠂ ᠲᠠᠷᠢᠮᠠᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 83% ᠠᠴᠠ ᠳᠡᠭᠡᠭᠰᠢ ᠳᠤ ᠬᠦᠷᠦᠭᠦᠯᠦᠨ᠎ᠡ᠃ ︽ | ᠦᠬᠡᠷ ᠢ ᠨᠡᠮᠡᠭᠳᠡᠭᠦᠯᠦᠨ ᠬᠤᠨᠢ ᠶᠢ ᠪᠠᠭᠠᠰᠬᠠᠬᠤ︾ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠦᠬᠡᠷ ᠤᠨ ᠲᠤᠭ᠎ᠠ ᠲᠣᠯᠣᠭᠠᠶ ᠶᠢ 300 ᠲᠦᠮᠡ ᠠᠴᠠ | ᠳᠠᠪᠠᠭᠤᠯᠬᠤ ᠪᠠᠷ ᠴᠢᠷᠮᠠᠶᠢᠨ᠎ᠠ᠃ ᠰᠢᠨ᠎ᠡ ᠬᠡᠯᠪᠡᠷᠢ ᠶᠢᠨ ᠬᠤᠷᠰᠢᠨ ᠡᠵᠡᠩᠨᠡᠬᠦ ᠭᠤᠤᠯ ᠴᠣᠭᠴᠠ ᠶᠢ ᠲᠡᠳᠬᠦᠨ ᠬᠥᠭᠵᠢᠭᠦᠯᠵᠦ᠂ 60 ᠬᠤᠲᠠ ᠶᠢᠨ ᠱᠠᠲᠤᠨ ᠤ ᠵᠢᠱᠢᠶ᠎ᠡ | ᠦᠵᠡᠭᠦᠯᠬᠦ ᠬᠤᠷᠰᠢᠶ᠎ᠠ 60 ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠵᠦ᠂ ᠬᠥᠲᠥᠴᠢ ᠠᠵᠤ ᠠᠬᠤᠶᠢᠯᠠᠯ ᠢ | ᠲᠡᠳᠬᠦᠨ ᠬᠦᠴᠦᠷᠬᠡᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 72% ᠠᠴᠠ | ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠨ ᠲᠥᠪᠯᠡᠷᠡᠭᠦᠯᠦᠨ ᠬᠥᠭᠵᠢᠭᠦᠯᠬᠦ ᠶᠢ | ᠳᠡᠮᠵᠢᠵᠦ᠂ ᠦᠷ᠎ᠡ ᠶᠢᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠂ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ︽ᠵᠠᠰᠠᠭ ᠤᠨ ᠣᠷᠳᠣᠨ | ᠬᠤᠳᠠᠯᠳᠤᠨ ᠠᠪᠬᠤ᠂ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ᠂ ᠺᠣᠮᠫᠠᠨᠢᠴᠢᠯᠠᠨ ᠠᠵᠢᠯᠯᠠᠭᠤᠯᠬᠤ᠂ ᠵᠠᠬ᠎ᠠ ᠳᠡᠯᠭᠡᠭᠦᠷᠴᠢᠯᠡᠨ ᠦᠢᠯᠡᠴᠢᠯᠡᠬᠦ︾ ᠵᠠᠭᠪᠤᠷ ᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ︽ᠤᠯᠠᠭᠠᠨᠬᠠᠳᠠ ᠶᠢᠨ ᠦᠨᠦᠷ ᠠᠮᠲᠠ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ | ᠪᠥᠬᠦ ᠲᠠᠯ᠎ᠠ ᠪᠠᠷ ᠡᠵᠡᠩᠨᠡᠵᠦ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ | ᠵᠠᠰᠠᠯᠲᠠ ᠶᠢ ᠠᠬᠢᠭᠤᠯᠵᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠵᠣᠷᠯᠣᠩ ᠤᠨ ᠥᠭᠡᠷᠡᠴᠢᠯᠡᠯᠲᠡ᠂ | ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠵᠠᠰᠠᠬᠤ᠂ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ | ᠣᠷᠣᠰᠢᠨ ᠠᠮᠢᠳᠤᠷᠠᠬᠤ ᠳᠤ ᠲᠠᠭᠠᠯᠠᠮᠵᠢᠲᠠᠢ ᠭᠤᠶᠢᠳᠠ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠪᠠᠭᠠᠷᠢᠨ ᠵᠡᠭᠦᠨ ᠬᠤᠰᠢᠭᠤᠨ ᠤ ᠤᠯᠤᠰ ᠤᠨ ᠲᠠᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ᠂ ᠠᠷᠤ ᠬᠤᠷᠴᠢᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠰᠣᠯᠪᠢᠴᠠᠭᠰᠠᠨ ᠪᠦᠰᠡ ᠶᠢᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠭᠰᠠᠨ ᠲᠤᠷᠰᠢᠯᠲᠠ ᠶᠢᠨ ᠴᠡᠭ ᠤᠨ ᠬᠤᠰᠢᠭᠤᠨ ᠤ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠤ ᠬᠤᠷᠴᠢᠨ ᠬᠤᠰᠢᠭᠤ᠂ ᠠᠤᠬᠠᠨ ᠬᠤᠰᠢᠭᠤᠨ ᠤ ᠬᠤᠲᠠ ᠶᠢᠨ ᠲᠠᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠪᠠ ᠯᠢᠨᠰᠢ ᠰᠢᠶᠠᠨ᠂ ᠨᠢᠩᠴᠧᠩ ᠰᠢᠶᠠᠨ ᠤ ᠬᠤᠲᠠ ᠶᠢᠨ ᠲᠠᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠬᠡᠪ ᠢᠨᠵᠧᠨᠧᠷᠢᠩ ᠢ ᠪᠣᠶ ᠪᠣᠯᠭᠠᠨ᠎ᠠ᠃ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠷᠠᠭᠤᠯᠤᠨ᠎ᠠ᠃ ᠬᠤᠩᠱᠠᠨ ᠲᠣᠭᠤᠷᠢᠭ᠂ ᠠᠷᠤ ᠬᠤᠷᠴᠢᠨ ᠬᠤᠰᠢᠭᠤ | ᠵᠡᠷᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠰᠢᠨ᠎ᠡ ᠶᠢ ᠡᠭᠦᠳᠦᠭᠰᠡᠨᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠵᠦ᠂ ᠦᠨᠳᠦᠰᠦᠨ ᠱᠠᠲᠤᠨ ᠤ | ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠪᠠ | ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠰᠬᠤᠨ ᠤ ᠲᠦᠷᠢᠮ ᠠᠷᠠᠳ ᠤᠨ ᠭᠡᠷ᠎ᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠣᠷᠵᠢᠵᠤ ᠬᠡᠰᠡᠭᠵᠢᠭᠰᠡᠨ | ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠡᠨᠴᠢ ᠢᠲᠡᠭᠡᠮᠵᠢ ᠶᠢᠨ ᠰᠢᠰᠲ᠋ᠧᠮᠵᠢ᠂ ᠶᠣᠰᠣ ᠰᠤᠷᠲᠠᠬᠤᠨ ᠤ ᠰᠢᠰᠲ᠋ᠧᠮᠵᠢ ᠪᠠ ᠬᠡᠪ | ᠵᠠᠩᠰᠢᠯ ᠢᠶᠠᠨ ᠥᠭᠡᠷᠡᠴᠢᠯᠡᠬᠦ ᠪᠠᠷ ᠭᠤᠤᠯ ᠪᠣᠯᠭᠠᠭᠰᠠᠨ ᠶᠡᠷᠦᠩᠬᠡᠶᠢᠯᠡᠭᠰᠡᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ | ᠨᠢᠩᠴᠧᠩ ᠰᠢᠶᠠᠨ᠂ ᠪᠠᠭᠠᠷᠢᠨ ᠵᠡᠭᠦᠨ ᠬᠤᠰᠢᠭᠤᠨ ᠳᠤ ᠲᠤᠷᠰᠢᠯᠲᠠ ᠶᠢᠨ ᠴᠡᠭ ᠢ ᠥᠷᠨᠢᠭᠦᠯᠵᠦ᠂ ᠪᠣᠯᠪᠠᠰᠤᠨ ᠡᠶ᠎ᠡ ᠵᠣᠬᠢᠴᠠᠯ ᠲᠠᠢ ᠬᠥᠳᠡᠭᠡ ᠲᠣᠰᠬᠤᠨ ᠢ | ᠪᠠᠶᠢᠭᠤᠯᠤᠨ᠎ᠠ᠃ | | ︵ᠵᠢᠷᠭᠤᠭ᠎ᠠ︶ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠳᠣᠪᠤᠶᠢᠯᠭᠠᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠪᠦᠲᠦᠮᠵᠢᠲᠡᠶ ᠤᠷᠮᠠᠰᠢᠭᠤᠯᠤᠨ᠎ᠠ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠭᠦᠨᠵᠡᠭᠡᠶᠢᠷᠡᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠭᠡᠬᠦ︾ ᠶᠢ ᠪᠡᠶᠡᠯᠡᠭᠦᠯᠬᠦ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ︽ᠮᠥᠩᠬᠡ ᠰᠤᠪᠠᠭ︾ ︽ᠳᠥᠷᠪᠡᠨ ᠬᠦᠢᠴᠡᠳᠭᠡᠬᠦ︾ ᠶᠢᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠮᠥᠩᠬᠡ ᠰᠤᠪᠠᠭ︾ ᠤᠨ APP ᠶᠢᠨ ᠳᠠᠩᠰᠠᠯᠠᠭᠤᠯᠬᠤ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠡᠯ᠎ᠡ | ᠲᠦᠷᠦᠯ ᠤᠨ ᠵᠠᠰᠠᠭ ᠤᠨ ᠶᠠᠪᠤᠳᠠᠯ ᠤᠨ ᠲᠠᠪᠴᠠᠩ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠴᠠᠬᠢᠮ ᠦᠨᠡᠮᠯᠡᠯ ᠢ ᠣᠷᠣᠨ ᠪᠦᠰᠡ ᠠᠯᠤᠰᠯᠠᠨ᠂ ᠰᠠᠯᠠᠭ᠎ᠠ | ᠮᠥᠴᠢᠷ ᠠᠯᠤᠰᠯᠠᠨ᠂ ᠬᠦᠷᠢᠶ᠎ᠡ ᠬᠡᠪᠴᠢᠶ᠎ᠡ ᠠᠯᠤᠰᠯᠠᠨ ᠬᠡᠷᠡᠭᠯᠡᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠤ 3.0 ᠬᠡᠪ ᠤᠨ ᠡᠯ᠎ᠡ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠶᠢᠨ ᠨᠠᠷᠢᠨ | ᠬᠠᠭᠤᠳᠠᠰᠤ ᠶᠢ ᠲᠣᠭᠲᠠᠭᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠥᠬᠦ ᠠᠮᠢᠳᠤᠷᠠᠯ ᠤᠨ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ | ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠦᠨ᠎ᠡ᠃ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠬᠢᠨᠠᠨ ᠵᠥᠪᠰᠢᠶᠡᠷᠡᠬᠦ ᠲᠥᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠲᠥᠯᠥᠪᠵᠢᠭᠦᠯᠭᠡ ᠶᠢ ᠨᠢᠭᠡᠳᠬᠡᠬᠦ᠂ ᠣᠯᠠᠨ ᠲᠦᠰᠦᠪ ᠢ ᠬᠠᠮᠲᠤᠷᠠᠨ ᠬᠢᠨᠠᠬᠤ᠂ ᠬᠠᠮᠲᠤᠷᠠᠨ ᠰᠢᠯᠭᠠᠨ ᠠᠪᠬᠤ᠂ | ᠣᠷᠣᠨ ᠪᠦᠰᠡ ᠶᠢᠨ ᠦᠨᠡᠯᠡᠨ ᠵᠢᠱᠢᠯᠲᠡ ᠶᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠠᠭᠠᠰᠬᠠᠨ᠂ ᠬᠢᠨᠠᠨ | ᠵᠥᠪᠰᠢᠶᠡᠷᠡᠬᠦ ᠴᠢᠬᠤᠯᠠ ᠨᠥᠬᠦᠴᠡᠯ ᠢ ᠴᠣᠮᠬᠠᠳᠬᠠᠵᠤ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽12345 | ︾ ᠶᠢᠨ ᠬᠠᠯᠠᠮᠰᠢᠯ ᠤᠲᠠᠰᠤ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠶᠡᠷᠦᠩᠬᠡᠶ | ᠦᠢᠯᠡᠴᠢᠯᠡᠭᠡᠨ ᠤ ᠲᠠᠪᠴᠠᠩ︾ ᠢ ᠪᠣᠶ ᠪᠣᠯᠭᠠᠨ᠎ᠠ᠃ | ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠨᠢ ᠰᠢᠢᠳᠪᠦᠷᠢᠯᠡᠨ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ ᠭᠤᠣᠯᠳᠠᠯᠭ᠎ᠠ | ᠲᠠᠢ ᠲᠥᠷᠥᠯ ᠵᠦᠢᠯ ᠤᠨ ᠬᠢᠨᠠᠨ ᠵᠥᠪᠰᠢᠶᠡᠷᠡᠵᠦ ᠣᠷᠣᠯᠠᠨ ᠭᠦᠢᠴᠡᠳᠭᠡᠬᠦ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠳᠤᠲᠠᠭᠤ | ᠰᠡᠳᠬᠢᠯ ᠴᠢᠯᠡᠭᠡᠵᠦ᠂ ᠢᠯᠡᠭᠦᠤ ᠪᠠᠯᠠ ᠣᠷᠣᠭᠤᠯᠵᠤ᠂ ᠲᠦᠷᠭᠡᠨ ᠬᠥᠭᠵᠢᠬᠦ ᠪᠣᠯᠭᠠᠨ᠎ᠠ᠃ ︽ᠪᠠᠲᠤᠯᠠᠭᠠᠲᠤ ᠵᠢᠭᠡᠯᠡᠯᠭᠡ︾ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠠᠬᠢᠭᠤᠯᠵᠤ᠂ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠶ ᠪᠠᠶᠢᠭᠤᠯᠤᠨ᠂ ᠳᠤᠮᠳᠠ ᠵᠢᠵᠢᠭ | ᠠᠵᠤ ᠠᠬᠤᠶᠢᠯᠠᠯ ᠤᠨ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ ᠬᠥᠷᠥᠩᠭᠡ ᠶᠢᠨ ᠵᠠᠬ᠎ᠠ ᠳᠡᠯᠭᠡᠭᠦᠷ ᠲᠠᠢ | ᠵᠣᠯᠭᠠᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠲᠣᠬᠢᠷᠠᠭᠤᠯᠬᠤ ᠠᠵᠢᠯ ᠢ ᠴᠢᠩᠭᠠᠳᠬᠠᠵᠤ᠂ ᠴᠠᠬᠢᠯᠭᠠᠨ ᠡᠨᠧᠷᠭᠢ | ᠤᠰᠤᠨ ᠤ ᠬᠡᠷᠡᠭᠴᠡᠭᠡ ᠶᠢ ᠵᠦᠢ ᠵᠣᠬᠢᠰᠲᠠᠶ ᠪᠠᠲᠤᠯᠠᠨ᠎ᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠢ ᠬᠠᠪᠰᠤᠷᠬᠤ ᠠᠷᠭ᠎ᠠ ᠬᠡᠮᠵᠢᠶ᠎ᠡ ᠶᠢᠨ ᠨᠠᠢᠳᠠᠪᠤᠷᠢᠵᠢᠬᠤ ᠶᠢ ᠴᠢᠩᠭᠠᠳᠬᠠᠨ᠎ᠠ᠃ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ︽ᠲᠤᠰᠬᠠᠶ | ᠨᠠᠷᠢᠯᠢᠭ ᠣᠨᠴᠠ ᠰᠢᠨ᠎ᠡ︾ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ ᠂ ᠰᠢᠨ᠎ᠡ ᠶᠢ ᠡᠭᠦᠳᠬᠦ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠢ | ᠪᠤᠶᠢᠵᠢᠭᠤᠯᠤᠨ᠎ᠠ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠤᠳᠤ ᠦᠶ᠎ᠡ ᠶᠢᠨ ᠠᠵᠤ ᠠᠬᠤᠶᠢᠯᠠᠯ ᠤᠨ | ᠲᠦᠷᠢᠮ ᠪᠠ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ | ᠥᠷᠲᠡᠭ ᠢ ᠪᠠᠲᠤᠯᠠᠵᠤ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠡᠷᠡᠰ ᠰᠢᠭᠤᠷᠬᠠᠢ ᠲᠡᠮᠵᠢᠵᠤ᠂ ᠵᠠᠰᠠᠭ ᠵᠠᠬᠢᠷᠭ᠎ᠠ ᠪᠠ | ᠠᠵᠤ ᠠᠬᠤᠶᠢᠯᠠᠯ ᠢ ᠳᠤᠲᠤᠨᠤ ᠪᠦᠭᠡᠳ ᠴᠢᠭᠡᠴᠢ ᠬᠠᠷᠢᠴᠠᠭ᠎ᠠ ᠶᠢ ᠪᠦᠬᠦ ᠲᠠᠯ᠎ᠠ ᠪᠠᠷ ᠪᠠᠶᠢᠭᠤᠯᠤᠨ᠎ᠠ᠃ | ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠭᠡᠷ᠎ᠡ ᠠᠴᠠ ᠵᠥᠷᠢᠴᠡᠵᠦ ᠢᠲᠡᠭᠡᠯ ᠠᠯᠳᠠᠭᠰᠠᠨ ᠠᠰᠠᠭᠤᠳᠠᠯ ᠢ | ᠵᠠᠰᠠᠬᠤ ᠠᠵᠢᠯ ᠢ ᠥᠷᠨᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠦᠭᠡᠢ ᠳᠠᠩᠰᠠᠨ ᠤ | ᠵᠣᠭᠤᠰ ᠢ ᠲᠦᠯᠦᠵᠦ ᠳᠠᠭᠤᠰᠬᠠᠬᠤ ᠡᠷᠴᠢᠮ ᠢ ᠴᠢᠩᠭᠠᠷᠠᠭᠤᠯᠵᠤ᠂ ᠦᠨᠡᠨᠴᠢ ᠢᠳᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠨᠳᠦᠰᠦᠨ ᠱᠠᠳᠤ | ᠲᠡᠶᠢᠰᠢ ᠣᠷᠲᠤᠰᠬᠤ ᠶᠢ ᠠᠬᠢᠭᠤᠯᠤᠨ᠎ᠠ᠃ ︽ᠬᠤᠶᠠᠷ ᠢ ᠰᠤᠭᠤᠴᠢᠬᠤ︾ ᠬᠢᠨᠠᠨ ᠬᠠᠮᠢᠶᠠᠷᠤᠯᠲᠠ ᠶᠢᠨ ᠪᠦᠬᠦᠨ ᠢ ᠬᠠᠮᠤᠷᠬᠤ ᠪᠠ ᠪᠠᠶᠢᠩᠭᠤᠵᠢᠬᠤ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ︽ᠨᠢᠭᠡ ᠤᠳᠠᠭ᠎ᠠ ᠳᠤ ᠣᠯᠠᠨ ᠶᠠᠪᠤᠳᠠᠯ ᠢ ᠪᠠᠶᠢᠴᠠᠭᠠᠬᠤ︾ ᠶᠢ ᠪᠡᠶᠡᠯᠡᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠠᠭᠲᠠᠭᠠᠮᠵᠢᠲᠠᠶ | ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠴᠢᠯᠥᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ ᠬᠡᠷᠡᠭᠵᠢᠭᠦᠯᠵᠦ᠂ ᠬᠠᠤᠯᠢ | ᠬᠡᠷᠡᠭᠵᠢᠭᠦᠯᠦᠯᠲᠡ ᠶᠢᠨ ᠠᠯᠳᠠᠭ᠎ᠠ ᠪᠤᠷᠤᠭᠤ ᠶᠢᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠦᠵᠡᠭᠦᠯᠬᠦ ᠨᠥᠯᠥᠭᠡ ᠶᠢ ᠪᠠᠭᠠᠰᠬᠠᠵᠤ᠂ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠪᠤᠢ ᠪᠣᠯᠭᠠᠨ᠎ᠠ᠃ | | ︵ᠳᠣᠯᠤᠭ᠎ᠠ︶ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠳᠣᠪᠤᠶᠢᠯᠭᠠᠵᠤ᠂ ︽ᠬᠤᠤᠰ ᠣᠳᠣ ᠶᠢᠨ ᠣᠷᠣᠨ︾ ᠢ ᠭᠡᠷᠡᠯᠲᠦᠭᠦᠯᠬᠦ | ᠤᠯᠠᠭᠠᠨᠬᠠᠳᠠ ᠶᠢᠨ ᠠᠵᠢᠯ ᠢ ᠭᠦᠢᠴᠡᠳ ᠬᠢᠨ᠎ᠠ | ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ | ᠲᠥᠪ ᠬᠤᠲᠠ ᠲᠣᠭᠤᠷᠢᠭ ᠲᠤ 83 ᠬᠤᠲᠠ ᠶᠢᠨ ᠶᠠᠪᠤᠳᠠᠯ ᠤᠨ ᠭᠤᠣᠯᠳᠠᠯᠭᠠᠲᠠᠢ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠳᠤᠲᠤᠷ᠎ᠠ 53 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠦᠨ᠎ᠡ᠃ ᠬᠤᠳᠠ ᠶᠢᠨ ᠵᠠᠮ ᠤᠨ ᠲᠣᠣᠷ ᠢ 34.2 ᠺᠢᠯᠣᠮᠧᠲᠷ ᠰᠢᠨ᠎ᠡ ᠪᠠᠷ ᠥᠭᠡᠷᠡᠴᠢᠯᠡᠵᠦ ᠥᠷᠭᠡᠳᠬᠡᠨ᠂ | ᠪᠣᠷᠣᠭᠠᠨ ᠤ ᠤᠰᠤ ᠪᠣᠬᠢᠷ ᠤᠰᠤ ᠶᠢ ᠰᠠᠯᠭᠠᠨ ᠥᠭᠡᠷᠡᠴᠢᠯᠡᠬᠦ ᠠᠵᠢᠯ ᠢ 24.6 ᠺᠢᠯᠣᠮᠧᠲᠷ ᠬᠢᠵᠦ᠂ ᠤᠰᠤ ᠬᠠᠩᠭᠠᠬᠤ ᠬᠤᠭᠤᠯᠠᠶ ᠶᠢᠨ ᠲᠣᠣᠷ ᠢ 15 ᠺᠢᠯᠣᠮᠧᠲᠷ᠂ | ᠢᠯᠴᠢ ᠬᠠᠩᠭᠠᠬᠤ ᠬᠤᠭᠤᠯᠠᠶ ᠶᠢᠨ ᠱᠤᠭᠤᠮ ᠢ 65 ᠺᠢᠯᠣᠮᠧᠲᠷ ᠰᠢᠨ᠎ᠡ ᠪᠠᠷ ᠪᠠᠶᠢᠭᠤᠯᠵᠤ᠂ 247 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ | ᠲᠣᠭᠤᠷᠢᠭ ᠢ ᠥᠭᠡᠷᠡᠴᠢᠯᠡᠨ᠎ᠡ᠃ ᠬᠤᠳᠠ ᠶᠢᠨ ᠪᠠᠶᠢᠴᠠᠭᠠᠯᠲᠠ ᠶᠢᠨ ᠠᠵᠢᠯ ᠢ ᠢᠳᠡᠪᠬᠢᠲᠡᠶ ᠥᠷᠨᠢᠭᠦᠯᠵᠦ᠂ ᠬᠤᠳᠠ ᠶᠢᠨ ᠪᠠᠶᠢᠳᠠᠯ ᠢ ᠪᠦᠬᠦ ᠲᠠᠯ᠎ᠠ ᠪᠠᠷ ᠲᠣᠳᠣᠷᠬᠠᠶ | ᠣᠶᠢᠯᠠᠭᠠᠨ᠎ᠠ᠃ ᠲᠡᠥᠬᠡ ᠶᠢᠨ ᠴᠢᠨᠠᠷᠲᠠᠢ ᠪᠠᠷᠢᠯᠭ᠎ᠠ ᠶᠢ ᠬᠠᠮᠠᠭᠠᠯᠠᠬᠤ ᠪᠠ ᠨᠡᠭᠡᠭᠡᠵᠦ᠂ ᠬᠤᠳᠠ ᠶᠢᠨ ᠳᠤᠷᠠᠰᠤᠮᠵᠢ ᠶᠢ ᠦᠯᠡᠳᠡᠭᠡᠨ᠎ᠡ᠃ ᠬᠤᠰᠢᠭᠤ ᠰᠢᠶᠠᠨ ᠤ ᠲᠥᠪ | ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠵᠢᠭ ᠬᠤᠲᠠ ᠪᠠᠯᠭᠠᠰᠤ ᠶᠢ ᠣᠨᠴᠠᠯᠢᠬᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ | ᠠᠬᠢᠭᠤᠯᠤᠨ᠎ᠠ᠃ | ᠬᠤᠳᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ | ᠰᠤᠷᠭᠠᠨ ᠬᠥᠮᠦᠵᠢᠯ᠂ ᠡᠮ ᠡᠮᠨᠡᠯᠭᠡ᠂ ᠵᠠᠮ ᠬᠠᠷᠢᠯᠴᠠᠭ᠎ᠠ ᠵᠡᠷᠭᠡ ᠶᠢᠨ 5G ᠶᠢᠨ ᠲᠠᠯᠠᠪᠤᠷ ᠤᠨ ᠵᠢᠱᠢᠶ᠎ᠡ ᠦᠵᠡᠭᠦᠯᠬᠦ ᠶᠢ ᠳᠥᠯᠭᠢᠨ ᠠᠬᠢᠭᠤᠯᠵᠤ᠂ ᠬᠤᠲᠠ ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠲᠠᠪᠴᠠᠩ ᠢ ᠪᠣᠶ ᠪᠣᠯᠭᠠᠨ᠎ᠠ᠃ ︽ᠵᠢᠷᠭᠤᠭ᠎ᠠ ᠶᠢ ᠥᠴᠦᠬᠡᠨ ᠴᠦ ᠠᠭᠤᠴᠢᠯᠠᠬᠤ ᠦᠭᠡᠢ᠂ | ᠠᠷᠪᠠᠨ ᠬᠤᠶᠠᠷ ᠴᠢᠩᠭ᠎ᠠ ᠬᠠᠮᠢᠶᠠᠷᠤᠯᠲᠠ︾ ᠪᠠᠷ ᠭᠤᠣᠯ ᠪᠣᠯᠭᠠᠭᠰᠠᠨ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠲᠦᠯᠬᠢᠨ | ᠠᠬᠢᠭᠤᠯᠵᠤ᠂ ᠭᠡᠷ ᠤᠨ ᠭᠠᠳᠠᠨᠠᠬᠢ ᠫᠠᠶᠢᠰᠠ ᠢᠯᠡᠷᠬᠡᠶᠢᠯᠡᠯ᠂ ᠬᠤᠲᠠ ᠶᠢᠨ ᠲᠣᠭᠤᠰᠣ ᠪᠣᠷᠬᠢᠬᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ᠂ ᠵᠠᠮ ᠬᠠᠷᠢᠯᠴᠠᠭᠠᠨ ᠤ | ᠡᠮᠬᠢ ᠵᠢᠷᠤᠮ ᠵᠡᠷᠭᠡ ᠳᠤ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠬᠡᠷᠡᠭᠵᠢᠭᠦᠯᠦᠨ᠎ᠡ᠃ ᠲᠥᠪ ᠬᠤᠳᠠ ᠶᠢᠨ ᠲᠡᠷᠭᠡ ᠵᠣᠭᠰᠣᠭᠠᠬᠤ ᠲᠤᠰᠬᠠᠶ ᠵᠦᠢᠯ ᠤᠨ | ᠲᠥᠯᠥᠪᠵᠢᠭᠦᠯᠭᠡ ᠶᠢ ᠲᠣᠭᠲᠠᠭᠠᠵᠤ᠂ ᠤᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠶᠢᠨ | ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠡᠷᠭᠡ | ᠵᠣᠭᠰᠣᠭᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠵᠤ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠢᠵᠢ ᠪᠥᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠡᠶ᠎ᠡ ᠵᠣᠬᠢᠴᠠᠯ ᠲᠠᠢ ᠣᠷᠣᠰᠢᠨ | ᠰᠠᠭᠤᠬᠤ ᠳᠤ ᠲᠣᠬᠢᠷᠠᠮᠵᠢᠲᠠᠶ ᠨᠡᠶᠢᠭᠡᠮ ᠲᠤᠭᠤᠷᠢᠭ ᠢ ᠪᠠᠶᠢᠭᠤᠯᠤᠨ᠎ᠠ᠃ | ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠲᠠᠪᠴᠠᠩ ᠢ ᠪᠥᠲᠥᠭᠡᠨ ᠪᠠᠶᠢᠭᠤᠯᠤᠨ᠎ᠠ᠃ ᠠᠵᠤ ᠦᠢᠯᠡᠰ ᠪᠠ ᠬᠤᠳᠠ ᠶᠢ ᠠᠭᠤᠰᠤᠯᠴᠠᠭᠤᠯᠤᠨ | ᠬᠥᠭᠵᠢᠭᠦᠯᠬᠦ ᠬᠤᠰᠢᠭᠤᠴᠢ ᠣᠷᠣᠨ ᠤ ᠪᠦᠳᠦᠭᠡᠨ ᠪᠠᠶᠢᠭᠤᠯᠤᠯᠲᠠ ᠶᠢ ᠳᠡᠮᠵᠢᠬᠦ ᠢᠵᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠠᠵᠤ ᠦᠢᠯᠡᠰ ᠪᠠ | ᠬᠤᠲᠠ ᠶᠢ ᠠᠭᠤᠰᠤᠯᠴᠠᠭᠤᠯᠬᠤ ᠪᠠᠶᠢᠯᠳᠤᠬᠤ ᠪᠣᠳᠣᠯᠭ᠎ᠠ ᠶᠢᠨ ᠲᠥᠪ ᠬᠤᠲᠠ ᠳᠤ ᠨᠠᠶᠢᠳᠠᠪᠤᠷᠢᠵᠢᠭᠤᠯᠤᠨ ᠪᠣᠳᠠᠲᠠᠶᠢᠵᠢᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ︽ᠬᠤᠶᠠᠷ ᠲᠣᠭᠤᠷᠢᠭ ᠨᠢᠭᠡ ᠬᠤᠰᠢᠭᠤ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠬᠤᠲᠠ ᠶᠢᠨ ᠠᠵᠤ | ᠦᠢᠯᠡᠳᠪᠦᠷᠢ᠂ ᠲᠣᠭᠠᠴᠢᠯᠠᠭᠰᠠᠨ ᠠᠵᠤ ᠦᠢᠯᠡᠰ᠂ ᠶᠡᠷᠦᠩᠬᠡᠶ ᠬᠡᠯᠲᠡᠰ ᠤᠨ ᠠᠵᠤ ᠠᠬᠤᠶ᠂ ᠵᠣᠬᠢᠶᠠᠮᠠᠯ ᠣᠶᠤᠨᠴᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠥᠷᠭᠡᠳᠬᠡᠭᠰᠡᠨ ᠲᠣᠭᠤᠷᠢᠭ ᠪᠠ ᠬᠤᠭᠤᠰᠣᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠦᠢᠯᠡᠰ ᠤᠨ ᠨᠡᠶᠢᠭᠡᠮ ᠲᠣᠭᠤᠷᠢᠭ᠂ ᠲᠤᠰᠬᠠᠶ ᠠᠰᠠᠷ ᠪᠠᠶᠢᠰᠢᠩ᠂ ᠠᠵᠤ | ᠦᠢᠯᠡᠳᠪᠦᠷᠢ ᠶᠢᠨ ᠶᠡᠷᠦᠩᠬᠡᠶᠢᠯᠡᠭᠰᠡᠨ ᠴᠣᠭᠴᠠ᠂ ᠤᠶᠤᠨᠲᠤ ᠪᠢᠴᠢᠯ ᠦᠢᠯᠡᠳᠪᠦᠷᠢ ᠵᠡᠷᠭᠡ ᠬᠠᠮ ᠬᠡᠯᠪᠡᠷᠢ ᠶᠢᠨ ᠣᠷᠣᠨ ᠵᠠᠶ ᠶᠢᠨ ᠠᠴᠢᠶᠠᠯᠠᠪᠤᠷᠢ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠤᠰᠢᠭᠤᠴᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠠᠬᠢᠯᠲᠠ ᠲᠠᠢ ᠪᠣᠯᠭᠠᠨ᠎ᠠ᠃ | | ︵ᠨᠠᠢᠮᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢ ᠳᠣᠪᠤᠶᠢᠯᠭᠠᠵᠤ᠂ ᠤᠯᠠᠭᠠᠨᠬᠠᠳᠠ ᠶᠢᠨ ᠠᠷᠠᠳ ᠲᠦᠮᠡᠨ ᠤ ᠵᠣᠯ ᠵᠢᠷᠭᠠᠯ ᠤᠨ | ᠵᠢᠭᠠᠯᠲᠠ ᠲᠤᠭ᠎ᠠ ᠶᠢ ᠬᠦᠴᠦᠯᠡᠨ ᠳᠡᠭᠡᠭᠰᠢᠯᠡᠭᠦᠯᠦᠨ᠎ᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠪᠥᠭᠡᠳ ᠪᠠᠲᠤ ᠰᠦᠯᠵᠢᠭᠦᠯᠦᠨᠡ᠃ ᠣᠳᠣᠬᠠᠨ ᠳᠤ ᠬᠢᠵᠢᠭ ᠤᠨ ᠪᠠᠶᠢᠳᠠᠯ ᠮᠥᠨ ᠬᠦ | ᠦᠷᠭᠦᠯᠵᠢᠯᠡᠵᠦ ᠪᠠᠶᠢᠨ᠎ᠠ᠂ ᠥᠴᠦᠬᠡᠨ ᠲᠡᠳᠦᠶ ᠰᠤᠯᠠᠷᠠᠭᠤᠯᠵᠤ᠂ ᠥᠴᠦᠬᠡᠨ ᠲᠡᠳᠦᠶ ᠣᠷᠬᠢᠭᠳᠠᠭᠤᠯᠪᠠᠯ᠂ ᠵᠢᠱᠢᠬᠦᠶ᠎ᠡ ᠪᠡᠷᠬᠡ ᠨᠥᠯᠥᠭᠡ ᠭᠠᠷᠭᠠᠵᠤ ᠮᠡᠳᠡᠬᠦ ᠪᠥᠭᠡᠳ | ᠲᠡᠰᠪᠦᠷᠢᠯᠡᠬᠦᠶ᠎ᠡ ᠪᠡᠷᠬᠡ ᠦᠨ᠎ᠡ ᠥᠷᠲᠡᠭ ᠭᠠᠷᠭᠠᠬᠤ ᠴᠢᠬᠤᠯᠠᠲᠠᠶ ᠪᠣᠯᠣᠨ᠎ᠠ᠃ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ | ᠪᠣᠳᠠᠲᠠᠶᠢᠵᠢᠭᠤᠯᠵᠤ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠭᠠᠳᠠᠭᠠᠳᠤ ᠠᠴᠠ ᠬᠠᠯᠳᠠᠪᠤᠷᠢᠯᠠᠬᠤ ᠶᠢ ᠰᠡᠷᠭᠡᠶᠢᠯᠡᠨ᠂ | ᠳᠣᠲᠣᠭᠠᠳᠤ ᠠᠴᠠ ᠳᠠᠬᠢᠨ ᠡᠭᠦᠰᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠤᠨ ᠪᠦᠬᠦ ᠬᠡᠯᠬᠢᠶ᠎ᠡ ᠶᠢ ᠨᠠᠷᠢᠯᠢᠭ ᠣᠨᠣᠴᠠᠲᠠᠶ ᠪᠠᠷ ᠰᠡᠷᠭᠡᠶᠢᠯᠡᠨ | ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤᠪᠠᠷ ᠰᠡᠷᠭᠡᠶᠢᠯᠡᠬᠦ ᠶᠢ | ᠪᠠᠷᠢᠮᠲᠠᠯᠠᠵᠤ᠂ ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠤᠣᠯᠳᠠᠯᠭ᠎ᠠ ᠲᠠᠢ ᠠᠶᠤᠯ ᠲᠦᠭᠰᠢᠭᠦᠷᠢ ᠲᠠᠢ ᠬᠥᠮᠦᠰ ᠤᠨ ᠲᠤᠮᠤ | ᠳ᠋ᠠᠶᠢᠲ᠋ᠠ ᠪᠠᠷ ᠵᠢᠭᠰᠠᠭᠠᠨ ᠪᠠᠶᠢᠴᠠᠭᠠᠬᠤ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠭᠠᠳᠠᠭᠠᠳᠤ ᠠᠴᠠ ᠣᠷᠣᠭᠤᠯᠬᠤ ᠡᠳ᠋ ᠪᠣᠳᠠᠰ᠂ | ᠰᠢᠦᠳᠠᠨ ᠤ ᠵᠦᠢᠯ ᠵᠡᠷᠭᠡ ᠶᠢᠨ ᠡᠬᠢ ᠡᠭᠦᠰᠦᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠡᠩ ᠤᠨ ᠪᠠᠶᠢᠳᠠᠯ ᠪᠠ ᠪᠠᠴᠢᠮ ᠪᠠᠶᠢᠳᠠᠯ ᠢ | ᠬᠤᠪᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ᠂ ᠠᠵᠢᠯᠳᠠᠨ ᠤ ᠪᠣᠯᠪᠠᠰᠤᠷᠠᠯ᠂ ᠡᠳ᠋ ᠪᠣᠳᠠᠰ ᠤᠨ ᠨᠥᠭᠡᠴᠡᠯᠡᠯᠲᠡ ᠶᠢ | ᠴᠢᠩᠭᠠᠳᠬᠠᠵᠤ᠂ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ ᠬᠥᠮᠦᠰ ᠤᠨ ᠪᠦᠬᠦ ᠶᠠᠪᠤᠴᠠ ᠶᠢᠨ | ᠲᠠᠷᠢᠯᠭ᠎ᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ | ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ | ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠢᠳᠡᠪᠬᠢᠲᠡᠢ | ᠲᠡᠳᠬᠦᠨ ᠲᠤᠰᠠᠯᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠮᠡᠭᠳᠡᠭᠦᠯᠦᠨ᠎ᠡ᠃ ᠠᠵᠢᠯ ᠣᠯᠭᠤᠯᠲᠠ ᠶᠢᠨ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠲᠣᠪᠤᠶᠢᠮ᠎ᠠ ᠰᠠᠶᠢᠲᠤᠷ | ᠠᠳᠬᠤᠵᠤ᠂ ︽ᠨᠢᠭᠡ ᠴᠦ ᠠᠵᠢᠯ ᠣᠯᠤᠭᠰᠠᠨ ᠥᠬᠡᠶ︾ ᠬᠡᠷ ᠪᠦᠯᠢ ᠶᠢ ᠬᠥᠳᠡᠯᠦᠩᠭᠦᠶ ᠪᠠᠷ ᠦᠭᠡᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ︽ᠦᠢᠯᠡᠰ | ᠴᠣᠭᠴᠠᠯᠠᠬᠤ ᠤᠯᠠᠭᠠᠨᠬᠠᠳᠠ︾ ᠶᠢᠨ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠦᠨ᠂ | ᠠᠳᠠᠯ ᠦᠢᠯᠡᠰ ᠴᠣᠭᠴᠠᠯᠠᠬᠤ ᠲᠠᠪᠴᠠᠩ ᠢ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ᠃ | ᠠᠷᠠᠳ ᠤᠨ ᠠᠮᠢᠳᠤᠷᠠᠯ ᠳᠤ ᠨᠡᠶᠢᠳᠡᠮ ᠠᠰᠢᠭ ᠬᠦᠷᠲᠡᠭᠡᠬᠦ ᠪᠠᠲᠤᠯᠠᠭ᠎ᠠ ᠶᠢ ᠬᠠᠩᠭᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ | ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠤᠷᠮ᠎ᠠ ᠶᠢ ᠪᠠᠶᠢᠩᠭᠤ ᠰᠠᠭᠤᠭ᠎ᠠ ᠬᠥᠮᠦᠨ ᠠᠮᠠ ᠶᠢᠨ 95% ᠠᠴᠠ ᠳᠡᠭᠡᠭᠰᠢ ᠳᠤ ᠬᠦᠷᠭᠡᠨ᠎ᠡ᠃ ᠴᠠᠯᠢᠩ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠥᠯᠥᠰᠥᠨ ᠠᠵᠢᠯᠴᠢᠨ ᠤ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠥᠰ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ | ᠬᠥᠮᠥᠰ᠂ ᠬᠡᠷ ᠲᠡᠭᠡᠨ ᠬᠤᠴᠣᠷᠤᠭᠰᠠᠨ ᠬᠡᠤᠬᠡᠳ᠂ ᠥᠨᠥᠴᠢᠨ ᠬᠡᠤᠬᠡᠳ᠂ ᠵᠡᠮᠳᠡᠭᠴᠦᠳ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠵᠡᠷᠭᠡ | ᠪᠠᠭᠤᠷᠠᠶᠢᠴᠤᠳ ᠤᠨ ᠦᠨᠳᠦᠰᠦᠨ ᠠᠮᠢᠳᠤᠷᠠᠯ ᠪᠠ ᠡᠯ᠎ᠡ ᠵᠦᠢᠯ ᠤᠨ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ ︽ᠨᠠᠰᠤᠲᠠᠨ ᠨᠢᠯᠬ᠎ᠠ︾ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠲᠠᠯ᠎ᠠ ᠶᠢᠨ ᠬᠦᠴᠦᠨ ᠢ ᠳᠠᠶᠢᠴᠢᠯᠠᠨ | ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠵᠡᠷᠭᠡ ᠰᠢᠯᠢᠳᠡᠭ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠢ | ᠬᠠᠮᠠᠭᠠᠯᠠᠬᠤ ᠠᠵᠢᠯ ᠢ ᠴᠢᠩᠭᠠᠳᠬᠠᠨ᠎ᠠ᠃ ᠪᠣᠯᠪᠠᠰᠤᠨ ᠣᠷᠣᠰᠢᠭᠤᠯᠤᠭ᠎ᠠ ᠶᠢᠨ ᠥᠭᠡᠷᠡᠴᠢᠯᠡᠯᠲᠡ ᠶᠢ ᠨᠠᠢᠳᠠᠪᠤᠷᠢᠵᠢᠭᠤᠯᠤᠨ ᠪᠣᠳᠠᠲᠠᠶᠢᠵᠢᠭᠤᠯᠤᠨ᠎ᠠ᠃ ᠴᠡᠷᠢᠭ ᠠᠴᠠ | ᠬᠠᠯᠠᠭᠳᠠᠭᠰᠠᠳ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠴᠢᠨᠠᠷ ᠰᠠᠶᠢᠲᠠᠶ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠦᠨ᠎ᠡ᠃ ︽ᠬᠤᠶᠠᠷ ᠢ ᠬᠥᠩᠭᠡᠷᠡᠭᠦᠯᠬᠦ︾ ᠶᠢᠨ ᠦᠷ᠎ᠡ ᠪᠦᠲᠦᠭᠡᠯ ᠢ ᠥᠷᠭᠦᠯᠵᠢᠯᠡᠭᠦᠯᠦᠨ | ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠳᠠᠰᠬᠠᠯ ᠵᠢᠴᠢ ᠬᠢᠴᠢᠶᠡᠯ ᠤᠨ ᠳᠠᠷᠠᠭᠠᠬᠢ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠮᠣᠷᠠᠯ ᠤᠨ ᠬᠥᠮᠥᠵᠢᠯ᠂ ᠬᠥᠳᠡᠯᠮᠦᠷᠢ ᠶᠢᠨ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ | ᠰᠠᠶᠢᠬᠠᠨ ᠤ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠶᠡᠷᠥᠩᠬᠡᠶᠢᠯᠡᠭᠰᠡᠨ ᠴᠢᠨᠠᠷᠲᠠᠢ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ | ᠭᠠᠵᠠᠷ ᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠢᠶᠠᠷ ᠰᠠᠭᠤᠷᠢ ᠶᠢ ᠴᠢᠩᠭᠠᠳᠬᠠᠬᠤ ᠢᠨᠵᠧᠨᠧᠷᠢᠩ ᠢ ᠬᠡᠷᠡᠭᠵᠢᠭᠦᠯᠵᠦ᠂ | ᠳᠥᠷᠪᠡᠳᠦᠭᠡᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ | ᠲᠡᠩᠴᠡᠭᠦᠷᠢᠲᠡᠶ ᠬᠥᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ 19 ᠰᠤᠷᠭᠠᠭᠤᠯᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ᠂ 11 ᠰᠤᠷᠭᠠᠭᠤᠯᠢ ᠶᠢᠨ ᠭᠤᠣᠯ | ᠴᠣᠭᠴᠠ ᠶᠢᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠤᠨ᠎ᠠ᠃ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ | ᠬᠦᠷᠢᠶ᠎ᠡ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠵᠦ᠂ ᠤᠯᠠᠭᠠᠨᠬᠠᠳᠠ ᠶᠡᠭᠡ ᠰᠤᠷᠭᠠᠭᠤᠯᠢ ᠶᠢ ᠡᠭᠦᠳᠦᠨ ᠪᠠᠢᠭᠤᠯᠬᠤ ᠠᠵᠢᠯ ᠢ | ᠲᠦᠷᠭᠡᠳᠭᠡᠵᠦ᠂ ᠬᠡᠷᠡᠭᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠤᠯᠪᠠᠰᠤᠷᠠᠭᠤᠯᠵᠤ ᠵᠣᠬᠢᠴᠠᠬᠤ ᠴᠢᠨᠠᠷᠲᠠᠶ ᠪᠠᠷ ᠬᠥᠭᠵᠢᠭᠦ ᠪᠠ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ᠂ ᠠᠭᠤᠯᠤᠭᠳᠠᠬᠤᠨ ᠤ ᠮᠠᠶ᠋ᠢᠭ ᠢᠶᠠᠷ ᠬᠥᠭᠵᠢᠬᠦ ᠶᠢ ᠠᠬᠢᠭᠤᠯᠤᠨ᠎ᠠ᠃ | ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠬᠤᠲᠠ ᠶᠢᠨ ᠨᠣᠮ ᠤᠨ ᠰᠠᠩ ᠤᠨ ᠰᠢᠨ᠎ᠡ ᠣᠷᠳᠣᠨ ᠤ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠠᠷᠠᠳ ᠲᠤ ᠠᠰᠢᠭ ᠬᠦᠷᠲᠡᠭᠡᠬᠦ ᠨᠣᠮ ᠤᠨ ᠥᠷᠥᠭᠡ ᠶᠢᠨ ᠢᠨᠵᠧᠨᠧᠷᠢᠩ ᠢ ᠬᠡᠷᠡᠭᠵᠢᠭᠦᠯᠵᠦ᠂ ︽ᠨᠣᠮ ᠤᠨ ᠪᠠᠭ᠋ᠠᠷᠬᠠᠯᠲᠤ ᠤᠯᠠᠭᠠᠨᠬᠠᠳᠠ︾ ᠶᠢ | ᠡᠭᠦᠳᠦᠨ ᠪᠠᠶᠢᠭᠤᠯᠤᠨ᠎ᠠ᠃ ᠬᠤᠩᠱᠠᠨ ᠰᠣᠶᠣᠯ ᠤᠨ ᠪᠠᠭᠤᠷᠢ ᠪᠠ ᠯᠢᠶᠣᠤ ᠤᠯᠤᠰ ᠤᠨ ᠳᠡᠭᠡᠳᠦ ᠨᠡᠶᠢᠰᠯᠡᠯ᠂ ᠳᠡᠭᠡᠳᠦᠰ ᠤᠨ ᠣᠩᠭᠤᠨ ᠤ ᠪᠠᠭᠤᠷᠢ ᠶᠢ ᠪᠣᠳᠠᠰ ᠤᠨ | ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ | ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠵᠥᠪᠰᠢᠶᠡᠷᠡᠯ ᠢ ᠴᠢᠷᠮᠠᠶᠢᠨ ᠣᠯᠵᠣ᠂ ᠭᠡᠰᠡᠷ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠳᠤ | ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠤᠨ᠎ᠠ᠃ ᠤᠯᠠᠭᠠᠨᠮᠥ᠋ᠴᠢᠷ᠂ ᠰᠣᠨᠢᠨ | ᠮᠡᠳᠡᠭᠡ ᠷᠠᠳᠢᠣ᠋ ᠲᠧᠯᠸᠢᠰ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠦᠢᠯᠡᠰ ᠤᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ | ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠳᠡᠷᠭᠡᠳᠡᠬᠢ ᠤᠶᠤᠨ ᠤ ᠰᠣᠶᠣᠯ ᠤᠨ ᠭᠡᠷ | ᠣᠷᠣᠨ ᠢ ᠪᠠᠶᠢᠭᠤᠯᠤᠨ᠎ᠠ᠃ | ︽ᠡᠷᠡᠭᠦᠯ ᠡᠩᠬᠡ ᠤᠯᠠᠭᠠᠨᠬᠠᠳᠠ︾ ᠶᠢᠨ ᠠᠵᠢᠯᠯᠠᠭ᠎ᠠ ᠶᠢ ᠥᠷᠨᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ᠶᠤᠸᠠᠨ ᠪᠦᠦ ᠱᠠᠨ ᠲᠣᠭᠤᠷᠢᠭ᠂ ᠠᠤᠬᠠᠨ ᠬᠤᠰᠢᠭᠤᠨ ᠤ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ | ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠡᠮᠨᠡᠯᠭᠡ ᠶᠢᠨ ᠠᠵᠢᠯᠲᠠᠨ ᠢ ᠬᠠᠮᠠᠭᠠᠯᠠᠨ ᠬᠠᠯᠠᠮᠵᠢᠯᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠨᠠᠢᠳᠠᠪᠤᠷᠢᠵᠢᠭᠤᠯᠵᠤ᠂ ᠴᠢᠨᠠᠷ ᠰᠠᠶᠢᠲᠠᠶ ᠤᠯᠠᠨ ᠨᠡᠶᠢᠲᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠭᠠᠵᠠᠷ ᠣᠷᠣᠨ ᠤ ᠡᠮᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠵᠤ᠂ | ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠬᠤᠲᠠ ᠲᠣᠭᠤᠷᠢᠭ ᠤᠨ ᠬᠤᠪᠢᠶᠠᠷᠢ ᠬᠤᠷᠢᠶ᠎ᠠ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ | ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠬᠡᠤᠬᠡᠳ ᠤᠨ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ | ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ | ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠬᠢᠵᠢᠭ ᠤᠨ ᠪᠠᠶᠢᠳᠠᠯ ᠢ | ᠠᠪᠤᠷᠠᠨ ᠵᠠᠰᠠᠬᠤ ᠰᠠᠭᠤᠷᠢᠨ ᠭᠠᠵᠠᠷ ᠢ ᠥᠭᠡᠷᠡᠴᠢᠯᠡᠨ ᠲᠡᠰ ᠳᠡᠪᠰᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠴᠡᠴᠡᠷᠯᠢᠭ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ᠂ ᠪᠡᠶ᠎ᠡ ᠴᠢᠭᠢᠷᠠᠭᠵᠢᠭᠤᠯᠬᠤ | ᠶᠠᠪᠠᠭᠠᠨ ᠵᠠᠮ᠂ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠵᠡᠷᠭᠡ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠰᠠᠭᠤᠷᠢ ᠲᠥᠬᠦᠭᠡᠷᠦᠮᠵᠢ ᠶᠢ ᠨᠢᠭᠡᠳᠦᠯᠲᠡᠶ ᠪᠠᠶᠢᠭᠤᠯᠤᠨ᠎ᠠ᠃ | | ︵ᠶᠢᠰᠦ︶ ᠣᠯᠠᠨ ᠨᠡᠶᠢᠲᠡ ᠶᠢᠨ ᠠᠮᠤᠷ ᠲᠦᠪᠰᠢᠨ ᠢ ᠳᠣᠪᠤᠶᠢᠯᠭᠠᠨ ᠴᠢᠩᠭᠠᠳᠬᠠᠵᠤ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ | ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠨ᠎ᠠ | ᠠᠶᠤᠯᠭᠦᠶ ᠦᠢᠯᠡᠳᠪᠦᠷᠢᠯᠡᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ᠂ ᠠᠶᠤᠯ ᠲᠠᠢ ᠬᠢᠮᠢ ᠶᠢᠨ ᠪᠣᠳᠠᠰ᠂ ᠰᠢᠲᠠᠮᠠᠬᠠᠶ ᠬᠡᠢ᠂ ᠪᠠᠷᠢᠯᠭ᠎ᠠ᠂ | ᠦᠢᠯᠡᠳᠬᠦ᠂ ᠠᠭᠤᠷᠬᠠᠶ ᠮᠠᠯᠲᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠲᠤᠰᠬᠠᠶ ᠵᠦᠢᠯ ᠢᠶᠠᠷ ᠴᠡᠭᠴᠡᠯᠡᠨ | ᠵᠠᠰᠠᠬᠤ ᠶᠢ ᠴᠢᠩᠭᠠᠳᠬᠠᠨ᠂ ᠡᠯ᠎ᠡ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠳᠠᠯᠠᠵᠤ᠂ ᠬᠦᠨᠳᠦ ᠶᠡᠭᠡ ᠵᠢᠴᠢ | ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ︽ᠳᠥᠷᠪᠡᠨ ᠬᠠᠮᠤᠭ ᠤᠨ ᠴᠢᠩᠭ᠎ᠠ︾ ᠶᠢᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠢᠳᠡᠭᠡᠨ ᠡᠮ ᠤᠨ ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠰᠠᠭᠤᠷᠢ ᠲᠥᠬᠦᠭᠡᠷᠦᠮᠵᠢ ᠪᠠ ᠡᠩᠨᠡᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠤᠷᠢᠳᠴᠢᠯᠠᠨ ᠵᠢᠱᠢᠵᠦ ᠤᠷᠢᠳᠴᠢᠯᠠᠨ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠴᠠᠭ ᠠᠭᠤᠷ ᠭᠠᠵᠠᠷ ᠬᠥᠳᠡᠯᠦᠯᠲᠡ ᠵᠡᠷᠭᠡ ᠶᠢᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠨ᠎ᠠ᠃ | ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠬᠠᠤᠯᠢ ᠪᠠᠷ | ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠳᠤ ᠬᠤᠯᠪᠣᠭᠳᠠᠭᠰᠠᠨ ᠬᠡᠷᠡᠭ ᠢ ᠬᠥᠳᠡᠯᠦᠩᠭᠦᠶ ᠪᠠᠷ ᠦᠭᠡᠢ ᠪᠣᠯᠭᠠᠬᠤ ᠶᠢ ᠠᠬᠢᠭᠤᠯᠤᠨ᠎ᠠ᠃ | ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ᠂ | ᠠᠷᠠᠳ ᠤᠨ ᠡᠶᠡᠳᠡᠭᠦᠯᠭᠡ ᠶᠢ ᠵᠣᠯᠭᠠᠭᠤᠯᠤᠨ ᠬᠤᠯᠪᠣᠯᠳᠤᠭᠤᠯᠬᠤ ᠶᠢ ᠴᠢᠩᠭᠠᠳᠬᠠᠵᠤ᠂ ᠠᠷᠠᠳ ᠤᠨ ᠡᠶᠡᠳᠡᠭᠦᠯᠦᠭᠴᠢ ᠶᠢᠨ ᠡᠩᠨᠡᠭᠡᠨ ᠤ ᠬᠡᠪ ᠴᠢᠨᠠᠷ ᠢ | ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠲᠦᠷᠢᠮ ᠢ ᠨᠠᠢᠳᠠᠪᠤᠷᠢᠵᠢᠭᠤᠯᠤᠨ᠎ᠠ | ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠷᠢᠶᠡᠨ ᠳᠤ ᠣᠷᠣᠰᠢᠵᠤ ᠪᠠᠶᠢᠭ᠎ᠠ ᠬᠠᠤᠯᠢ ᠬᠡᠷᠡᠭᠵᠢᠭᠦᠯᠦᠯᠲᠡ ᠶᠢᠨ ᠭᠤᠣᠯᠴᠢ ᠪᠤᠰᠤ᠂ ᠵᠢᠷᠤᠮᠵᠢᠯ ᠦᠭᠡᠢ᠂ | ᠪᠣᠯᠪᠠᠰᠤᠨ ᠪᠤᠰᠤ ᠵᠡᠷᠭᠡ ᠲᠤᠪᠤᠶᠢᠮ᠎ᠠ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠬᠠᠤᠯᠢ ᠪᠠᠷ ᠵᠠᠰᠠᠬᠤ ᠰᠢᠯᠢᠳᠡᠭ ᠰᠠᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ | | ᠨᠡᠶᠢᠭᠡᠮ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠴᠢᠬᠤᠯᠠ ᠶᠡᠭᠡ ᠠᠵᠢᠯᠯᠠᠭ᠎ᠠ ᠶᠢᠨ | ᠬᠤᠭᠤᠴᠠᠭᠠᠨ ᠳᠠᠬᠢ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ | ᠭᠦᠨᠵᠡᠭᠡᠶ ᠲᠤᠤᠱᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ | ᠲᠦᠪᠰᠢᠨ ᠢ ᠬᠠᠮᠠᠭᠠᠯᠠᠨ᠎ᠠ᠃ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡ ᠶᠢ ᠬᠥᠲᠥᠯᠥᠨ ᠵᠢᠯᠣᠭᠤᠳᠬᠤ ᠪᠠ ᠬᠢᠮᠤᠷᠠᠯ ᠢ ᠬᠠᠮᠢᠶᠠᠷᠬᠤ ᠲᠣᠭᠲᠠᠴᠠ ᠶᠢ | ᠰᠦᠪᠡᠭᠴᠢᠯᠡᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ | ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠯᠠᠪᠳᠠᠭᠤᠨ ᠪᠠᠲᠤᠲᠠᠢ ᠬᠡᠷᠡᠭᠵᠢᠭᠦᠯᠵᠦ᠂ ︽ᠭᠤᠷᠪᠠᠨ | ᠰᠠᠯᠵᠤ ᠴᠢᠳᠠᠬᠤ ᠦᠭᠡᠢ︾᠂ ︽ᠲᠠᠪᠤ ᠶᠢ ᠮᠡᠳᠡᠷᠡᠨ ᠵᠥᠪᠰᠢᠶᠡᠷᠡᠬᠦ︾ ᠦᠵᠡᠯ ᠰᠠᠨᠠᠭ᠎ᠠ ᠪᠠ ︽ᠳᠦᠷᠪᠡ ᠶᠢ ᠬᠠᠮᠲᠤᠳᠬᠠᠬᠤ︾ ᠤᠢᠢᠯᠠᠭᠠᠭᠳᠠᠬᠤᠨ ᠢ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠤᠨᠠ᠃ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠵᠤ ᠨᠠᠮᠳᠠᠭᠤᠯᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ | ᠡᠯ᠎ᠡ ᠲᠦᠷᠦᠯ ᠤᠨ ᠬᠡᠪ ᠤᠨ ᠪᠣᠰᠤ ᠰᠤᠷᠪᠤᠯᠵᠢᠯᠠᠬᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠵᠠᠬᠢᠳᠠᠯ ᠰᠤᠷᠪᠤᠯᠵᠢᠯᠠᠭ᠎ᠠ ᠶᠢᠨ | ᠪᠠᠶᠢᠳᠠᠯ ᠤᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ | ᠠᠵᠢᠯ ᠢ ᠭᠦᠨᠵᠡᠭᠡᠶ ᠥᠷᠨᠢᠭᠦᠯᠵᠦ᠂ ᠮᠥᠩᠭᠦᠨ ᠭᠦᠢᠯᠭᠡᠭᠡᠨ ᠤ ᠠᠮᠢ ᠠᠬᠤᠶ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠯ᠎ᠡ ᠲᠦᠷᠦᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠬᠦᠨᠳᠦ ᠴᠣᠬᠢᠯᠲᠠ ᠥᠭᠴᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠶ᠎ᠡ ᠵᠣᠬᠢᠴᠠᠩᠭᠤᠢ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃ |