2022 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠢᠯᠪᠤᠷᠢ
ᠨᠡᠶᠢᠲᠡᠯᠡᠭᠰᠡᠨ ᠴᠠᠭ᠄
2022/2/18
         ᠤᠯᠤᠰ ᠤᠨ ᠡᠵᠡᠮᠰᠢᠯ ᠤᠨ ᠣᠭᠲᠣᠯᠤᠭᠠᠰᠤ᠄ ᠳᠠᠷᠤᠶ ᠤᠯᠤᠰ ᠤᠨ ᠭᠠᠵᠠᠷ ᠳᠡᠭᠡᠷᠡᠬᠢ ᠤᠰᠤᠨ ᠤ ᠬᠢᠨᠠᠨ ᠰᠢᠯᠭᠠᠯᠲᠠ ᠶᠢᠨ ᠣᠭᠲᠣᠯᠤᠭᠠᠰᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠨᠡᠷᠡᠰ ᠤᠨ ᠵᠢᠭᠰᠠᠭᠠᠯᠲᠠ ᠳᠤ ᠬᠡᠷᠡᠭᠯᠡᠬᠦ ᠭᠠᠵᠠᠷ ᠳᠡᠭᠡᠷᠡᠬᠢ ᠤᠰᠤᠨ ᠤ ᠣᠭᠲᠣᠯᠤᠭᠠᠰᠤ ᠪᠣᠯᠤᠨ᠎ᠠ᠃      ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠤᠩᠭᠢᠯ᠄ ᠲᠥᠪ ᠬᠤᠲᠠ ᠶᠢᠨ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠠᠵᠤ ᠦᠢᠯᠡᠰ ᠤᠨ ᠪᠦᠰᠡ᠂ ᠡᠭᠦᠨ ᠳᠤ ︽ᠨᠢᠭᠡ ᠲᠣᠭᠤᠷᠢᠭ ᠳᠥᠷᠪᠡᠨ ᠬᠦᠷᠢᠶᠡᠯᠡᠩ︾ ᠢ ᠪᠠᠭᠲᠠᠭᠠᠨ᠎ᠠ᠂ ︽ᠨᠢᠭᠡ ᠲᠣᠭᠤᠷᠢᠭ︾ ᠭᠡᠳᠡᠭ ᠨᠢ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠵᠢᠭᠠᠵᠤ ᠪᠣᠶ᠂ ︽ᠳᠥᠷᠪᠡᠨ ᠬᠦᠷᠢᠶᠡᠯᠡᠩ︾ ᠭᠡᠳᠡᠭ ᠨᠢ ᠬᠤᠩᠱᠠᠨ ᠬᠦᠷᠢᠶᠡᠯᠡᠩ ᠲᠣᠭᠤᠷᠢᠭ᠂ ᠶᠤᠸᠠᠨ ᠪᠦᠦ ᠱᠠᠨ ᠬᠦᠷᠢᠶᠡᠯᠡᠩ ᠲᠣᠭᠤᠷᠢᠭ᠂ ᠰᠦᠩᠱᠠᠨ ᠬᠦᠷᠢᠶᠡᠯᠡᠩ ᠲᠣᠭᠤᠷᠢᠭ ᠪᠠ ᠳ᠋ᠦᠩᠱᠠᠨ ᠬᠦᠷᠢᠶᠡᠯᠡᠩ ᠲᠣᠭᠤᠷᠢᠭ ᠢ ᠵᠢᠭᠠᠵᠤ ᠪᠣᠶ᠃      ᠭᠤᠷᠪᠠᠨ ᠣᠷᠣᠨ ᠭᠤᠷᠪᠠᠨ ᠱᠤᠭᠤᠮ᠄ ︽ᠭᠤᠷᠪᠠᠨ ᠣᠷᠣᠨ︾ ᠭᠡᠳᠡᠭ ᠨᠢ ᠬᠤᠲᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠵᠦᠢᠯ ᠤᠨ ᠬᠡᠯᠪᠡᠷᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠵᠢᠭᠠᠵᠤ ᠪᠣᠶ᠃ ︽ᠭᠤᠷᠪᠠᠨ ᠱᠤᠭᠤᠮ︾ ᠨᠢ ᠲᠣᠰ ᠲᠣᠰ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠳᠤ ᠵᠠᠭᠠᠭᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ ᠃      ᠰᠤᠷᠭᠠᠨ ᠬᠥᠮᠥᠵᠢᠯ ᠤᠨ ︽ᠬᠤᠶᠠᠷ ᠢ ᠬᠥᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠦᠨ᠎ᠡ᠃      ᠬᠤᠣᠰ ᠣᠳᠣ ᠶᠢᠨ ᠣᠷᠣᠨ᠄ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠭᠦᠨᠵᠡᠭᠡᠢ ᠠᠬᠢᠭᠤᠯᠵᠤ᠂ ᠬᠥᠬᠡᠬᠤᠲᠠ ᠪᠤᠭᠤᠲᠤ ᠤᠷᠳᠤᠰ ᠦᠬᠠᠢ ᠶᠢᠨ ᠬᠤᠲᠠ ᠶᠢᠨ ᠪᠦᠯᠦᠭᠯᠡᠯ ᠪᠠ ᠤᠯᠠᠭᠠᠨᠬᠠᠳᠠ᠂ ᠲᠦᠩᠯᠢᠶᠣᠤ ᠶᠢᠨ ︽ᠬᠤᠣᠰ ᠣᠳᠣ ᠶᠢᠨ ᠣᠷᠣᠨ︾ ᠢ ᠭᠤᠣᠯᠳᠠᠯᠭ᠎ᠠ ᠲᠠᠢ ᠪᠦᠳᠦᠬᠡᠨ ᠪᠠᠶᠢᠭᠤᠯᠤᠨ᠎ᠠ ᠭᠡᠵᠦ ᠳᠤᠷᠠᠳᠴᠠᠢ᠃      ᠬᠤᠣᠰ ᠨᠡᠭᠦᠷᠡᠰᠦᠲᠥ᠋ᠷᠥᠭᠴᠢ᠄ ᠳᠠᠷᠤᠶ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠬᠢᠭᠡᠳ ᠨᠡᠭᠦᠷᠡᠰᠦᠲᠥ᠋ᠷᠥᠭᠴᠢ ᠰᠠᠭᠠᠷᠮᠠᠭᠵᠢᠭᠤᠯᠬᠤ ᠬᠡᠮᠵᠢᠶ᠎ᠡ ᠶᠢᠨ ᠲᠣᠪᠴᠢ ᠨᠡᠷᠡᠶᠢᠳᠦᠯ ᠪᠣᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠭᠡᠳᠡᠭ ᠨᠢ ᠮᠠᠨ ᠤ ᠤᠯᠤᠰ ᠤᠨ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠳᠠᠬᠢᠨ ᠨᠡᠮᠡᠭᠳᠡᠭᠦᠯᠬᠦ ᠦᠭᠡᠢ᠂ ᠣᠷᠭᠢᠯ ᠤᠨ ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠠᠯᠬᠤᠮ ᠠᠯᠬᠤᠮ ᠢᠶᠠᠷ ᠪᠠᠭᠤᠷᠠᠭᠤᠯᠤᠨ᠎ᠠ᠃ ᠨᠡᠭᠦᠷᠡᠰᠦᠲᠥ᠋ᠷᠥᠭᠴᠢ ᠰᠠᠭᠠᠷᠮᠠᠭᠵᠢᠭᠤᠯᠬᠤ ᠬᠡᠮᠵᠢᠶ᠎ᠡ ᠭᠡᠳᠡᠭ ᠨᠢ 2060 ᠣᠨ ᠪᠣᠯᠬᠤ ᠳᠤ᠂ ᠭᠠᠳᠠᠭᠰᠢᠯᠠᠭᠤᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠴᠢᠭᠯᠡᠭᠦᠯᠦᠨ᠂ ᠮᠣᠳᠣ ᠲᠠᠷᠢᠬᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠪᠦᠬᠦᠨ ᠢ ᠲᠤᠯᠭᠠᠨ ᠬᠠᠰᠤᠬᠤ ᠶᠢ ᠵᠢᠭᠠᠵᠤ ᠪᠠᠶᠢᠨ᠎ᠠ᠃      ᠮᠠᠭᠤᠳᠠᠭᠰᠠᠨ ᠬᠠᠮᠠᠭᠠᠯᠠᠯᠲᠠ ᠶᠢᠨ ᠣᠶ᠄ ᠣᠷᠴᠢᠨ ᠲᠣᠭᠤᠷᠢᠨ ᠤ ᠬᠤᠪᠢᠷᠠᠯᠲᠠ᠂ ᠪᠠᠶᠢᠭᠠᠯᠢ ᠶᠢᠨ ᠭᠠᠮᠰᠢᠭ᠂ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠣᠶ ᠰᠢᠭᠤᠢ ᠨᠢ ᠮᠠᠭᠤᠵᠢᠷᠠᠬᠤ ᠱᠠᠲᠤᠨ ᠳᠤ ᠤᠷᠢᠳᠴᠢᠯᠠᠨ ᠪᠤᠶᠤ ᠲᠦᠷᠭᠡᠨ ᠢᠶᠠᠷ ᠣᠷᠣᠵᠤ᠂ ᠬᠠᠳᠠᠵᠤ ᠥᠭᠦᠬᠦ᠂ ᠦᠬᠦᠬᠦ ᠰᠢᠬᠠᠬᠤ᠂ ᠥᠰᠥᠯᠲᠡ ᠮᠠᠭᠤ ᠵᠡᠷᠭᠡ ᠦᠵᠡᠭᠳᠡᠯ ᠢᠯᠡᠷᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠳᠠᠮᠵᠢ ᠨᠢ ᠮᠠᠭᠤᠵᠢᠷᠠᠵᠤ ᠴᠢᠨᠠᠭᠰᠢᠯᠠᠪᠠᠯ ᠠᠯᠳᠠᠭᠳᠠᠵᠤ᠂ ᠪᠠᠶᠢᠭᠠᠯᠢ ᠶᠢᠨ ᠴᠢᠳᠠᠪᠤᠷᠢ ᠪᠠᠷ ᠳᠡᠮᠵᠢᠨ ᠰᠢᠨᠡᠳᠬᠡᠨ ᠰᠡᠷᠭᠦᠭᠡᠬᠦ ᠳᠤ ᠪᠡᠷᠬᠡᠲᠡᠶ ᠪᠣᠯᠣᠭᠰᠠᠨ ᠬᠠᠮᠠᠭᠠᠯᠠᠯᠲᠠ ᠶᠢᠨ ᠣᠶ ᠶᠢ ᠵᠢᠭᠠᠵᠤ ᠪᠣᠶ᠃      ᠤᠰᠤ ᠪᠠᠷ ᠲᠦᠷᠪᠡ ᠶᠢ ᠲᠣᠭᠲᠠᠭᠠᠬᠤ᠄ ᠤᠰᠤ ᠪᠠᠷ ᠬᠤᠳᠠ ᠶᠢ ᠲᠣᠭᠲᠠᠭᠠᠵᠤ᠂ ᠤᠰᠤ ᠪᠠᠷ ᠲᠠᠷᠢᠶᠠᠯᠠᠭ᠎ᠠ ᠶᠢ ᠲᠣᠭᠲᠠᠭᠠᠵᠤ᠂ ᠤᠰᠤ ᠪᠠᠷ ᠬᠥᠮᠦᠨ ᠢ ᠲᠣᠭᠲᠠᠭᠠᠵᠤ᠂ ᠤᠰᠤ ᠪᠠᠷ ᠬᠤᠷᠢᠶᠠᠯᠲᠠ ᠶᠢ ᠲᠣᠭᠲᠠᠭᠠᠨ᠎ᠠ᠃      ᠨᠢᠭᠡ ᠲᠥᠪ ᠬᠤᠶᠠᠷ ᠲᠤᠰᠬᠠᠶ ᠠᠩᠭᠢ᠄ ᠬᠤᠲᠠ ᠬᠤᠰᠢᠭᠤ ᠬᠤᠶᠠᠷ ᠳᠡᠰ ᠤᠨ ᠬᠥᠭᠵᠢᠯᠲᠡ ᠶᠢᠨ ᠰᠤᠳᠤᠯᠭᠠᠨ ᠤ ᠲᠥᠪ᠂ ᠭᠤᠣᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠠᠩᠭᠢ ᠪᠠ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠤᠨ ᠲᠤᠰᠬᠠᠶ ᠠᠩᠭᠢ᠃      ︽ᠭᠤᠷᠪᠠᠨ ᠰᠢᠨ᠎ᠡ︾ ᠶᠢᠨ ᠱᠠᠭᠠᠷᠳᠠᠯᠭ᠎ᠠ᠄ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠭᠦᠨᠵᠡᠭᠡᠶ ᠲᠠᠨᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠬᠤ᠃      ︽ᠬᠤᠶᠠᠷ ᠥᠨᠳᠥᠷ︾ ᠲᠥᠷᠥᠯ ᠵᠦᠢᠯ᠄ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠡᠬᠡᠲᠡᠶ ᠲᠥᠷᠥᠯ ᠵᠦᠢᠯ᠃      ᠬᠠᠰ ᠯᠤᠤ ᠴᠢᠳᠠᠪᠤᠷᠢᠲᠠᠨ᠄ ᠣᠷᠣᠨ ᠨᠤᠲᠤᠭ ᠤᠨ ᠳᠤᠮᠳᠠ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠦᠵᠢᠭᠦᠯᠬᠦ᠂ ᠳᠤᠲᠠᠭᠳᠠᠵᠤ ᠪᠠᠶᠢᠭ᠎ᠠ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠭᠤᠤᠯ ᠪᠣᠯᠭᠠᠵᠤ᠂ ᠡᠯ᠎ᠡ ᠰᠠᠯᠠᠭ᠎ᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠰᠢᠰᠲ᠋ᠧᠮᠲᠦ ᠴᠢᠨᠠᠷᠲᠠᠶ ᠴᠢᠳᠠᠪᠤᠷᠢᠲᠠᠨ ᠤ ᠢᠨᠵᠧᠨᠧᠷᠢᠩ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠪᠣᠯ ᠮᠠᠨ ᠤ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠭᠤᠤᠯ ᠭᠠᠷᠳᠠᠴᠠ ᠮᠥᠨ᠃      ᠬᠤᠨ ᠭᠠᠯᠠᠭᠤ ᠴᠢᠳᠠᠪᠤᠷᠢᠲᠠᠨ ᠢ ᠤᠷᠢᠬᠤ᠄ ︽ᠳᠡᠭᠡᠳᠦ ᠰᠣᠳᠣᠨ ᠣᠷᠦ᠋ᠢᠯᠠᠭᠰᠠᠨ ᠳᠤᠲᠠᠮᠠᠭ︾ ᠤᠨ ᠤᠳᠤᠷᠢᠳᠤᠮᠵᠢ ᠶᠢ ᠲᠤᠪᠤᠶᠢᠯᠭᠠᠨ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠰᠢᠨᠵᠢᠯᠡᠭᠡᠨ ︵ᠲᠤᠰᠬᠠᠶ ᠮᠡᠷᠭᠡᠵᠢᠯ︶ ᠪᠠ ᠴᠢᠬᠤᠯᠠ ᠶᠡᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠪᠠᠷ ᠭᠤᠣᠯᠯᠠᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠲᠤᠰᠬᠠᠶ ᠠᠰᠢᠭ ᠤᠨ ᠮᠡᠷᠭᠡᠵᠢᠯ ᠪᠠ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠲᠠᠢ᠂ ᠭᠤᠣᠯᠳᠠᠯᠭ᠎ᠠ ᠲᠠᠢ ᠠᠵᠤ ᠦᠢᠯᠡᠰ ᠤᠨ ᠮᠡᠷᠭᠡᠵᠢᠯ ᠤᠨ ᠰᠢᠪᠲᠤᠯᠤᠯᠲᠠ ᠶᠢ ᠲᠦᠯᠬᠢᠨ ᠠᠬᠢᠭᠤᠯᠵᠤ ᠴᠢᠳᠠᠬᠤ ᠳᠡᠭᠡᠳᠦ ᠲᠡᠰ ᠳᠠᠪᠬᠤᠷᠭ᠎ᠠ ᠶᠢᠨ ᠳᠠᠭᠠᠭᠤᠯᠤᠭᠴᠢ ᠴᠢᠳᠠᠪᠤᠷᠢᠲᠠᠨ ᠪᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠨᠡᠶᠢᠭᠡᠮ ᠤᠨ ᠰᠢᠨᠵᠢᠯᠡᠬᠦ ᠤᠬᠠᠭᠠᠨ ᠵᠡᠷᠭᠡ ᠬᠦᠷᠢᠶᠡᠨ ᠤ ᠳᠠᠭᠠᠭᠤᠯᠤᠭᠴᠢ ᠴᠢᠳᠠᠪᠤᠷᠢᠲᠠᠨ ᠢ ᠭᠤᠣᠯᠳᠠᠯᠭ᠎ᠠ ᠲᠠᠢ ᠪᠠᠷ ᠣᠷᠣᠭᠤᠯᠤᠨ ᠠᠪᠴᠢᠷᠠᠨ᠎ᠠ᠃      ᠳᠥᠷᠪᠡᠨ ᠬᠦᠢᠴᠡᠳᠭᠡᠬᠦ᠄ ᠰᠦᠯᠵᠢᠶᠡᠨ ᠳᠡᠭᠡᠷ᠎ᠡ ᠬᠦᠢᠴᠡᠳᠭᠡᠬᠦ᠂ ᠭᠠᠷ ᠤᠳᠠᠰᠤ ᠪᠠᠷ ᠬᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ᠂ ᠲᠠᠨ ᠢ ᠬᠠᠪᠰᠤᠷᠴᠤ ᠭᠦᠢᠴᠡᠳᠭᠡᠬᠦ᠃      ᠪᠠᠲᠤᠯᠠᠭᠠᠲᠤ ᠵᠢᠭᠡᠯᠡᠯᠭᠡ᠄ ᠵᠠᠰᠠᠭ ᠤᠨ ᠣᠷᠳᠣᠨ ᠬᠢᠭᠡᠳ ᠬᠤᠷᠰᠢᠭᠰᠠᠨ ᠪᠠᠩᠬᠢ ︽ᠪᠠᠲᠤᠯᠠᠭᠠᠲᠤ ᠵᠢᠭᠡᠯᠡᠯᠭᠡ︾ ᠶᠢᠨ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠳᠡᠮᠵᠢᠬᠦ ᠬᠡᠪᠴᠢᠶᠡᠨ ᠳᠤ ᠣᠷᠣᠭᠤᠯᠤᠭᠰᠠᠨ ᠠᠵᠤ ᠠᠬᠤᠶᠢᠯᠠᠯ ᠳᠤ ᠢᠲᠡᠭᠡᠮᠵᠢ ᠣᠯᠭᠤᠬᠤ ᠶᠢᠨ ᠬᠠᠮᠲᠤ ᠵᠠᠰᠠᠭ ᠤᠨ ᠣᠷᠳᠣᠨ ᠠᠴᠠ ᠲᠦᠭᠰᠢᠭᠦᠷᠢ ᠶᠢᠨ ᠨᠥᠬᠦᠪᠥᠷᠢ ᠶᠢᠨ ᠪᠠᠯᠠ ᠮᠥᠩᠭᠦ ᠬᠠᠩᠭᠠᠵᠤ ᠢᠲᠡᠭᠡᠮᠵᠢ ᠨᠡᠮᠡᠭᠳᠡᠭᠦᠯᠬᠦ ᠪᠠᠷ ᠠᠷᠭ᠎ᠠ ᠪᠠᠷᠢᠯ ᠪᠣᠯᠭᠠᠭᠰᠠᠨ ᠢᠲᠡᠭᠡᠮᠵᠢ ᠣᠯᠭᠤᠬᠤ ᠲᠤᠬᠠᠶᠢᠯᠠᠭᠰᠠᠨ ᠠᠵᠢᠯ᠃      ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ᠄ ᠠᠵᠤ ᠦᠢᠯᠡᠰ ᠬᠢᠭᠡᠳ ᠬᠤᠲᠠ ᠶᠢ ᠠᠭᠤᠰᠤᠯᠴᠠᠭᠤᠯᠤᠨ ᠬᠥᠭᠵᠢᠭᠦᠯᠵᠦ᠂ ᠬᠤᠲᠠ ᠪᠠᠷ ᠰᠠᠭᠤᠷᠢ ᠪᠣᠯᠭᠠᠨ ᠠᠵᠤ ᠦᠢᠯᠡᠰ ᠤᠨ ᠣᠷᠣᠨ ᠵᠠᠶ ᠶᠢ ᠠᠴᠢᠶᠠᠯᠠᠬᠤ ᠪᠠ ᠠᠵᠤ ᠦᠢᠯᠡᠰ ᠤᠨ ᠠᠵᠤ ᠠᠬᠤᠶ ᠶᠢ ᠬᠥᠭᠵᠢᠭᠦᠯᠵᠦ᠂ ᠠᠵᠤ ᠦᠢᠯᠡᠰ ᠢᠶᠠᠷ ᠪᠠᠲᠤᠯᠠᠭ᠎ᠠ ᠪᠣᠯᠭᠠᠨ ᠬᠤᠲᠠ ᠶᠢ ᠰᠢᠨᠡᠳᠬᠡᠬᠦ ᠪᠠ ᠦᠢᠯᠡᠴᠢᠯᠡᠭᠡ ᠶᠢ ᠢᠵᠢ ᠪᠥᠷᠢᠳᠦᠭᠦᠯᠬᠦ ᠶᠢ ᠲᠡᠭᠦᠯᠳᠡᠷᠵᠢᠭᠦᠯᠵᠦ᠂ ᠠᠵᠤ ᠦᠢᠯᠡᠰ᠂ ᠬᠤᠲᠠ᠂ ᠬᠥᠮᠦᠨ ᠤ ᠬᠤᠭᠤᠷᠣᠨᠳᠣ ᠠᠮᠢᠵᠢᠷᠠᠯ ᠤᠨ ᠬᠦᠴᠦᠨ ᠲᠠᠢ᠂ ᠦᠷᠭᠦᠯᠵᠢᠯᠡᠨ ᠥᠭᠡᠳᠡᠯᠡᠨ ᠬᠥᠭᠵᠢᠬᠦ ᠬᠡᠯᠪᠡᠷᠢ ᠶᠢ ᠵᠢᠭᠠᠵᠤ ᠪᠣᠶ᠃      ᠲᠦᠷᠪᠡᠨ ᠲᠠᠯ᠎ᠠ ᠶᠢᠨ ᠬᠠᠷᠢᠭᠤᠴᠠᠯᠭ᠎ᠠ᠄ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠨᠢᠭᠡᠴᠡ ᠶᠢᠨ ᠬᠠᠷᠢᠭᠤᠴᠠᠯᠭ᠎ᠠ᠂ ᠬᠤᠪᠢ ᠬᠥᠮᠦᠨ ᠤ ᠬᠠᠷᠢᠭᠤᠴᠠᠯᠭ᠎ᠠ᠃      ᠵᠠᠰᠠᠭ ᠤᠨ ᠣᠷᠳᠣᠨ ᠳᠤ ᠬᠤᠯᠪᠣᠭᠳᠠᠭᠰᠠᠨ ᠬᠡᠷᠡᠭ᠄ ᠨᠠᠮ ᠵᠠᠰᠠᠭ ᠤᠨ ᠪᠠᠶᠢᠭᠤᠯᠭ᠎ᠠ ᠶᠢᠨ ᠭᠦᠢᠴᠡᠳᠬᠡᠬᠦ ᠳᠤ ᠬᠤᠯᠪᠣᠭᠳᠠᠭᠰᠠᠨ ᠬᠡᠷᠡᠭ᠃      ᠭᠤᠷᠪᠠᠨ ᠰᠠᠯᠵᠤ ᠴᠢᠳᠠᠬᠤ ᠦᠭᠡᠢ᠄ ᠲᠤᠬᠠᠶᠢᠯᠠᠪᠠᠯ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠤᠭᠤᠷᠣᠨᠳᠣ ᠪᠠᠨ ᠰᠠᠯᠵᠤ ᠴᠢᠳᠠᠬᠤ ᠦᠭᠡᠢ᠃      ᠲᠠᠪᠤᠨ ᠮᠡᠳᠡᠷᠡᠮᠵᠢ᠄ ᠠᠭᠤᠤ ᠶᠡᠭᠡ ᠡᠬᠡ ᠤᠯᠤᠰ ᠤᠨ ᠲᠤᠬᠠᠢ ᠮᠡᠳᠡᠷᠡᠮᠵᠢ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠮᠵᠢ᠂ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠬᠠᠢ ᠮᠡᠳᠡᠷᠡᠮᠵᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ᠃      ᠲᠦᠷᠪᠡ ᠪᠠᠨ ᠬᠠᠮᠲᠤᠳᠬᠠᠬᠤ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠣᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠣᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠪᠣᠯᠣᠨ᠎ᠠ᠃      ᠬᠤᠶᠠᠷ ᠢ ᠲᠣᠭᠲᠠᠭᠠᠬᠤ᠄ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠤᠭᠳᠠᠭᠠᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠤᠭᠳᠠᠭᠠᠬᠤ᠃   
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ