ᠬᠤᠲᠠ ᠶᠢᠨ ᠵᠠᠰᠠᠭ ᠤᠨ ᠣᠷᠳᠣᠨ 2022 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/21
     2 ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2022 ᠣᠨ ᠤ ᠭᠤᠷᠪᠠᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ︽2022 ᠣᠨ ᠤ ᠪᠦᠬᠦ ᠬᠤᠳᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠬᠡᠷᠡᠭᠵᠢᠭᠦᠯᠬᠦ ᠲᠥᠰᠦᠯ︾᠂ ︽ᠤᠯᠠᠭᠠᠨᠬᠠᠳᠠ ᠬᠤᠳᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ︾᠂ ︽2021 ᠣᠨ ᠤ ᠤᠯᠠᠭᠠᠨᠬᠠᠳᠠ ᠬᠤᠳᠠ ᠶᠢᠨ ᠬᠤᠳᠠ ᠶᠢᠨ ᠴᠣᠭᠴᠠ ᠶᠢᠨ ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃  ᠲᠥᠪ ᠬᠤᠲᠠ ᠲᠣᠭᠤᠷᠢᠭ ᠤᠨ ᠳᠤᠯᠠᠭᠠᠯᠭ᠎ᠠ  ᠶᠢᠨ ᠠᠵᠤ ᠠᠬᠤᠶᠢᠯᠠᠯ ᠤᠨ ᠳᠤᠯᠠᠭᠠᠯᠭ᠎ᠠ  ᠶᠢᠨ ᠬᠤᠭᠤᠴᠠᠭᠠᠨ ᠤ ᠡᠳ᠋ ᠤᠨ ᠵᠠᠰᠠᠭ ᠤᠨ ᠨᠥᠬᠦᠪᠥᠷᠢ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠣᠷᠣᠵᠤ  ᠰᠠᠭᠤᠷᠢᠰᠢᠬᠤ ᠵᠡᠷᠭᠡ ᠬᠤᠯᠪᠤᠭᠳᠠᠯ ᠪᠦᠬᠦᠢ ᠠᠰᠠᠭᠤᠳᠠᠯ  ᠢ ᠰᠣᠳᠤᠯᠵᠤ ᠂ ᠬᠤᠲᠠ ᠶᠢᠨ ᠬᠤᠭᠤᠯᠠᠶ  ᠪᠠᠷ ᠳᠠᠮᠵᠢᠭᠤᠯᠬᠤ ᠰᠢᠲᠠᠮᠠᠬᠠᠶ ᠬᠡᠶ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂  ᠬᠤᠯᠪᠤᠭᠳᠠᠯ  ᠪᠥᠬᠦᠶ ᠠᠵᠢᠯ ᠢ ᠳᠣᠭᠢᠷᠠᠭᠤᠯᠤᠨ  ᠪᠠᠶᠢᠷᠢᠯᠠᠭᠤᠯᠪᠠ᠃         ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠮᠥᠨ ᠃ ᠡᠨᠡ ᠵᠢᠯ᠂ ᠮᠠᠨ ᠤ ᠬᠤᠲᠠ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠶᠡᠬᠡᠪᠡᠷ ᠠᠷᠠᠯᠵᠢᠶᠠᠴᠢᠨ ᠤᠷᠢᠬᠤ᠂ ᠶᠡᠬᠡᠪᠡᠷ ᠬᠥᠭᠵᠢᠭᠦᠯᠬᠦ ᠠᠭᠤᠷ ᠠᠮᠢᠰᠬᠤᠯ ᠢ ᠪᠣᠶ ᠪᠣᠯᠭᠠᠬᠤ ᠪᠣᠯᠤᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠠᠷᠠᠯᠵᠢᠶᠠᠴᠢᠨ ᠤᠷᠢᠵᠤ ᠪᠡᠯᠡ ᠲᠠᠲᠠᠬᠤ ︽ᠲᠥᠰᠦᠯ︾ ᠤᠨ ᠱᠠᠭᠠᠷᠳᠠᠯᠭ᠎ᠠ ᠶᠣᠰᠣᠭᠠᠷ᠂ ᠠᠷᠠᠯᠵᠢᠶᠠᠴᠢᠨ ᠤᠷᠢᠬᠤ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠷᠠᠯᠵᠢᠶᠠᠴᠢᠨ ᠤᠷᠢᠬᠤ ᠬᠦᠴᠦᠨ ᠪᠠ ᠪᠠᠯᠠ ᠮᠥᠩᠭᠦ ᠶᠢᠨ ᠪᠠᠲᠤᠯᠠᠭ᠎ᠠ ᠪᠠᠨ ᠴᠢᠩᠭᠠᠳᠬᠠᠨ᠂ ᠠᠷᠠᠯᠵᠢᠶᠠᠴᠢᠨ ᠤᠷᠢᠬᠤ ᠺᠠᠳ᠋ᠷᠴᠤᠳ ᠤᠨ ᠡᠩᠨᠡᠭᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ 2022 ᠣᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ  ᠭᠡᠵᠦ ᠵᠢᠭᠠᠵᠤ ᠭᠠᠷᠭᠠᠪᠠ᠃         ᠬᠤᠷᠠᠯ ᠠᠴᠠ᠂ ︽ᠤᠯᠠᠭᠠᠨᠬᠠᠳᠠ ᠬᠤᠳᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ︾ ᠶᠢ ᠲᠣᠭᠲᠠᠭᠠᠨ ᠨᠡᠶᠢᠲᠡᠯᠡᠭᠰᠡᠨ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠨᠠᠷᠢᠯᠢᠭ  ᠪᠣᠲᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠭᠠᠨᠬᠠᠳᠠ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ︽ᠲᠥᠯᠥᠪᠵᠢᠭᠦᠯᠭᠡ︾ ᠪᠠᠷ  ᠵᠢᠯᠣᠭᠤᠳᠤᠮᠵᠢ ᠪᠣᠯᠭᠠᠵᠤ᠂ ᠮᠠᠨ ᠤ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠬᠢᠷᠲᠤᠯ ᠦᠭᠡᠢ ᠨᠣᠭᠤᠭᠠᠨ ᠥᠩᠭᠡ ᠶᠢ ᠤᠯᠠᠭᠠᠨᠬᠠᠳᠠ ᠬᠤᠳᠠ ᠶᠢᠨ ᠭᠤᠶᠢᠳᠠ ᠰᠠᠶᠢᠬᠠᠨ ᠰᠠᠭᠤᠷᠢ ᠦᠩᠬᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ᠂ ᠬᠤᠳᠠ ᠶᠢᠨ ᠴᠣᠭᠴᠠ ᠶᠢᠨ ᠪᠠᠶᠢᠴᠠᠭᠠᠯᠲᠠ ᠪᠣᠯ ᠬᠤᠳᠠ ᠶᠢᠨ ᠪᠦᠳᠦᠬᠡᠨ ᠪᠠᠶᠢᠭᠤᠯᠤᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠬᠦ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢ ᠠᠬᠢᠭᠤᠯᠬᠤ᠂ ᠬᠤᠳᠠ ᠶᠢᠨ ᠨᠡᠭᠡᠭᠡᠨ ᠬᠥᠭᠵᠢᠭᠦᠯᠦᠯᠲᠡ ᠪᠦᠳᠦᠬᠡᠨ ᠪᠠᠶᠢᠭᠤᠯᠤᠯᠲᠠ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ ᠭᠦᠢᠴᠡᠳᠬᠡᠬᠦ ᠲᠤᠭ᠎ᠠ ᠶᠢᠨ ᠰᠢᠰᠲ᠋ᠧᠮ ᠲᠠᠢ ᠴᠢᠩᠭ᠎ᠠ ᠬᠠᠷᠢᠴᠠᠭᠤᠯᠵᠤ᠂ ᠪᠣᠳᠠᠲᠠᠢ ᠳᠤ ᠨᠡᠶᠢᠴᠡᠭᠰᠡᠨ ᠪᠥᠭᠡᠳ ᠪᠤᠰᠤᠳᠴᠢ ᠪᠠᠷ ᠴᠣᠭᠴᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ︽ᠬᠤᠳᠠ ᠶᠢᠨ ᠡᠪᠡᠳᠴᠢᠨ︾ ᠢ ᠵᠠᠰᠠᠬᠤ ᠪᠦᠲᠦᠮᠵᠢᠲᠡᠢ ᠠᠷᠭ᠎ᠠ ᠬᠡᠮᠵᠢᠶ᠎ᠡ ᠶᠢ ᠳᠤᠷᠠᠳᠴᠤ ᠂ ᠬᠤᠳᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ  ᠭᠡᠵᠦ ᠵᠢᠭᠠᠵᠤ ᠭᠠᠷᠭᠠᠪᠠ᠃         ᠬᠤᠷᠠᠯ ᠠᠴᠠ᠂ ᠡᠪᠦᠯ ᠤᠨ ᠤᠯᠠᠷᠢᠯ ᠤᠨ ᠳᠤᠯᠠᠭᠠᠯᠭ᠎ᠠ ᠪᠣᠯ ᠤᠮᠠᠷᠠᠲᠤ ᠳᠠᠬᠢ ᠬᠤᠳᠠ  ᠭᠠᠵᠠᠷ  ᠤᠨ ᠬᠠᠮᠤᠭ ᠤᠨ ᠶᠡᠭᠡ ᠠᠷᠠᠳ ᠤᠨ ᠠᠮᠢᠳᠤᠷᠠᠯ  ᠤᠨ ᠠᠰᠠᠭᠤᠳᠠᠯ ᠪᠣᠯᠤᠨ᠎ᠠ᠂ ᠳᠤᠯᠠᠭᠠᠯᠭ᠎ᠠ ᠶᠢ ᠪᠠᠲᠤᠯᠠᠬᠤ ᠪᠣᠯ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠪᠠᠲᠤᠯᠠᠬᠤ ᠶᠢᠨ ᠰᠠᠭᠤᠷᠢ ᠪᠣᠯᠤᠨ᠎ᠠ᠃ ᠡᠨᠡ ᠡᠪᠦᠯ ᠢᠷᠡᠬᠦ ᠬᠠᠪᠤᠷ ᠤᠨ ᠳᠤᠯᠠᠭᠠᠯᠭ᠎ᠠ ᠶᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠨᠥᠭᠡᠴᠡ ᠶᠢᠨ ᠬᠡᠮᠵᠢᠶ᠎ᠡ ᠶᠢ ᠳᠡᠭᠡᠭᠰᠢᠯᠡᠭᠦᠯᠵᠦ᠂  ᠲᠥᠪᠯᠡᠷᠡᠭᠦᠯᠦᠭᠰᠡᠨ ᠳᠤᠯᠠᠭᠠᠯᠭ᠎ᠠ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ᠂ ᠰᠠᠭᠤᠭᠠᠯᠢ ᠠᠷᠠᠳ ᠤᠨ ᠬᠡᠷᠡᠭᠯᠡᠬᠦ ᠢᠯᠴᠢ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠳᠣᠭᠢᠷᠠᠭᠤᠯᠬᠤ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠳᠤᠯᠠᠭᠠᠯᠠᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ  ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ᠂ ᠬᠤᠳᠠ ᠶᠢᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠨᠢ ᠪᠦᠬᠦ ᠬᠤᠳᠠ ᠶᠢᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠬᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠬᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠡᠭᠦᠷᠭᠡ ᠶᠢ ᠡᠭᠦᠷᠭᠡᠯᠡᠵᠦ ᠪᠤᠢ᠃ ᠣᠳᠣᠬᠠᠨ ᠳᠤ᠂ ᠠᠵᠤ  ᠦᠢᠯᠡᠰ ᠤᠨ ᠬᠦᠷᠢᠶᠡᠯᠡᠩ ᠤᠨ ᠭᠤᠤᠯ ᠲᠣᠭᠤᠷᠢᠭ ᠨᠢ ᠨᠢᠭᠡᠨᠲᠡ ᠣᠷᠣᠵᠤ  ᠰᠠᠭᠤᠷᠢᠰᠢᠬᠤ ᠨᠥᠬᠦᠴᠡᠯ ᠢ ᠪᠦᠷᠢᠯᠳᠦᠭᠦᠯᠦᠭᠰᠡᠨ ᠪᠣᠯᠬᠤᠷ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠨᠦᠭᠦᠳ ᠢᠳᠡᠪᠬᠢᠲᠡᠶ ᠪᠠᠷ ᠵᠣᠬᠢᠶᠠᠨ ᠪᠠᠶᠢᠭᠤᠯᠤᠨ᠂ ᠬᠠᠷᠢᠯᠴᠠᠨ ᠬᠠᠮᠵᠢᠯᠴᠠᠵᠤ᠂ ᠨᠥᠬᠦᠴᠡᠯ ᠡᠭᠦᠳᠴᠦ ᠪᠠᠶᠢᠭᠠᠳ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠥᠬᠦᠶ ᠨᠢᠭᠡᠴᠡ ᠶᠢᠨ ᠳᠠᠷᠦ᠋ᠢᠬᠠᠨ ᠣᠷᠣᠵᠤ ᠰᠠᠭᠤᠷᠢᠰᠢᠬᠤ᠂ ᠬᠡᠪ ᠤᠨ ᠶᠣᠰᠣᠭᠠᠷ ᠠᠵᠢᠯ ᠢᠶᠠᠨ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ  ᠴᠢᠬᠤᠯᠠᠴᠢᠯᠠᠪᠠ᠃         ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃         ᠬᠤᠳᠠ ᠶᠢᠨ ᠤᠳᠤᠷᠢᠳᠤᠯᠭ᠎ᠠ ᠬᠤ᠋ ᠴᠢᠩ ᠹᠧᠩ᠂ ᠰᠦᠨ ᠬᠠᠢ ᠲᠤᠤ᠂ ᠭᠦᠸᠧ ᠰᠢ᠂ ᠶᠠᠩ ᠮᠦ᠂ ᠮᠧᠩ ᠰᠢᠶᠤᠤ ᠪᠢᠩ᠂ ᠵᠤᠤ ᡁᠢ ᠭᠠᠩ᠂ ᠸᠠᠩ ᠯᠢ ᠧᠨ ᠬᠤᠷᠠᠯ ᠳᠤ ᠣᠷᠣᠯᠴᠠᠪᠠ᠃    
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ