| | 2022 ᠣᠨ ᠤ 2 ᠰᠠᠷ᠎ᠠ ᠶᠢᠨ 11 ᠤ ᠡᠳᠦᠷ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | | | ᠬᠤᠲᠠ ᠶᠢᠨ ᠳᠠᠷᠤᠭ᠎ᠠ ᠸᠠᠩ ᠸᠠᠩ ᠱᠧᠩ | | | ᠲᠥᠯᠦᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ | ᠂ ᠲᠡᠷᠡᠴᠢᠯᠡᠨ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠤᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃ | | ᠨᠢᠭᠡ᠂ ᠬᠤᠳᠠ ᠶᠢᠨ ᠳᠣᠯᠣᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | | ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠨᠠᠰᠢ᠂ ᠨᠠᠷᠢᠨ | ᠪᠤᠳᠤᠯᠢᠶᠠᠨᠲᠠᠶ ᠳᠡᠯᠡᠬᠡᠶ ᠶᠢᠨ ᠪᠠᠶᠢᠳᠠᠯ ᠪᠣᠯᠤᠨ ᠬᠠᠲᠠᠭᠤ ᠪᠡᠷᠬᠡ ᠲᠠᠢ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠶᠢ ᠲᠣᠭᠲᠠᠭᠤᠨ ᠪᠠᠶᠢᠯᠭᠠᠬᠤ | ᠡᠭᠦᠷᠭᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠲᠥᠪ ᠬᠤᠷᠢᠶ᠎ᠠ᠂ | ᠲᠥᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠲᠣᠭᠲᠠᠭᠤᠨ ᠮᠥᠷᠲᠡᠭᠡᠨ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠠᠶᠢᠵᠢᠮ ᠢ ᠪᠠᠷᠢᠮᠲᠠᠯᠠᠵᠤ | ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠨᠥᠯᠥᠭᠡ ᠪᠠ ᠳᠠᠭᠠᠷᠢᠯᠲᠠ ᠶᠢ ᠢᠳᠡᠪᠬᠢᠲᠡᠶ ᠠᠷᠭᠠᠴᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠲᠡᠭᠦᠰ ᠠᠮᠵᠢᠯᠲᠠ ᠲᠠᠢ ᠲᠡᠭᠦᠰᠬᠡᠬᠦ ᠶᠢ ᠪᠥᠬᠦ ᠬᠦᠴᠦᠨ ᠢᠶᠠᠷ ᠠᠬᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠤᠭᠰᠢᠲᠠᠶ | ᠬᠡᠷᠡᠭᠵᠢᠭᠦᠯᠵᠦ᠂ ᠤᠯᠠᠭᠠᠨᠬᠠᠳᠠ ᠶᠢᠨ ᠴᠢᠨᠠᠷ ᠰᠠᠶᠢᠲᠠᠶ ᠬᠥᠭᠵᠢᠯᠲᠡ ᠨᠢ ᠯᠠᠪᠳᠠᠭᠤᠨ ᠪᠠᠲᠤᠲᠠᠶ ᠪᠠᠷ ᠣᠷᠤᠭᠰᠢ ᠳᠠᠪᠰᠢᠪᠠ᠃ | | ᠪᠢᠳᠡᠨ ᠢ ᠬᠠᠮᠤᠭ ᠠᠴᠠ ᠵᠣᠷᠢᠭᠵᠢᠭᠤᠯᠤᠭᠰᠠᠨ ᠶᠠᠪᠤᠳᠠᠯ ᠭᠡᠪᠡᠯ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠳᠣᠲᠣᠨᠣ ᠬᠠᠯᠠᠮᠵᠢᠯᠠᠯ ᠢ | ᠡᠪᠦᠷᠯᠡᠨ ᠤᠯᠠᠭᠠᠨᠬᠠᠳᠠ ᠳᠤ ᠪᠡᠶ᠎ᠡ ᠪᠠᠷ ᠢᠶᠠᠨ ᠢᠷᠡᠵᠦ ᠰᠢᠨᠵᠢᠯᠡᠨ ᠪᠠᠶᠢᠴᠠᠭᠠᠵᠤ᠂ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠳᠤ ᠠᠶᠠᠯᠠᠯ ᠤᠨ ᠴᠢᠭᠯᠡᠯ ᠢ | ᠵᠢᠭᠠᠵᠤ ᠥᠭᠭᠦᠭᠰᠡᠨ ᠳᠤ ᠯᠤᠤᠲᠤ ᠨᠤᠲᠤᠭ ᠤᠨ ᠬᠥᠪᠡᠭᠦᠳ ᠥᠬᠢᠳ ᠶᠡᠬᠡᠳᠡ ᠵᠣᠷᠢᠭᠵᠢᠨ᠂ ᠡᠷᠡᠯᠬᠡᠭᠯᠡᠨ ᠤᠷᠤᠭᠰᠢᠯᠠᠵᠤ᠂ ᠤᠯᠠᠭᠠᠨᠬᠠᠳᠠ ᠶᠢᠨ ᠥᠭᠡᠷᠡᠴᠢᠯᠡᠯᠲᠡ | ᠬᠥᠭᠵᠢᠯᠲᠡ ᠶᠢᠨ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠤᠭᠰᠠᠨ ᠪᠠᠶᠢᠨ᠎ᠠ︕ | | ᠪᠢᠳᠡᠨ ᠢ ᠬᠠᠮᠤᠭ ᠠᠴᠠ ᠣᠮᠣᠭᠰᠢᠭᠤᠯᠤᠭᠰᠠᠨ ᠶᠠᠪᠤᠳᠠᠯ ᠭᠡᠪᠡᠯ᠂ ᠪᠦᠬᠦ ᠣᠷᠣᠨ ᠤ ᠭᠤᠷᠪᠠᠨ ᠤ ᠨᠢᠭᠡ ᠶᠢ ᠡᠵᠡᠯᠡᠬᠦ ᠶᠠᠳᠠᠭᠤ ᠬᠦᠴᠢᠷᠳᠡᠯᠲᠡᠢ ᠬᠥᠮᠦᠨ | ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠳᠠᠪᠰᠢᠭᠰᠠᠨ ᠪᠠᠶᠢᠨ᠎ᠠ᠃ ᠤᠯᠠᠭᠠᠨᠬᠠᠳᠠ ᠶᠢᠨ | ᠬᠥᠮᠦᠰ ᠤᠨ ᠳᠡᠭᠡᠳᠦ ᠬᠤᠷᠳᠤᠴᠠᠲᠤ ᠲᠡᠮᠦᠷ ᠵᠠᠮ ᠲᠠᠢ ᠪᠣᠯᠬᠤ ᠬᠦᠰᠡᠯ ᠢ ᠪᠡᠶᠡᠯᠡᠭᠦᠯᠦᠨ᠂ ᠤᠯᠤᠰ ᠤᠨ ᠴᠡᠴᠡᠷᠯᠢᠭᠵᠢᠭᠰᠡᠨ ᠬᠤᠳᠠ ᠶᠢ ᠪᠠᠶᠢᠭᠤᠯᠵᠤ᠂ 26 ᠵᠢᠯ | ᠳᠠᠷᠠᠭᠠᠯᠠᠨ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠴᠣᠯᠠ ᠶᠢ ᠪᠠᠲᠤᠯᠠᠨ᠂ ᠶᠢᠰᠦᠨ ᠵᠢᠯ ᠳᠠᠷᠠᠭᠠᠯᠠᠨ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ | ᠬᠤᠳᠠ ᠪᠠᠷ ᠨᠡᠷᠡᠶᠢᠳᠦᠭᠳᠡᠪᠡ᠃ ᠤᠯᠠᠭᠠᠨᠬᠠᠳᠠ ᠶᠢᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ | ᠲᠦᠷᠦᠭᠳᠡᠯ ᠶᠡᠭᠡ ᠬᠡᠮᠵᠢᠶ᠎ᠡ ᠪᠠᠷ ᠳᠡᠭᠡᠭᠰᠢᠯᠡᠭᠰᠡᠨ ᠪᠠᠶᠢᠨ᠎ᠠ︕ | | ᠪᠢᠳᠡᠨ ᠢ ᠬᠠᠮᠤᠭ ᠠᠴᠠ ᠳᠣᠭᠳᠣᠯᠤᠭᠤᠯᠤᠭᠰᠠᠨ ᠶᠠᠪᠤᠳᠠᠯ ᠭᠡᠪᠡᠯ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨ᠎ᠡ᠂ ᠪᠦᠬᠦ ᠬᠤᠳᠠ ᠪᠠᠷ ᠢᠶᠠᠨ ᠬᠥᠳᠡᠯᠦᠯᠴᠡᠨ᠂ ᠢᠯᠠᠩᠭᠤᠶ᠎ᠠ ᠥᠷᠭᠡᠨ ᠤᠯᠠᠨ ᠡᠮᠨᠡᠯᠭᠡ ᠶᠢᠨ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ᠂ ᠨᠡᠶᠢᠭᠡᠮ ᠤᠨ ᠰᠠᠶᠢᠨ ᠳᠤᠷᠠᠴᠤᠳ ᠵᠡᠷᠭᠡ ᠡᠯ᠎ᠡ ᠡᠲᠡᠭᠡᠳ ᠤᠨ ᠬᠥᠮᠦᠰ ᠬᠠᠷᠠᠮ ᠦᠭᠡᠢ ᠵᠢᠳᠬᠦᠵᠦ᠂ ᠪᠦᠬᠦ ᠬᠦᠴᠦᠨ ᠢᠶᠠᠷ ᠢᠶᠠᠨ ᠦᠬᠠᠨ᠂ ᠵᠢᠩᠮᠧᠨ᠂ | ᠮᠠᠨᠵᠤᠤᠷ᠂ ᠡᠵᠡᠨ᠎ᠡ ᠶᠢ ᠲᠤᠰᠠᠯᠠᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠮᠠᠭᠲᠠᠭᠠᠯ ᠳᠠᠭᠤᠤ ᠶᠢ ᠪᠢᠴᠢᠭᠯᠡᠵᠦ᠂ ᠰᠢᠨ᠎ᠡ ᠴᠠᠭ ᠦᠶ᠎ᠡ ᠶᠢᠨ | ᠤᠯᠠᠭᠠᠨᠬᠠᠳᠠ ᠶᠢᠨ ᠵᠣᠷᠢᠭ ᠰᠠᠨᠠᠭ᠎ᠠ᠂ ᠤᠯᠠᠭᠠᠨᠬᠠᠳᠠ ᠶᠢᠨ ᠬᠦᠴᠦᠨ᠂ ᠤᠯᠠᠭᠠᠨᠬᠠᠳᠠ ᠶᠢᠨ ᠬᠠᠷᠢᠭᠤᠴᠠᠯᠭ᠎ᠠ ᠶᠢ ᠢᠯᠡᠷᠡᠭᠦᠯᠦᠭᠰᠡᠨ ᠪᠠᠶᠢᠨ᠎ᠠ︕ | | ᠲᠥᠯᠥᠭᠡᠯᠡᠭᠴᠢᠳ ᠡ᠂ ᠪᠥᠬᠦ ᠬᠤᠲᠠ ᠶᠢᠨ ᠠᠵᠤ ᠠᠬᠤᠶ ᠨᠡᠶᠢᠭᠡᠮ ᠨᠢ ᠪᠠᠶᠢᠳᠠᠯ ᠪᠤᠳᠤᠯᠢᠶᠠᠨᠲᠠᠶ᠂ ᠬᠦᠴᠢᠷᠳᠡᠯ ᠳᠠᠪᠬᠤᠴᠠᠭᠰᠠᠨ ᠠᠬᠤᠶ ᠪᠠᠶᠢᠳᠠᠯ ᠤᠨ | ᠳᠣᠤᠷ᠎ᠠ᠂ ᠴᠢᠨᠠᠷ ᠰᠠᠶᠢᠲᠠᠶ ᠬᠥᠭᠵᠢᠯᠲᠡ ᠶᠢ ᠭᠤᠶᠢᠪᠢᠰᠢ ᠥᠬᠡᠶ ᠪᠠᠷᠢᠮᠲᠠᠯᠠᠨ᠂ ᠡᠯ᠎ᠡ ᠠᠵᠢᠯ ᠦᠢᠯᠡᠰ ᠴᠥᠮ ᠰᠢᠨ᠎ᠡ ᠳᠠᠪᠰᠢᠯᠲᠠ ᠲᠠᠢ ᠪᠣᠯᠤᠭᠰᠠᠨ ᠪᠠᠶᠢᠨ᠎ᠠ᠃ | — ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ᠃ ᠣᠷᠣᠨ ᠨᠤᠲᠤᠭ ᠤᠨ ᠦᠢᠯᠡᠳᠪᠦᠷᠢᠯᠡᠯ ᠤᠨ ᠪᠥᠬᠦ ᠥᠷᠲᠡᠭ 1975.1 | ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 4.7% ᠪᠠᠷ ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 126. | 8 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 5.4% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 612.5 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 3.4% ᠪᠠᠷ ᠨᠡᠮᠡᠭᠳᠡᠪᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠡᠭᠰᠢᠳᠬᠡᠭᠰᠡᠨ ᠵᠠᠷᠤᠴᠠᠭᠤᠯᠵᠤ ᠪᠣᠯᠬᠤ ᠣᠷᠣᠯᠭ᠎ᠠ ᠲᠤᠰᠪᠤᠷᠢ 37468 ᠲᠥᠭᠦᠷᠢᠭ ᠪᠠ 15279 | ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 6% ᠪᠠ 10.2% ᠢᠶᠠᠷ ᠨᠡᠮᠡᠭᠳᠡᠵᠦ᠂ ᠢᠮᠠᠭᠲᠠ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠤᠨ ᠨᠡᠮᠡᠭᠳᠡᠯ ᠠᠴᠠ ᠥᠨᠳᠦᠷ ᠪᠠᠶᠢᠪᠠ᠃ ᠪᠥᠬᠦ ᠬᠤᠲᠠ ᠶᠢᠨ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠥᠪᠥᠷ ᠮᠣᠩᠭᠤᠯ ᠤᠨ ᠵᠡᠭᠦᠨ | ᠬᠡᠰᠡᠭ ᠤᠨ ᠭᠠᠵᠠᠷ ᠣᠷᠣᠨ ᠤ ᠲᠡᠷᠢᠭᠦᠨ ᠳᠤ ᠣᠷᠣᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠨᠳᠤᠰᠢ ᠤᠯᠠᠮ ᠠᠴᠠ ᠤᠯᠠᠮ ᠰᠠᠶᠢᠵᠢᠷᠠᠪᠠ᠃ | — ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠃ ᠨᠡᠶᠢᠲᠡ 132.2 ᠳ᠋ᠦᠩᠰᠢᠭᠤᠷ ᠲᠥᠭᠦᠷᠢᠭ ᠤᠨ | ᠪᠠᠯᠠ ᠮᠥᠩᠭᠦ ᠣᠷᠣᠭᠤᠯᠵᠤ᠂ ᠪᠦᠬᠦ ᠬᠤᠲᠠ ᠶᠢᠨ ᠳᠡᠩᠰᠡᠯᠡᠨ ᠺᠠᠷᠲᠯᠠᠭᠰᠠᠨ 46.86 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠴᠥᠮ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠵᠤ᠂ ᠤᠯᠠᠭᠠᠨᠬᠠᠳᠠ ᠬᠤᠲᠠ ᠨᠢ ᠳᠤᠮᠳᠠ ᠪᠠ ᠪᠠᠷᠠᠭᠤᠨ ᠬᠡᠰᠡᠭ ᠤᠨ ᠮᠤᠵᠢ ᠣᠷᠣᠨ ᠤ ᠴᠣᠷ ᠤᠨ ᠭᠠᠭᠴᠠ ᠤᠯᠤᠰ ᠤᠨ ᠶᠠᠳᠠᠭᠤ ᠶᠢ | ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠪᠣᠯᠪᠠ᠃ ᠭᠤᠣᠯ ᠬᠤᠲᠠ ᠶᠢᠨ ᠣᠷᠴᠢᠨ ᠲᠣᠭᠤᠷᠢᠨ ᠤ ᠠᠭᠠᠷ ᠮᠠᠨᠳᠤᠯ ᠤᠨ ᠶᠠᠰᠤ ᠴᠢᠨᠠᠷ ᠵᠢᠯ | ᠳᠠᠷᠠᠭᠠᠯᠠᠨ ᠰᠠᠶᠢᠵᠢᠷᠠᠵᠤ᠂ ᠰᠢᠯᠢᠳᠡᠭ ᠨᠤᠷᠮ᠎ᠠ ᠨᠢ 95% ᠠᠴᠠ ᠳᠡᠭᠡᠭᠰᠢ ᠬᠥᠷᠪᠡ᠃ ᠤᠯᠤᠰ ᠤᠨ ᠪᠠᠷᠢᠮᠵᠢᠶ᠎ᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠤᠨ | ᠰᠢᠯᠢᠳᠡᠭ ᠨᠣᠷᠮ᠎ᠠ 79.2% ᠲᠤ ᠬᠦᠷᠴᠦ᠂ ᠬᠤᠲᠠ ᠶᠢᠨ ᠢᠳᠡᠬᠦ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠤᠨ ᠰᠢᠯᠢᠳᠡᠭ ᠨᠣᠷᠮ᠎ᠠ 100% ᠶᠢ | ᠪᠠᠲᠤᠯᠠᠪᠠ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠦᠲᠦᠮᠵᠢᠲᠡᠶ ᠪᠠᠷ ᠬᠢᠵᠠᠭᠠᠷᠯᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠶᠡᠷᠦᠩᠬᠡᠶ ᠳᠡᠭᠡᠨ | ᠲᠣᠭᠲᠠᠭᠤᠨ ᠪᠠᠶᠢᠯᠭᠠᠪᠠ᠃ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠠᠷᠢᠯᠭᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ 1.69% ᠪᠣᠯᠲᠠᠯ᠎ᠠ ᠪᠠᠭᠤᠷᠠᠭᠤᠯᠵᠤ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ | ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠪᠠ᠃ | — ᠠᠵᠤ ᠦᠢᠯᠡᠰ ᠤᠨ ᠪᠦᠲᠦᠴᠡ ᠲᠠᠰᠤᠷᠠᠯᠳᠠ ᠦᠭᠡᠢ ᠰᠢᠯᠢᠳᠡᠭᠵᠢᠪᠡ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠲᠣᠭᠲᠠᠭᠤᠨ ᠮᠥᠷᠲᠡᠭᠡᠨ | ᠰᠢᠯᠢᠳᠡᠭᠵᠢᠵᠦ᠂ ᠠᠮᠤ ᠪᠤᠳᠠᠭᠠᠨ ᠤ ᠤᠨᠠᠯᠲᠠ ᠠᠷᠪᠠᠨ ᠵᠢᠯ ᠳᠠᠷᠠᠭᠠᠯᠠᠨ ᠵᠠᠭᠤᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠂ ᠲᠥᠬᠦᠭᠡᠷᠥᠮᠵᠢᠲᠦ | ᠲᠠᠷᠢᠶᠠᠯᠠᠩ ᠤᠨ ᠲᠠᠯᠠᠪᠠᠶ ᠨᠢ ᠥᠪᠡᠷᠲᠡᠭᠡᠨ ᠵᠠᠰᠠᠬᠤ ᠣᠷᠣᠨ ᠳᠤ ᠲᠡᠷᠢᠭᠦᠯᠡᠵᠦ᠂ ᠴᠢᠨᠠᠷ ᠰᠠᠶᠢᠲᠠᠶ ᠠᠯᠠᠰᠢᠨ ᠦᠬᠡᠷ ᠤᠨ ᠲᠤᠭ᠎ᠠ ᠲᠣᠯᠤᠭᠠᠢ 270 ᠲᠦᠮᠡ ᠬᠦᠷᠴᠦ᠂ | ᠪᠥᠬᠦ ᠬᠤᠲᠠ ᠳᠤ ᠪᠣᠬᠢᠷᠲᠤᠯ ᠥᠬᠡᠶ᠂ ᠣᠷᠭᠠᠨᠢᠭ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ 276 ᠰᠢᠨ᠎ᠡ ᠪᠠᠷ ᠨᠡᠮᠡᠭᠳᠡᠵᠦ᠂ ︽ | ᠤᠯᠠᠭᠠᠨᠬᠠᠳᠠ ᠶᠢᠨ ᠨᠠᠷᠢᠮᠤ︾ ᠭᠤᠷᠪᠠᠨ ᠵᠢᠯ ᠳᠠᠷᠠᠭᠠᠯᠠᠨ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭ ᠤᠨ ᠵᠢᠭᠰᠠᠭᠠᠯᠲᠠ ᠳᠤ ᠰᠣᠩᠭᠤᠭᠳᠠᠪᠠ᠃ ᠠᠵᠤ | ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠲᠦᠷᠭᠡᠳᠴᠦ᠂ ᠲᠡᠮᠦᠷᠯᠢᠭ ᠬᠠᠶᠢᠯᠤᠭᠤᠯᠬᠤ᠂ ᠡᠨᠧᠷᠭᠢ᠂ ᠬᠢᠮᠢ ᠶᠢᠨ ᠠᠵᠤ ᠦᠢᠯᠡᠳᠪᠦᠷᠢ ᠵᠡᠷᠭᠡ | ᠤᠯᠠᠮᠵᠢᠯᠠᠯᠲᠤ ᠠᠵᠤ ᠦᠢᠯᠡᠰ ᠠᠮᠢᠵᠢᠷᠠᠯ ᠤᠨ ᠬᠦᠴᠦᠨ ᠲᠠᠢ ᠪᠣᠯᠵᠣ᠂ ᠴᠠᠬᠢᠮ ᠮᠡᠳᠡᠭᠡ ᠵᠠᠩᠭᠢ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠡᠮ ᠡᠮᠨᠡᠯᠭᠡ ᠵᠡᠷᠭᠡ | ᠰᠢᠨ᠎ᠡ ᠪᠠᠷ ᠮᠠᠨᠳᠤᠭᠰᠠᠨ ᠠᠵᠤ ᠦᠢᠯᠡᠰ ᠲᠠᠰᠤᠷᠠᠯᠲᠠ ᠥᠬᠡᠶ ᠪᠤᠵᠠᠭᠠᠶᠢᠷᠠᠨ᠂ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠤᠩᠭᠢᠯ ᠤᠨ ᠴᠤᠭᠯᠠᠷᠠᠯ ᠤᠨ | ᠦᠢᠯᠡᠳᠦᠯ ᠪᠠ ᠨᠥᠯᠥᠭᠡᠯᠡᠨ ᠳᠠᠶᠢᠴᠢᠯᠠᠬᠤ ᠴᠢᠳᠠᠪᠤᠷᠢ ᠢᠯᠡᠳᠲᠡ ᠴᠢᠩᠭᠠᠷᠠᠪᠠ᠃ ᠦᠢᠯᠡᠴᠢᠯᠡᠭᠡᠨ ᠤ ᠦᠢᠯᠡᠰ ᠤᠨ ᠲᠤᠭ᠎ᠠ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠵᠦ᠂ ᠬᠤᠲᠠ ᠶᠢᠨ ᠬᠤᠳᠠᠯᠳᠤᠭᠠᠨ ᠤ ᠲᠣᠭᠤᠷᠢᠭ᠂ ᠣᠳᠣᠬᠢᠴᠢᠯᠠᠭᠰᠠᠨ ᠪᠠᠷᠠᠭ᠎ᠠ ᠶᠢᠨ ᠭᠦᠢᠯᠭᠡᠭᠡᠨ᠂ ᠲᠤᠰᠬᠠᠶ ᠵᠠᠬ᠎ᠠ ᠳᠡᠯᠭᠡᠭᠦᠷ᠂ ᠴᠠᠬᠢᠮ | ᠠᠷᠠᠯᠵᠢᠶᠠᠨ ᠤ ᠶᠠᠪᠤᠳᠠᠯ ᠴᠡᠴᠡᠭᠯᠡᠨ ᠬᠥᠭᠵᠢᠵᠦ᠂ ᠤᠯᠠᠭᠠᠨᠬᠠᠳᠠ ᠬᠤᠲᠠ ᠨᠢ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ | ᠪᠠᠷᠠᠭ᠎ᠠ ᠶᠢᠨ ᠭᠦᠢᠯᠭᠡᠭᠡᠨ ᠤ ᠭᠤᠣᠯ ᠠᠴᠢᠶᠠᠯᠠᠪᠤᠷᠢ ᠶᠢᠨ ᠬᠤᠲᠠ᠂ ᠤᠯᠤᠰ ᠤᠨ ᠬᠢᠯᠢ ᠠᠯᠤᠰᠯᠠᠭᠰᠠᠨ ᠴᠠᠬᠢᠮ ᠠᠷᠠᠯᠵᠢᠶᠠᠨ ᠤ ᠵᠢᠵᠢᠭᠯᠡᠨ ᠪᠣᠷᠣᠯᠠᠭᠤᠯᠬᠤ | ᠭᠠᠳᠠᠭᠠᠳᠤ ᠠᠴᠠ ᠣᠷᠣᠭᠤᠯᠬᠤ ᠲᠤᠷᠰᠢᠯᠲᠠ ᠶᠢᠨ ᠬᠤᠲᠠ ᠪᠠᠷ ᠵᠢᠭᠰᠠᠭᠠᠭᠳᠠᠪᠠ︔ ᠠᠰᠬᠠᠲᠤ ᠶᠢᠨ ᠴᠢᠯᠠᠭᠤᠨ ᠤᠢ ᠨᠢ ᠤᠯᠤᠰ ᠤᠨ 5A ᠳᠡᠰ ᠤᠨ ᠦᠵᠡᠮᠵᠢ ᠶᠢᠨ | ᠣᠷᠣᠨ ᠪᠣᠯᠤᠨ ᠳᠡᠪᠰᠢᠪᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰᠪᠤᠷᠢ 9.4% ᠪᠠ 13. | 5% ᠪᠠᠷ ᠨᠡᠮᠡᠭᠳᠡᠪᠡ᠃ | — ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠦᠰᠦᠷᠦᠩᠭᠦᠢ ᠬᠥᠭᠵᠢᠪᠡ᠃ ᠭᠤᠣᠯ ᠬᠤᠲᠠ ᠶᠢᠨ ᠪᠠᠶᠢᠭᠤᠯᠤᠭᠰᠠᠨ ᠲᠠᠯᠠᠪᠠᠶ 138 ᠲᠡᠭᠰᠢ | ᠳᠥᠷᠪᠡᠯᠵᠢᠨ ᠺᠢᠯᠣᠮᠧᠲᠷ ᠲᠤ ᠬᠦᠷᠴᠦ᠂ ᠰᠠᠭᠤᠭᠠᠯᠢ ᠬᠥᠮᠦᠨ ᠠᠮᠠ ᠵᠠᠭᠤᠨ ᠲᠦᠮᠡ ᠶᠢ ᠳᠠᠪᠠᠵᠤ᠂ ᠪᠥᠬᠦ ᠬᠤᠲᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 53. | 1% ᠪᠣᠯᠲᠠᠯ᠎ᠠ ᠳᠡᠭᠡᠭᠰᠢᠯᠡᠪᠡ᠃ ᠬᠤᠲᠠ ᠶᠢᠨ ᠶᠠᠪᠤᠳᠠᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠨᠡᠶᠢᠲᠡ ᠮᠢᠩᠭᠠᠨ ᠳ᠋ᠦᠩᠰᠢᠭᠤᠷ ᠰᠢᠬᠠᠮ ᠲᠥᠭᠦᠷᠢᠭ | ᠣᠷᠣᠭᠤᠯᠵᠤ᠂ ᠬᠤᠲᠠ ᠶᠢᠨ ᠵᠠᠮ ᠢ 123 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠤᠶᠤ ᠰᠢᠨᠡᠳᠬᠡᠵᠦ᠂ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ᠂ | ᠪᠣᠷᠣᠭᠠᠨ ᠤ ᠤᠰᠤ ᠪᠣᠬᠢᠷ ᠤᠰᠤ ᠶᠢ ᠰᠠᠯᠭᠠᠬᠤ ᠵᠡᠷᠭᠡ ᠬᠤᠲᠠ ᠶᠢᠨ ᠶᠠᠪᠤᠳᠠᠯ ᠤᠨ ᠬᠤᠭᠤᠯᠠᠶ ᠶᠢᠨ ᠲᠣᠤᠷ ᠢ 808 ᠺᠢᠯᠣᠮᠧᠲᠷ ᠪᠡᠶᠡᠯᠡᠭᠦᠯᠵᠦ᠂ 16 ᠬᠤᠲᠠ ᠶᠢᠨ | ᠴᠡᠴᠡᠷᠯᠢᠭ ᠢ ᠰᠢᠨ᠎ᠡ ᠪᠠᠷ ᠪᠠᠶᠢᠭᠤᠯᠤᠨ᠂ ᠢᠯᠴᠢ ᠬᠠᠩᠭᠠᠬᠤ ᠲᠠᠯᠠᠪᠠᠶ 1719 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠪᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠣᠭᠲᠠᠭᠤᠨ ᠢᠶᠠᠷ ᠬᠡᠷᠡᠭᠵᠢᠭᠦᠯᠦᠨ᠂ ᠬᠥᠳᠡᠭᠡ ᠲᠤᠰᠬᠤᠨ ᠮᠠᠯᠵᠢᠬᠤ ᠣᠷᠣᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ 15.7 ᠲᠦᠮᠡᠨ ᠡᠷᠦᠬᠡ ᠶᠢᠨ | ᠵᠣᠷᠯᠣᠩ ᠢ ᠥᠭᠡᠷᠡᠴᠢᠯᠡᠨ᠂ 97% ᠶᠢᠨ ᠵᠠᠰᠠᠭ ᠵᠠᠬᠢᠷᠭᠠᠨ ᠤ ᠲᠣᠰᠬᠤᠨ ᠳᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠢᠶᠠᠷᠤᠨ ᠬᠠᠮᠠᠭᠠᠯᠠᠬᠤ | ᠲᠣᠭᠲᠠᠴᠠ ᠶᠢ ᠪᠠᠶᠢᠭᠤᠯᠵᠤ᠂ ᠬᠥᠳᠡᠭᠡ ᠲᠤᠰᠬᠤᠨ ᠮᠠᠯᠵᠢᠬᠤ ᠣᠷᠣᠨ ᠤ ᠳᠦᠷᠰᠦ ᠪᠠᠶᠢᠳᠠᠯ ᠢᠯᠡᠳᠲᠡ ᠬᠤᠪᠢᠷᠠᠯᠲᠠ ᠭᠠᠷᠪᠠ᠃ 902 ᠺᠢᠯᠣᠮᠧᠲᠷ ᠲᠡᠮᠦᠷ ᠵᠠᠮ᠂ | 438 ᠺᠢᠯᠣᠮᠧᠲᠷ ᠳᠡᠭᠡᠳᠦ ᠲᠠᠰ ᠤᠨ ᠵᠠᠰᠠᠮᠠᠯ ᠵᠠᠮ᠂ 2631 ᠺᠢᠯᠣᠮᠧᠲᠷ ᠬᠥᠳᠡᠭᠡ ᠲᠤᠰᠬᠤᠨ ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ | ᠥᠷᠭᠡᠳᠬᠡᠨ ᠪᠠᠶᠢᠭᠤᠯᠵᠤ᠂ ᠬᠠᠰ ᠯᠤᠤ ᠨᠢᠰᠬᠡᠯ ᠤᠨ ᠪᠠᠭᠤᠳᠠᠯ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢᠨ ᠭᠤᠤᠯ ᠴᠣᠭᠴᠠ ᠪᠠᠷᠢᠯᠭ᠎ᠠ | ᠳᠠᠭᠤᠰᠴᠤ᠂ ᠠᠷᠤ ᠬᠤᠷᠴᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠠᠶᠠᠯᠠᠯ ᠨᠡᠪᠲᠡᠷᠡᠵᠦ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ | ᠲᠣᠤᠷ ᠦᠨᠳᠦᠰᠦᠨ ᠳᠡᠭᠡᠨ ᠪᠦᠷᠢᠯᠳᠦᠪᠡ᠃ ᠵᠡᠭᠦᠨ ᠲᠠᠶᠢᠽᠢ ᠤᠰᠤᠨ ᠴᠥᠭᠦᠷᠥᠮ ᠵᠡᠷᠭᠡ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠢ ᠡᠬᠢᠯᠡᠨ | ᠪᠠᠶᠢᠭᠤᠯᠵᠤ᠂ ᠴᠤᠤᠶᠠᠩ ᠠᠴᠠ ᠤᠯᠠᠭᠠᠨᠬᠠᠳᠠ ᠬᠥᠷᠬᠦ ᠰᠢᠲᠠᠮᠠᠬᠠᠶ ᠬᠡᠶ ᠳᠠᠮᠵᠢᠭᠤᠯᠬᠤ ᠢᠨᠵᠧᠨᠧᠷᠢᠩ ᠤᠨ ᠭᠤᠤᠯ ᠴᠣᠭᠴᠠ ᠠᠵᠢᠯ ᠳᠠᠭᠤᠰᠴᠤ᠂ ᠡᠨᠧᠷᠭᠢ ᠶᠢᠨ | ᠰᠤᠷᠪᠤᠯᠵᠢ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ | — ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ︽ᠭᠤᠷᠪᠠᠨ ᠣᠷᠣᠨ ᠭᠤᠷᠪᠠᠨ ᠱᠤᠭᠤᠮ︾ ᠢ ᠠᠩᠬ᠎ᠠ ᠠᠯᠬᠤᠮ ᠵᠠᠭᠠᠭᠯᠠᠨ | ᠲᠣᠭᠲᠠᠭᠠᠵᠤ᠂ 29.7% ᠶᠢᠨ ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠳᠤ ᠬᠤᠪᠢᠶᠠᠷᠢᠯᠠᠨ | ᠣᠷᠣᠭᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠳᠤ ᠬᠠᠷᠢᠭᠤ ᠲᠤᠰᠬᠠᠭᠰᠠᠨ | ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 90% ᠳᠤ ᠬᠥᠷᠪᠡ᠃ ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ | ᠠᠬᠤᠢ ᠶᠢᠨ ᠬᠠᠮᠠᠭᠠᠯᠠᠯᠲᠠ ᠵᠠᠰᠠᠯᠲᠠ ᠶᠢᠨ ︽ᠭᠤᠷᠪᠠᠨ ᠵᠢᠯ ᠤᠨ ᠠᠵᠢᠯᠯᠠᠭᠠᠨ ᠤ ᠲᠥᠯᠦᠪᠯᠡᠭᠡ︾ ᠪᠣᠯᠤᠨ ᠳᠠᠯᠠᠶᠢᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ | ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ 76.4 ᠲᠡᠭᠰᠢ ᠳᠥᠷᠪᠡᠯᠵᠢᠨ ᠺᠢᠯᠣᠮᠧᠲᠷ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ | ᠪᠡᠶᠡᠯᠡᠭᠦᠯᠵᠦ᠂ 65 ᠪᠣᠬᠢᠷᠲᠤᠯ ᠦᠭᠡᠢ ᠠᠭᠤᠷᠬᠠᠶ ᠶᠢ ᠪᠠᠶᠢᠭᠤᠯᠪᠠ᠃ 450 ᠲᠦᠮᠡᠨ ᠮᠥ ᠣᠶᠢᠵᠢᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠨ᠂ 889 ᠲᠦᠮᠡᠨ ᠮᠥ | ᠬᠥᠮᠦᠨ ᠤ ᠬᠦᠴᠦ ᠪᠠᠷ ᠡᠪᠡᠰᠦ ᠳᠠᠷᠢᠵᠤ᠂ 563.3 ᠲᠦᠮᠡᠨ ᠮᠥ ᠬᠥᠷᠥᠰᠥ ᠰᠢᠷᠣᠶ ᠶᠢ ᠬᠠᠮᠠᠭᠠᠯᠠᠨ ᠵᠠᠰᠠᠬᠤ᠂ 27.9 ᠲᠦᠮᠡᠨ ᠮᠥ ᠭᠤᠣᠯᠳᠠᠯᠭ᠎ᠠ ᠲᠠᠢ ᠣᠷᠣᠨ | ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠪᠥᠬᠦ ᠬᠤᠲᠠ ᠶᠢᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 35.8% ᠳᠤ ᠬᠦᠷᠴᠦ᠂ ᠨᠤᠲᠤᠭ | ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 62.6% ᠳᠤ ᠬᠥᠷᠪᠡ᠃ | — ᠥᠭᠡᠷᠡᠴᠢᠯᠡᠯᠲᠡ ᠨᠡᠭᠡᠭᠡᠯᠳᠡ ᠶᠢᠨ ᠦᠷ᠎ᠡ ᠪᠦᠲᠦᠭᠡᠯ ᠡᠯᠪᠡᠭ ᠳᠡᠯᠪᠡᠭ ᠪᠣᠯᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠨᠡᠩ | ᠲᠡᠭᠦᠯᠳᠡᠷᠵᠢᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠂ ᠬᠥᠳᠡᠭᠡ ᠲᠤᠰᠬᠤᠨ ᠮᠠᠯᠵᠢᠬᠤ ᠣᠷᠣᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠰᠢᠪᠲᠤᠯᠤᠯᠲᠠ ᠲᠠᠢ ᠪᠣᠯᠵᠣ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠠᠭᠠᠨᠬᠠᠳᠠ ᠬᠤᠲᠠ ᠶᠢ | ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠢᠯᠡᠳᠲᠡ ᠦᠷ᠎ᠡ ᠪᠥᠲᠦᠮᠵᠢᠲᠡᠢ ᠭᠠᠵᠠᠷ ᠣᠷᠤᠨ ᠭᠡᠵᠦ ᠬᠥᠬᠢᠭᠦᠯᠪᠡ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠶᠢᠷᠡᠵᠦ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠴᠠᠭ ᠢ ᠶᠡᠭᠡ | ᠬᠡᠮᠵᠢᠶ᠎ᠡ ᠪᠠᠷ ᠪᠠᠭᠠᠰᠬᠠᠨ᠂ 90% ᠠᠴᠠ ᠳᠡᠭᠡᠭᠰᠢᠬᠢ ᠳᠠᠩᠰᠠᠯᠠᠭᠤᠯᠤᠭᠰᠠᠨ ᠵᠦᠢᠯᠡᠰ ᠢ ᠲᠡᠷᠡ ᠳᠠᠷᠤᠶ ᠳᠤᠨᠢ ᠭᠦᠢᠴᠡᠳᠭᠡᠬᠦ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ | ᠭᠤᠤᠯ ᠴᠣᠭᠴᠠ 18.8 ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ 64.5 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠪᠠ᠃ | 128 ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠰᠢᠨ᠎ᠡ ᠪᠠᠷ ᠨᠡᠮᠡᠭᠳᠡᠵᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 94 ᠪᠣᠯᠵᠣ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ | ᠭᠤᠤᠯ ᠴᠣᠭᠴᠠ ᠶᠢ ᠪᠠᠶᠢᠭᠤᠯᠪᠠ᠃ ᠭᠠᠳᠠᠭᠰᠢ ᠨᠡᠭᠡᠭᠡᠯᠳᠡ ᠲᠠᠰᠤᠷᠠᠯᠳᠠ ᠦᠭᠡᠢ ᠥᠷᠭᠡᠳᠴᠦ᠂ ᠭᠤᠷᠪᠠᠨ ᠬᠤᠭᠤᠴᠠᠭᠠᠨ ᠤ ︽ᠤᠯᠠᠭᠠᠨᠬᠠᠳᠠ ᠨᠤᠲᠤᠭᠲᠠᠢ | ᠰᠣᠳᠤᠨᠴᠣᠳ ᠤᠨ ᠴᠤᠭᠯᠠᠭᠠᠨ︾ ᠢ ᠠᠮᠵᠢᠯᠲᠠ ᠲᠠᠢ ᠬᠤᠷᠠᠯᠳᠤᠭᠤᠯᠵᠤ᠂ ᠪᠡᠭᠡᠵᠢᠩ ᠪᠠ ᠤᠯᠠᠭᠠᠨᠬᠠᠳᠠ ᠶᠢᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠪᠡ᠃ | ᠤᠯᠠᠭᠠᠨᠬᠠᠳᠠ ᠮᠠᠨᠵᠤᠤᠷ ᠧᠦ᠋ᠷᠣᠫᠠ ᠶᠢᠨ ᠤᠯᠠᠨ ᠤᠯᠤᠰ ᠤᠨ ᠡᠭᠡᠯᠵᠢ ᠶᠢᠨ ᠭᠠᠯᠲᠤ ᠲᠡᠷᠭᠡ᠂ ᠤᠯᠠᠭᠠᠨᠬᠠᠳᠠ ᠠᠴᠠ ᠲᠢᠶᠠᠨᠵᠢᠨ ᠬᠦᠷᠬᠦ ᠲᠡᠮᠤᠷ ᠵᠠᠮ ᠳᠠᠯᠠᠢ | ᠲᠠᠩᠭᠢᠰ ᠤᠨ ᠬᠠᠮᠲᠤᠷᠠᠭᠰᠠᠨ ᠲᠡᠭᠡᠭᠡᠪᠦᠷᠢ ᠨᠡᠪᠲᠡᠷᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠤᠭᠤᠯᠬᠤ ᠪᠠ ᠭᠠᠳᠠᠭᠠᠳᠤ ᠳᠤ ᠭᠠᠷᠭᠠᠬᠤ ᠶᠡᠷᠦᠩᠬᠡᠢ | ᠬᠡᠮᠵᠢᠶ᠎ᠡ ᠵᠢᠯ ᠪᠦᠷᠢ ᠳᠤᠮᠳᠠᠴᠢ ᠪᠠᠷ 15.2% ᠢᠶᠠᠷ ᠨᠡᠮᠡᠭᠳᠡᠵᠦ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠤᠯᠠᠭᠠᠨᠬᠠᠳᠠ ᠬᠤᠳᠠ ᠶᠢ ᠳᠤᠮᠳᠠᠳᠤ ᠤᠯᠤᠰ ᠤᠨ | ᠬᠢᠯᠢ ᠠᠯᠤᠰᠯᠠᠭᠰᠠᠨ ᠴᠠᠬᠢᠮ ᠠᠷᠠᠯᠵᠢᠶᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠣᠯᠭᠠᠬᠤ ᠪᠠᠷ ᠵᠥᠪᠰᠢᠶᠡᠷᠡᠪᠡ᠃ | — ᠠᠷᠠᠳ ᠤᠨ ᠠᠮᠢᠳᠤᠷᠠᠯ ᠤᠨ ᠦᠢᠯᠡᠰ ᠡᠳᠦᠷ ᠢᠷᠡᠬᠦᠶ᠎ᠡ ᠰᠠᠶᠢᠵᠢᠷᠠᠪᠠ᠃ ᠠᠷᠠᠳ ᠤᠨ ᠠᠮᠢᠳᠤᠷᠠᠯ ᠤᠨ ᠵᠠᠷᠤᠯᠭ᠎ᠠ 1681 ᠳ᠋ᠦᠩᠰᠢᠭᠤᠷ ᠲᠥᠭᠦᠷᠢᠭ | ᠬᠦᠷᠴᠦ᠂ ᠡᠳ᠋ ᠤᠨ ᠵᠠᠰᠠᠭ ᠤᠨ ᠵᠠᠷᠤᠯᠭ᠎ᠠ ᠶᠢᠨ 70% ᠠᠴᠠ ᠳᠡᠭᠡᠭᠰᠢ ᠶᠢ ᠡᠵᠡᠯᠡᠪᠡ᠃ ᠬᠤᠲᠠ ᠪᠠᠯᠭᠠᠰᠤ ᠶᠢᠨ 9.7 ᠲᠦᠮᠡᠨ ᠬᠥᠮᠦᠨ ᠰᠢᠨ᠎ᠡ ᠪᠠᠷ ᠠᠵᠢᠯ | ᠣᠯᠵᠤ᠂ ᠮᠠᠯᠴᠢᠨ ᠲᠠᠷᠢᠶᠠᠴᠢᠨ ᠢ 278 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ | ᠠᠯᠳᠠᠭᠰᠠᠳ ᠤᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠪᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠲᠤᠰᠪᠤᠷᠢ 1416 ᠲᠥᠭᠦᠷᠢᠭ ᠪᠠ 1057 ᠲᠥᠭᠦᠷᠢᠭ ᠳᠡᠭᠡᠭᠰᠢᠯᠡᠭᠦᠯᠪᠡ᠃ ᠡᠯ᠎ᠡ ᠲᠥᠷᠥᠯ ᠤᠨ ᠨᠥᠬᠦᠪᠥᠷᠢ ᠲᠤᠰᠠᠯᠠᠮᠵᠢ ᠶᠢᠨ ᠪᠠᠯᠠ ᠮᠥᠩᠭᠦ ᠶᠢ | 61 ᠳ᠋ᠦᠩᠰᠢᠭᠤᠷ ᠲᠥᠭᠦᠷᠢᠭ ᠲᠠᠷᠬᠠᠭᠠᠵᠤ᠂ 38 ᠲᠦᠮᠡᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠪᠠ᠃ ᠥᠨᠳᠥᠷ ᠨᠠᠰᠤᠨ ᠤ | ᠨᠥᠬᠦᠪᠦᠷᠢ ᠶᠢ 3.8 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ | ᠳᠠᠭᠠᠳᠬᠠᠯ ᠳᠤ ︽ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ︾ ᠶᠢ ᠦᠨᠳᠦᠰᠦᠨ ᠳᠡᠭᠡᠨ ᠪᠡᠶᠡᠯᠡᠭᠦᠯᠪᠡ᠃ ᠡᠯ᠎ᠡ ᠲᠥᠷᠥᠯ ᠤᠨ ᠰᠤᠷᠭᠠᠭᠤᠯᠢ ᠶᠢ 105 | ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠡᠷᠳᠡᠮ ᠤᠨ ᠴᠣᠯᠠ ᠶᠢ 6.6 ᠲᠦᠮᠡ ᠰᠢᠨ᠎ᠡ ᠪᠠᠷ ᠨᠡᠮᠡᠭᠳᠡᠭᠦᠯᠦᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 81.9% ᠪᠣᠯᠭᠠᠵᠤ᠂ ᠰᠢᠶᠠᠨ ᠤ ᠬᠡᠪᠴᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ | ᠦᠨᠳᠦᠰᠦᠨ ᠳᠡᠭᠡᠨ ᠲᠡᠩᠴᠡᠭᠦᠷᠢᠰᠢᠪᠡ᠃ ᠤᠯᠠᠭᠠᠨᠬᠠᠳᠠ ᠶᠢᠨ ᠬᠡᠷᠡᠭᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠡᠭᠦᠳᠡ ᠪᠠᠨ ᠨᠡᠭᠡᠭᠡᠵᠦ ᠰᠣᠷᠣᠭᠴᠢ | ᠡᠯᠰᠡᠪᠡ᠃ 59 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠬᠤᠳᠠ ᠬᠥᠳᠡᠭᠡ ᠶᠢᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠪᠠ ᠡᠮ ᠡᠮᠨᠡᠯᠭᠡ ᠶᠢᠨ ᠠᠪᠤᠷᠠᠨ ᠵᠠᠰᠠᠬᠤ ᠬᠢᠷᠢ ᠲᠦᠪᠰᠢᠨ ᠶᠡᠭᠡ ᠪᠠᠷ ᠳᠡᠭᠡᠭᠰᠢᠯᠡᠪᠡ᠃ ᠪᠦᠬᠦ | ᠬᠤᠳᠠ ᠳᠤ 491 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠭᠤᠣᠯ ᠬᠤᠳᠠ ᠲᠣᠭᠤᠷᠢᠭ ᠤᠨ ᠲᠥᠪᠯᠡᠷᠡᠨ ᠵᠠᠯᠭᠠᠯᠳᠤᠭᠰᠠᠨ ᠲᠦᠬᠦᠮ | ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠦᠨᠳᠦᠰᠦᠨ ᠳᠡᠭᠡᠨ ᠠᠷᠢᠯᠭᠠᠪᠠ᠃ ᠬᠤᠩᠱᠠᠨ ᠰᠣᠶᠣᠯ ᠤᠨ ᠮᠦᠽᠧᠢ ᠡᠭᠦᠳᠡ ᠪᠠᠨ ᠨᠡᠭᠡᠭᠡᠨ ᠠᠰᠢᠭᠯᠠᠯᠲᠠ ᠳᠤ | ᠣᠷᠤᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤᠳᠬᠠᠪᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠪᠤᠷᠢᠵᠢᠪᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠪᠠ᠃ | ᠴᠡᠷᠢᠭ ᠠᠴᠠ ᠬᠠᠯᠠᠭᠳᠠᠭᠰᠠᠳ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠥᠭᠡᠮᠡᠯᠵᠢᠭᠦᠯᠦᠨ ᠤᠬᠠᠭᠤᠯᠬᠤ᠂ ᠨᠡᠶᠢᠭᠡᠮ ᠤᠨ ᠰᠢᠨᠵᠢᠯᠡᠬᠦ ᠤᠬᠠᠭᠠᠨ᠂ | ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ᠂ ᠡᠮᠡᠭᠲᠡᠶᠢᠴᠦᠳ ᠤᠨ ᠬᠤᠯᠪᠤᠭ᠎ᠠ᠂ ᠵᠡᠮᠳᠡᠭᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ | ᠨᠢᠭᠦᠯᠡᠰᠦᠩᠭᠦᠶ ᠵᠡᠷᠭᠡ ᠦᠢᠯᠡᠰ ᠲᠣᠭᠲᠠᠭᠤᠨ ᠢᠶᠠᠷ ᠬᠥᠭᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠭᠠᠳᠠᠭᠠᠳᠤ ᠶᠠᠪᠤᠳᠠᠯ ᠬᠠᠷᠢᠶᠠᠲᠤ ᠶᠢᠨ | ᠶᠠᠪᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠯ ᠰᠡᠷᠭᠡᠶᠢᠯᠡᠵᠦ ᠤᠨᠲᠠᠷᠠᠭᠠᠬᠤ᠂ ᠴᠠᠭ ᠠᠭᠤᠷ ᠤᠨ ᠦᠢᠯᠡᠴᠢᠯᠡᠭᠡ ᠵᠡᠷᠭᠡ ᠠᠵᠢᠯ ᠰᠢᠨ᠎ᠡ ᠠᠮᠵᠢᠯᠲᠠ ᠣᠯᠪᠠ᠃ | | — ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠤᠨ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠦᠨ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠪᠠᠲᠤᠳᠬᠠᠵᠤ᠂ ︽ᠳᠥᠷᠪᠡᠨ ᠢᠲᠡᠭᠡᠯ︾ ᠢ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠪᠡ᠃ ᠬᠠᠤᠯᠢ ᠳᠤ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠤᠳᠤᠯᠭ᠎ᠠ ᠲᠣᠭᠲᠠᠭᠠᠨ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ 586 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ ᠪᠠ ᠲᠥᠯᠥᠭᠡᠯᠡᠭᠴᠢᠳ ᠤᠨ ᠰᠠᠨᠠᠭᠤᠯᠭ᠎ᠠ᠂ 673 ᠬᠤᠪᠢ ᠤᠯᠤᠰ | ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠰᠢᠢᠳᠪᠦᠷᠢᠯᠡᠨ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ ᠨᠢ 100% ᠳᠤ ᠬᠥᠷᠪᠡ᠃ ᠲᠥᠪ ᠤᠨ | ᠨᠠᠢᠮᠠᠨ ᠵᠦᠢᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠪᠦᠬᠦ ᠬᠤᠳᠠ ᠶᠢᠨ ︽ | ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠵᠢᠯ ᠪᠦᠷᠢ ᠳᠤᠮᠳᠠᠴᠢ ᠪᠠᠷ 9.1% ᠪᠠᠷ ᠪᠠᠭᠠᠰᠬᠠᠪᠠ᠃ | ᠥᠩᠭᠡᠷᠡᠭᠰᠡᠨ 2021 ᠣᠨ ᠪᠣᠯ ᠳᠣᠯᠣᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠡᠭᠦᠰᠬᠡᠯ ᠤᠨ ᠵᠢᠯ ᠮᠥᠨ᠃ ᠨᠢᠭᠡ ᠵᠢᠯ ᠤᠨ ᠲᠤᠷᠰᠢ᠂ ᠪᠢᠳᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠨ᠂ ᠠᠵᠤ ᠠᠬᠤᠶ ᠶᠢᠨ ᠬᠥᠭᠵᠢᠯᠲᠡ ᠶᠢᠨ ᠭᠤᠤᠯ | ᠭᠦᠢᠴᠡᠳᠬᠡᠯ ᠲᠤᠭ᠎ᠠ ᠶᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠵᠤ᠂ ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦ ᠪᠠᠨ ᠲᠥᠪᠯᠡᠷᠡᠭᠦᠯᠦᠨ᠂ ᠣᠯᠠᠨ ᠴᠡᠭ ᠠᠴᠠ ᠡᠭᠦᠰᠬᠦ ᠶᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠸᠠᠺᠼᠢᠨ ᠤ ᠲᠠᠷᠢᠯᠭ᠎ᠠ᠂ ᠡᠳ᠋ ᠪᠣᠳᠠᠰ ᠨᠥᠭᠡᠴᠡᠯᠡᠬᠦ᠂ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠭᠤᠤᠯᠳᠠᠯᠭ᠎ᠠ ᠲᠠᠢ ᠬᠥᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠳᠤ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠵᠤ︾᠂ | ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠪᠡ᠃ | ᠨᠢᠭᠡ ᠵᠢᠯ ᠤᠨ ᠲᠤᠷᠰᠢ᠂ ᠪᠢᠳᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠦᠨ᠂ ︽ᠲᠥᠷᠥᠯ ᠵᠦᠢᠯ ᠤᠨ | ᠬᠠᠮᠢᠶᠠᠷᠤᠭᠴᠢ︾ ᠶᠢ ᠪᠣᠳᠠᠲᠤ ᠴᠣᠭᠴᠠᠵᠢᠭᠤᠯᠤᠨ ᠬᠡᠷᠡᠭᠵᠢᠭᠦᠯᠵᠦ᠂ ᠪᠥᠬᠦ ᠵᠢᠯ ᠳᠤ 526 ᠭᠤᠣᠯᠳᠠᠯᠭ᠎ᠠ ᠲᠠᠢ ᠲᠥᠷᠥᠯ ᠵᠦᠢᠯ ᠢ ᠡᠬᠢᠯᠡᠭᠦᠯᠦᠨ᠂ 454.4 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠬᠡᠯᠬᠢᠶ᠎ᠡ ᠶᠢᠨ ᠳᠠᠷᠤᠭ᠎ᠠ ᠶᠢᠨ ᠲᠦᠷᠢᠮ᠂ ᠲᠤᠰᠬᠠᠶ ᠠᠩᠭᠢ ᠶᠢᠨ ᠲᠦᠷᠢᠮ ᠢᠶᠠᠷ | ᠠᠷᠠᠯᠵᠢᠶᠠᠴᠢᠨ ᠤᠷᠢᠬᠤ ᠶᠢ ᠶᠡᠬᠡᠪᠡᠷ ᠬᠡᠷᠡᠭᠵᠢᠭᠦᠯᠵᠦ᠂ ᠪᠥᠬᠦ ᠵᠢᠯ ᠳᠤ 381 ᠲᠥᠷᠥᠯ ᠵᠦᠢᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠤᠨ᠂ ᠨᠡᠶᠢᠲᠡ | 330.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 135 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ | ᠪᠠᠶᠢᠰᠢᠩ ᠢ ᠪᠠᠶᠢᠭᠤᠯᠵᠤ ᠠᠰᠢᠭᠯᠠᠨ ᠬᠡᠷᠡᠭᠯᠡᠵᠦ᠂ ᠬᠥᠭᠵᠢᠯᠲᠡ ᠶᠢᠨ ᠨᠥᠭᠡᠴᠡ ᠬᠦᠴᠦᠨ ᠲᠠᠰᠤᠷᠠᠯᠲᠠ ᠦᠭᠡᠢ ᠴᠢᠩᠭᠠᠷᠠᠪᠠ᠃ | ᠨᠢᠭᠡ ᠵᠢᠯ ᠤᠨ ᠲᠤᠷᠰᠢ᠂ ᠪᠢᠳᠡ ᠠᠮᠢ ᠠᠬᠤᠶ ᠶᠢᠨ ᠵᠠᠰᠠᠯᠲᠠ᠂ ᠣᠶ ᠰᠢᠭᠤᠶ ᠡᠪᠡᠰᠦ ᠪᠡᠯᠴᠢᠭᠡᠷ ᠤᠨ ᠲᠤᠰᠬᠠᠶ ᠴᠡᠭᠴᠡᠯᠡᠨ ᠵᠠᠰᠠᠯᠲᠠ ᠳᠤ ᠬᠦᠴᠦ ᠪᠠᠨ | ᠲᠥᠪᠯᠡᠷᠡᠭᠦᠯᠦᠨ ᠱᠠᠲᠤ ᠥᠶᠡᠴᠢ ᠴᠢᠨᠠᠷᠲᠠᠶ ᠡᠭᠦᠷᠭᠡ ᠶᠢ ᠪᠡᠶᠡᠯᠡᠭᠦᠯᠵᠦ᠂ ︽ᠬᠤᠶᠠᠷ ᠥᠨᠳᠥᠷ︾ ᠲᠣᠭᠲᠠᠭᠠᠯ ᠠᠴᠠ ᠵᠥᠷᠢᠴᠡᠭᠰᠡᠨ ᠲᠥᠷᠥᠯ ᠵᠦᠢᠯ ᠢ ᠲᠥᠷᠥᠯ | ᠬᠤᠪᠢᠶᠠᠨ ᠰᠢᠢᠳᠪᠦᠷᠢᠯᠡᠬᠦ ᠵᠢᠴᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ | ᠬᠦᠴᠦᠯᠡᠴᠡ ᠶᠢᠨ ᠲᠠᠯ᠎ᠠ ᠪᠠᠷ ︽ᠬᠤᠶᠠᠷ ᠨᠣᠭᠤᠭᠠᠨ︾ ᠤ ᠬᠠᠷᠠᠯᠲᠠ ᠶᠢ ᠪᠡᠶᠡᠯᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠨᠡᠩ ᠪᠠᠲᠤ ᠪᠠᠬᠢ | ᠪᠣᠯᠪᠠ᠃ | ᠨᠢᠭᠡ ᠵᠢᠯ ᠤᠨ ᠲᠤᠷᠰᠢ᠂ ᠪᠢᠳᠡ ᠡᠵᠡᠩᠨᠡᠯᠲᠡ ᠠᠷᠠᠯᠵᠢᠶ᠎ᠠ ᠶᠢ ᠰᠢᠯᠢᠳᠡᠭᠵᠢᠭᠦᠯᠬᠦ ᠳᠤ ᠬᠦᠴᠦ ᠪᠠᠨ ᠲᠥᠪᠯᠡᠷᠡᠭᠦᠯᠦᠨ᠂ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠤ ᠬᠠᠷᠢᠭᠤ ᠲᠤᠰᠬᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠠᠬᠢᠭᠤᠯᠵᠤ᠂ ︽ᠮᠥᠩᠬᠡ ᠰᠤᠪᠠᠭ︾ APP ᠤᠨ | ᠳᠠᠩᠰᠠᠯᠠᠭᠤᠯᠤᠭᠰᠠᠨ ᠲᠤᠭ᠎ᠠ ᠪᠠ ᠰᠤᠷᠪᠤᠯᠵᠢᠯᠠᠭ᠎ᠠ ᠶᠢᠨ ᠬᠡᠮᠵᠢᠶ᠎ᠡ ᠨᠢ ᠪᠥᠬᠦ ᠣᠷᠣᠨ ᠳᠤ ᠨᠢᠭᠡᠳᠦᠭᠡᠷ ᠲᠤ ᠣᠷᠣᠵᠤ᠂ ᠬᠤᠲᠠ ᠶᠢᠨ ᠲᠣᠰ ᠱᠠᠲᠤᠨ ᠤ ᠰᠦᠯᠵᠢᠶᠡᠨ | ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 96.7% ᠬᠦᠷᠴᠦ᠂ 67 ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠡᠷᠦᠩᠬᠡᠶᠢᠯᠡᠭᠰᠡᠨ ᠴᠣᠩᠬᠤᠷᠤᠭ ᠭᠠᠷᠭᠠᠨ᠂ ︽ | 12345︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠪᠥᠬᠦ ᠲᠠᠯ᠎ᠠ ᠪᠠᠷ ᠠᠵᠢᠯᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ | ᠬᠥᠷᠲᠡᠮᠵᠢ ᠶᠢᠨ ᠲᠥᠷᠥᠭᠳᠡᠯ ᠢᠯᠡᠳᠲᠡ ᠳᠡᠭᠡᠭᠰᠢᠯᠡᠪᠡ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦ ᠪᠠᠨ ᠲᠥᠪᠯᠡᠷᠡᠭᠦᠯᠦᠨ᠂ ᠠᠵᠢᠯ ᠣᠯᠭᠤᠵᠤ ᠦᠢᠯᠡᠰ ᠪᠤᠰᠬᠠᠬᠤ᠂ | ᠡᠮ ᠡᠮᠨᠡᠯᠭᠡ ᠶᠢᠨ ᠳᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ᠂ ᠰᠤᠷᠭᠠᠨ ᠬᠥᠮᠦᠵᠢᠯ ᠤᠨ ︽ | ᠬᠤᠶᠠᠷ ᠢ ᠬᠥᠩᠭᠡᠷᠡᠭᠦᠯᠬᠦ︾ ᠵᠡᠷᠭᠡ ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ ᠤᠯᠠᠨ ᠨᠡᠶᠢᠲᠡ ᠶᠢᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ | ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠬᠦᠷᠢᠶᠡᠨ ᠳᠠᠬᠢ ᠪᠠᠶᠢᠳᠠᠯ ᠶᠡᠷᠦᠩᠬᠡᠢ ᠳᠡᠭᠡᠨ ᠳᠣᠭᠲᠠᠪᠤᠷᠢᠵᠢᠪᠠ᠃ | ᠲᠥᠯᠥᠭᠡᠯᠡᠭᠴᠢᠳ ᠡ︕ ᠰᠢᠷᠭᠠᠭᠤ ᠲᠡᠮᠡᠴᠡᠯ ᠨᠢ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠠᠮᠵᠢᠯᠲᠠ ᠶᠢ ᠲᠡᠶᠢᠮᠦ ᠬᠢᠯᠪᠠᠷᠬᠠᠨ ᠢᠶᠠᠷ ᠣᠯᠤᠭᠰᠠᠨ ᠪᠢᠰᠢ | ᠶᠤᠮ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢᠨ ᠠᠴᠢ ᠭᠠᠪᠢᠶ᠎ᠠ᠂ ᠶᠡᠷᠦᠩᠬᠡᠢ ᠱᠦᠵᠢ ᠶᠢᠨ ᠤᠯᠠᠭᠠᠨᠬᠠᠳᠠ ᠶᠢ ᠣᠨᠴᠠᠭᠠᠢ ᠬᠠᠶᠢᠷᠠᠯᠠᠨ ᠬᠠᠯᠠᠮᠵᠢᠯᠠᠭᠰᠠᠨ ᠤ | ᠠᠴᠢ ᠭᠠᠪᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠶᠢᠨ ᠠᠴᠢ ᠭᠠᠪᠢᠶ᠎ᠠ᠂ ᠥᠩᠭᠡᠷᠡᠭᠰᠡᠨ ᠬᠤᠭᠤᠴᠠᠭᠠᠨ ᠤ ᠵᠠᠰᠠᠭ ᠤᠨ ᠣᠷᠳᠣᠨ ᠤ ᠲᠠᠯᠪᠢᠭᠰᠠᠨ ᠰᠠᠶᠢᠨ ᠰᠠᠭᠤᠷᠢ ᠪᠠ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠠᠴᠢ ᠭᠠᠪᠢᠶ᠎ᠠ ᠮᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠢ ᠬᠢᠨᠠᠯᠲᠠ ᠪᠠ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ | ᠦᠭᠡᠢ ᠶᠤᠮ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ᠂ ᠤᠯᠠᠭᠠᠨᠬᠠᠳᠠ ᠳᠤ ᠰᠠᠭᠤᠭ᠎ᠠ ᠡᠯ᠎ᠡ ᠨᠢᠭᠡᠴᠡ | ᠂ ᠠᠷᠠᠳ ᠤᠨ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ | ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠪᠦᠬᠦ ᠵᠢᠯᠤᠭᠤᠳᠤᠬᠴᠢ ᠪᠠᠶᠢᠯᠳᠤᠭᠴᠢᠳ᠂ ᠤᠯᠠᠭᠠᠨᠬᠠᠳᠠ ᠶᠢᠨ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠭᠠᠳᠠᠨ᠎ᠠ ᠪᠠᠶᠢᠭ᠎ᠠ ᠤᠯᠠᠭᠠᠨᠬᠠᠳᠠ ᠨᠤᠲᠤᠭᠲᠠᠨ᠂ ᠡᠯ᠎ᠡ ᠡᠲᠡᠭᠡᠳ ᠤᠨ ᠬᠥᠮᠦᠰ ᠪᠣᠯᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠵᠡᠷᠭᠡᠪᠡᠷ ᠪᠢᠳᠡ ᠪᠠᠰᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠵᠤ ᠣᠯᠪᠠ | ᠄ ᠣᠳᠣᠬᠠᠨ ᠤ ᠬᠢᠵᠢᠭ ᠤᠨ ᠪᠠᠶᠢᠳᠠᠯ ᠪᠠ ᠭᠠᠳᠠᠷ ᠣᠷᠴᠢᠨ ᠳᠤ ᠮᠥᠨ ᠯᠡ ᠮᠠᠰᠢ ᠤᠯᠠᠨ ᠲᠣᠭᠲᠠᠪᠤᠷᠢ ᠦᠭᠡᠢ ᠴᠢᠨᠠᠷ ᠣᠷᠣᠰᠢᠵᠤ᠂ ᠲᠣᠭᠲᠠᠭᠤᠨ ᠢᠶᠠᠷ ᠨᠡᠮᠡᠭᠳᠡᠬᠦ | ᠰᠠᠭᠤᠷᠢ ᠪᠠᠰᠠ ᠪᠠᠲᠤ ᠪᠠᠬᠢ ᠪᠣᠯᠤᠭᠠᠳᠤᠶ ᠪᠠᠶᠢᠨ᠎ᠠ︔ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ | ᠪᠠᠰᠠ ᠨᠠᠷᠢᠯᠢᠭ ᠣᠨᠣᠴᠢᠲᠠᠶ ᠪᠢᠰᠢ᠂ ᠬᠡᠰᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠡᠵᠡᠩᠨᠡᠯᠲᠡ ᠬᠦᠴᠢᠷᠳᠡᠯ ᠲᠠᠢ ᠪᠠᠶᠢᠨ᠎ᠠ︔ ᠲᠥᠷᠦᠯ ᠵᠦᠢᠯ ᠤᠨ ᠨᠥᠭᠡᠴᠡ ᠬᠦᠷᠦᠯᠴᠡᠬᠦ ᠦᠭᠡᠢ᠂ ᠲᠤᠮᠤ ᠲᠦᠷᠦᠯ ᠵᠦᠢᠯ᠂ ᠰᠠᠶᠢᠨ ᠲᠥᠷᠦᠯ ᠵᠦᠢᠯ ᠴᠥᠭᠡᠨ᠂ | ᠪᠡᠯᠡ ᠣᠷᠣᠭᠤᠯᠤᠯᠲᠠ ᠶᠢᠨ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠶᠢᠨ ᠬᠦᠳᠦᠯᠦᠨ ᠳᠠᠭᠠᠭᠤᠯᠬᠤ ᠬᠦᠴᠦᠨ ᠬᠦᠷᠦᠯᠴᠡᠬᠦ ᠦᠭᠡᠢ ᠪᠠᠶᠢᠨ᠎ᠠ︔ ᠡᠵᠡᠩᠨᠡᠯᠲᠡ | ᠠᠷᠠᠯᠵᠢᠶᠠᠨ ᠤ ᠣᠷᠴᠢᠨ ᠲᠣᠭᠤᠷᠢᠨ ᠬᠢᠭᠡᠳ ᠬᠥᠭᠵᠢᠯᠲᠡ ᠶᠢᠨ ᠱᠠᠭᠠᠷᠳᠠᠯᠭ᠎ᠠ ᠮᠥᠨ ᠬᠦ ᠵᠥᠷᠢᠶ᠎ᠡ ᠲᠠᠢ ᠪᠠᠶᠢᠭᠰᠠᠭᠠᠷ︔ ᠡᠬᠢ ᠪᠠᠶᠠᠯᠢᠭ ᠡᠨᠧᠷᠭᠢ ᠶᠢᠨ | ᠰᠤᠷᠪᠤᠯᠵᠢ ᠶᠢᠨ ᠬᠢᠵᠠᠭᠠᠷᠯᠠᠯ ᠲᠠᠰᠤᠷᠠᠯᠳᠠ ᠦᠭᠡᠢ ᠰᠢᠷᠦᠭᠦᠰᠴᠦ᠂ ᠤᠰᠤ ᠬᠡᠷᠡᠭᠯᠡᠬᠦ ᠡᠨᠧᠷᠭᠢ ᠬᠡᠷᠡᠭᠯᠡᠬᠦ ᠪᠦᠲᠦᠴᠡ ᠶᠢᠨ ᠵᠥᠷᠢᠴᠡᠯ ᠲᠤᠪᠤᠶᠢᠮ᠎ᠠ ᠪᠤᠯᠵᠤ᠂ ᠠᠮᠢ | ᠠᠬᠤᠶ ᠶᠢ ᠰᠡᠷᠭᠦᠭᠡᠬᠦ ᠪᠠ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠡᠭᠦᠷᠭᠡ ᠪᠡᠷᠬᠡ ᠬᠠᠲᠠᠭᠤᠵᠢᠯᠲᠠᠶ ᠪᠠᠶᠢᠨ᠎ᠠ︔ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠳᠠᠷᠤᠯᠲᠠ ᠨᠡᠯᠢᠶᠡᠳ ᠶᠡᠭᠡ ᠪᠠᠶᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠤᠯᠠᠨ ᠨᠡᠶᠢᠲᠡ ᠶᠢᠨ ᠦᠢᠯᠡᠴᠢᠯᠡᠭᠡ ᠪᠠᠰᠠ | ᠬᠦᠷᠦᠯᠴᠡᠬᠦ ᠦᠭᠡᠢ ᠲᠠᠯ᠎ᠠ ᠪᠠᠶᠢᠨ᠎ᠠ︔ ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠨᠡᠯᠢᠶᠡᠳ ᠲᠤᠪᠤᠶᠢᠮ᠎ᠠ | ᠪᠠᠶᠢᠨ᠎ᠠ︔ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠮᠥᠨ ᠯᠡ ᠮᠠᠰᠢ ᠤᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠲᠤᠯᠭᠠᠷᠠᠵᠤ | ᠪᠠᠶᠢᠨ᠎ᠠ︔ ᠵᠠᠷᠢᠮ ᠺᠠᠳ᠋ᠷ ᠤᠨ ᠦᠵᠡᠯ ᠰᠠᠨᠠᠭ᠎ᠠ ᠣᠶᠢᠯᠠᠭᠠᠭᠳᠠᠬᠤᠨ ᠨᠢ ᠬᠥᠰᠢᠭᠦᠷᠡᠵᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠳᠤ ᠠᠮᠢᠵᠢᠷᠠᠯ ᠤᠨ | ᠬᠦᠴᠦᠨ ᠢᠶᠠᠷ ᠳᠤᠲᠠᠮᠠᠭ᠂ ᠣᠶᠢᠯᠠᠭᠠᠬᠤ ᠦᠭᠡᠢ᠂ ᠴᠢᠳᠠᠬᠤ ᠦᠭᠡᠢ᠂ ᠵᠢᠷᠦᠬᠡᠰᠢᠶᠡᠬᠦ᠂ ᠳᠤᠷ᠎ᠠ ᠦᠭᠡᠢ ᠪᠠᠶᠢᠬᠤ ᠠᠰᠠᠭᠤᠳᠠᠯ ᠪᠠᠰᠠ ᠮᠠᠰᠢ ᠲᠤᠪᠤᠶᠢᠮ᠎ᠠ ᠣᠷᠣᠰᠢᠵᠤ | ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠡᠷᠬᠡᠪᠰᠢ ᠬᠦᠴᠦᠲᠡᠶ ᠠᠷᠭ᠎ᠠ ᠬᠡᠮᠵᠢᠶ᠎ᠡ ᠠᠪᠴᠤ ᠦᠨᠡᠨᠬᠦ ᠰᠢᠢᠳᠪᠦᠷᠢᠯᠡᠬᠦ ᠬᠡᠷᠡᠭᠲᠡᠶ᠃ | | |