ᠤᠯᠠᠭᠠᠨᠬᠠᠳᠠ ᠬᠤᠲᠠ ᠶᠢᠨ 2021 ᠣᠨ ᠤ ᠡᠳ᠋ ᠤᠨ ᠵᠠᠰᠠᠭ ᠤᠨ ᠲᠦᠰᠦᠪ ᠢ ᠭᠦᠢᠴᠡᠳᠬᠡᠭᠰᠡᠨ ᠪᠠᠶᠢᠳᠠᠯ ᠪᠠ 2022 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠢ ᠮᠡᠳᠡᠬᠦᠯᠤᠯᠳᠠ ︵  ᠬᠣᠶᠠᠷ︶
ᠨᠡᠶᠢᠲᠡᠯᠡᠭᠰᠡᠨ ᠴᠠᠭ᠄
2022/2/24
      ᠭᠤᠷᠪᠠ᠂ 2022 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ       2022 ᠤᠨ ᠤ ᠡᠳ᠋ ᠤᠨ ᠵᠠᠰᠠᠭ ᠤᠨ ᠲᠥᠰᠦᠪ ᠢ ᠨᠠᠶᠢᠷᠠᠭᠤᠯᠬᠤ ᠵᠢᠯᠣᠭᠤᠳᠬᠤ ᠦᠵᠡᠯ ᠰᠠᠨᠠᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠣᠰᠣᠭᠠᠷ᠂ ᠲᠣᠭᠲᠠᠭᠤᠨ ᠪᠠᠶᠢᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠮᠦᠷᠳᠡᠬᠡᠨ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠠᠶᠢᠵᠢᠮ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠢᠯᠠᠭᠠᠭᠳᠠᠬᠤᠨ ᠢ ᠲᠤᠤᠱᠯᠠᠭᠤᠯᠤᠨ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︔ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠎ᠡ︔ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠰᠠᠶᠢᠲᠤᠷ ᠬᠢᠨ᠎ᠡ︔ ᠡᠳ᠋ ᠤᠨ ᠵᠠᠰᠠᠭ ᠤᠨ ᠵᠠᠷᠤᠯᠭ᠎ᠠ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠲᠥᠰᠦᠪ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠢ ᠲᠦᠷᠬᠡᠨ ᠪᠠᠶᠢᠭᠤᠯᠤᠨ᠎ᠠ︔ ᠲᠥᠰᠦᠪ ᠤᠨ ᠬᠢᠵᠠᠭᠠᠷᠯᠠᠯ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠦᠷᠭᠦᠯᠵᠢᠯᠡᠬᠦ ᠴᠢᠨᠠᠷ ᠢ ᠴᠢᠩᠭᠠᠷᠠᠭᠤᠯᠤᠨ᠎ᠠ᠃        ᠲᠥᠰᠦᠪ ᠤᠨ ᠬᠠᠤᠯᠢ ᠶᠢᠨ ᠲᠣᠭᠲᠠᠭᠠᠯ ᠶᠣᠰᠣᠭᠠᠷ᠂ ᠬᠤᠲᠠ ᠶᠢᠨ ᠵᠠᠰᠠᠭ ᠤᠨ ᠣᠷᠳᠣᠨ 2022 ᠣᠨ ᠤ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠪᠥᠬᠦ ᠬᠤᠲᠠ ᠶᠢᠨ ᠲᠥᠰᠦᠪ ᠤᠨ ᠲᠥᠰᠦᠯ ᠢ ᠬᠤᠷᠢᠶᠠᠩᠭᠤᠶᠢᠯᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠭᠰᠠᠨ ᠠᠭᠤᠯᠭ᠎ᠠ ᠶᠢ ᠦᠨᠳᠦᠰᠦᠯᠡᠨ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠢ ᠪᠠᠶᠢᠷᠢᠯᠠᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠮᠡᠳᠡᠬᠦᠯᠦᠶ᠎ᠡ᠃       ︵ᠨᠢᠭᠡ︶ ᠡᠩ ᠤᠨ ᠤᠯᠠᠨ ᠨᠡᠶᠢᠲᠡ ᠶᠢᠨ ᠲᠥᠰᠦᠪ ᠤᠨ ᠲᠥᠰᠦᠯ᠃      1. ᠪᠦᠬᠦ ᠬᠤᠲᠠ ᠶᠢᠨ ᠡᠩ ᠤᠨ ᠣᠯᠠᠨ ᠨᠡᠶᠢᠳᠠ ᠶᠢᠨ ᠲᠥᠰᠦᠪ ᠤᠨ ᠲᠥᠰᠦᠯ᠃ ᠪᠦᠬᠦ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠵᠢᠱᠢᠯᠲᠡ ᠶᠢ ᠦᠨᠳᠦᠰᠦᠯᠡᠨ᠂ 2022 ᠤᠨ ᠤ ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 135.7 ᠳ᠋ᠦᠩᠰᠢᠭᠤᠷ ᠲᠥᠭᠦᠷᠢᠭ ᠢᠶᠠᠷ ᠵᠢᠱᠢᠵᠦ᠂ ᠲᠡᠭᠡᠷ᠎ᠡ ᠵᠢᠯ ᠠᠴᠠ 8.9 ᠳ᠋ᠦᠩᠰᠢᠭᠤᠷ ᠲᠥᠭᠦᠷᠢᠭ ᠨᠡᠮᠡᠭᠳᠡᠬᠦᠯᠵᠦ᠂ 7%  ᠪᠠᠷ ᠨᠡᠮᠡᠭᠳᠡᠬᠦᠯᠦᠨ᠎ᠡ᠃ ᠡᠭᠦᠨ ᠤ ᠳᠣᠲᠣᠷ᠎ᠠ᠄ ᠭᠠᠶᠢᠯᠢ ᠶᠢᠨ ᠣᠷᠣᠯᠭ᠎ᠠ ᠶᠢ 94.8 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠵᠦ᠂ ᠲᠡᠭᠡᠷ᠎ᠡ ᠵᠢᠯ ᠠᠴᠠ 5.3 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ 5.9% ᠪᠠᠷ ᠨᠡᠮᠡᠭᠳᠡᠭᠦᠯᠦᠨ᠎ᠡ︔ ᠭᠠᠶᠢᠯᠢ ᠶᠢᠨ ᠪᠤᠰᠤ ᠣᠷᠣᠯᠭ᠎ᠠ ᠶᠢ 40.9 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ ᠲᠡᠭᠡᠷ᠎ᠡ ᠵᠢᠯ ᠠᠴᠠ 3.6 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ 9.7% ᠪᠠᠷ ᠨᠡᠮᠡᠭᠳᠡᠭᠦᠯᠦᠨ᠎ᠡ᠃    ᠪᠦᠬᠦ ᠬᠤᠳᠠ ᠶᠢᠨ ᠶᠡᠷᠦᠩᠬᠡᠢ ᠡᠳ᠋ ᠤᠨ ᠬᠦᠴᠦᠨ ᠢ 574.1 ᠳ᠋ᠦᠩᠰᠢᠭᠤᠷ ᠲᠥᠭᠦᠷᠢᠭ ᠢᠶᠠᠷ ᠳᠤᠬᠢᠷᠠᠭᠤᠯᠪᠠ᠃ ᠡᠭᠦᠨ ᠳᠤ᠄ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 135.7 ᠳ᠋ᠦᠩᠰᠢᠭᠤᠷ ᠲᠥᠭᠦᠷᠢᠭ᠂ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 295.2 ᠳ᠋ᠦᠩᠰᠢᠭᠤᠷ ᠲᠥᠭᠦᠷᠢᠭ᠂ ᠰᠢᠯᠵᠢᠭᠦᠯᠦᠨ ᠣᠷᠣᠭᠤᠯᠤᠭᠰᠠᠨ ᠪᠡᠯᠡ ᠮᠥᠩᠭᠦ 75.8 ᠳ᠋ᠦᠩᠰᠢᠭᠤᠷ ᠲᠥᠭᠦᠷᠢᠭ᠂ ᠰᠢᠯᠵᠢᠭᠦᠯᠦᠨ ᠣᠷᠣᠭᠤᠯᠤᠭᠰᠠᠨ ᠲᠥᠰᠦᠪ ᠤᠨ ᠲᠣᠭᠲᠠᠪᠤᠷᠢᠵᠢᠭᠤᠯᠤᠨ ᠲᠤᠬᠢᠷᠠᠭᠤᠯᠤᠭᠰᠠᠨ ᠰᠠᠭᠤᠷᠢ ᠮᠥᠩᠭᠦ 12.4 ᠳ᠋ᠦᠩᠰᠢᠭᠤᠷ ᠲᠥᠭᠦᠷᠢᠭ᠃ ᠳᠡᠬᠡᠷ᠎ᠠ ᠵᠢᠯ ᠤᠨ ᠦᠯᠡᠳᠡᠪᠤᠷᠢ ᠶᠢ ᠰᠢᠯᠵᠢᠬᠦᠯᠦᠭᠰᠡᠨ ᠤᠷᠤᠯᠭ᠎ᠠ 55 ᠳ᠋ᠦᠡᠭᠰᠢᠭᠤᠷ ᠳᠦᠬᠦᠷᠢᠭ ᠣᠷᠣᠯᠭ᠎ᠠ ᠲᠠᠢ ᠬᠠᠷᠠᠭᠠᠯᠵᠠᠭᠤᠯᠤᠨ ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 574.1 ᠳ᠋ᠦᠩᠰᠢᠭᠤᠷ ᠲᠥᠭᠦᠷᠢᠭ ᠲᠣᠬᠢᠷᠠᠭᠤᠯᠪᠠ᠃       2. ᠬᠤᠲᠠ ᠶᠢᠨ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠲᠥᠰᠦᠯ᠃ ᠬᠤᠲᠠ ᠶᠢᠨ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠢᠱᠢᠭᠰᠡᠨ ᠣᠷᠣᠯᠭ᠎ᠠ 13.1 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 1.8 ᠳ᠋ᠦᠩᠰᠢᠭᠤᠷ ᠲᠥᠭᠦᠷᠢᠭ ᠨᠡᠮᠡᠭᠳᠡᠵᠦ᠂ 15.9% ᠪᠠᠷ ᠨᠡᠮᠡᠭᠳᠡᠬᠦᠯᠦᠨ᠎ᠡ᠃ ᠣᠳᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠤᠭᠳᠠᠴᠠ ᠵᠢᠴᠢ ᠣᠷᠣᠯᠭ᠎ᠠ ᠪᠠᠷ ᠬᠤᠪᠢᠶᠠᠷᠢᠯᠠᠪᠠᠯ᠂ ᠬᠤᠲᠠ ᠶᠢᠨ ᠲᠣᠰ ᠱᠠᠲᠤᠨ ᠤ ᠶᠡᠷᠦᠩᠬᠡᠢ ᠡᠳ᠋ ᠤᠨ ᠬᠦᠴᠦᠨ ᠢ 155.5 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠤᠨ᠎ᠠ᠃ ᠡᠭᠦᠨ ᠳᠤ᠄ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 13.1 ᠳ᠋ᠦᠩᠰᠢᠭᠤᠷ ᠲᠥᠭᠦᠷᠢᠭ᠂ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 42.7 ᠳ᠋ᠦᠩᠰᠢᠭᠤᠷ ᠲᠥᠭᠦᠷᠢᠭ᠂ ᠳᠤᠤᠷᠠᠳᠤ ᠱᠠᠲᠤᠨ ᠤ ᠳᠡᠭᠡᠭᠰᠢ ᠲᠤᠰᠢᠶᠠᠭᠰᠠᠨ ᠣᠷᠣᠯᠭ᠎ᠠ 57.9 ᠳ᠋ᠦᠩᠰᠢᠭᠤᠷ ᠲᠥᠭᠦᠷᠢᠭ᠂ ᠰᠢᠯᠵᠢᠭᠦᠯᠦᠨ ᠣᠷᠣᠭᠤᠯᠤᠭᠰᠠᠨ ᠪᠠᠯᠠ ᠮᠥᠩᠭᠦ 3.3 ᠳ᠋ᠦᠩᠰᠢᠭᠤᠷ ᠲᠥᠭᠦᠷᠢᠭ᠂ ᠰᠢᠯᠵᠢᠭᠦᠯᠦᠨ ᠣᠷᠣᠭᠤᠯᠤᠭᠰᠠᠨ ᠲᠥᠰᠦᠪ ᠤᠨ ᠲᠤᠭᠳᠠᠪᠤᠷᠢᠵᠢᠭᠤᠯᠤᠨ ᠲᠤᠬᠢᠷᠠᠭᠤᠯᠤᠭᠰᠠᠨ ᠰᠠᠭᠤᠷᠢ ᠮᠥᠩᠭᠦ 5 ᠳ᠋ᠦᠩᠰᠢᠭᠤᠷ ᠲᠥᠭᠦᠷᠢᠭ ᠪᠤᠯᠭᠠᠵᠤ᠂ ᠲᠡᠭᠡᠷ᠎ᠡ ᠵᠢᠯ ᠤᠨ ᠦᠯᠡᠳᠡᠪᠤᠷᠢ ᠶᠢ ᠰᠢᠯᠵᠢᠬᠦᠯᠦᠭᠰᠡᠨ ᠤᠷᠤᠯᠭ᠎ᠠ 33.5 ᠳ᠋ᠦᠩᠰᠢᠭᠤᠷ ᠲᠥᠭᠦᠷᠢᠭ᠃ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠢ ᠦᠨᠳᠦᠰᠦᠯᠡᠨ᠂ ᠡᠩ ᠤᠨ ᠤᠯᠠᠨ ᠨᠡᠶᠢᠲᠡ ᠶᠢᠨ ᠲᠥᠰᠦᠪ ᠤᠨ ᠪᠦᠬᠦ ᠵᠠᠷᠤᠯᠭ᠎ᠠ ᠶᠢ 155.5 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠪᠠ᠃      3. ᠬᠤᠲᠠ ᠶᠢᠨ ᠲᠣᠰ ᠱᠠᠲᠤᠨ ᠤ ᠡᠩ ᠤᠨ ᠣᠯᠠᠨ ᠨᠡᠶᠢᠳᠠ ᠶᠢᠨ ᠲᠥᠰᠦᠪ ᠤᠨ ᠵᠠᠷᠤᠯᠭ᠎ᠠ ᠶᠢᠨ ᠠᠵᠤ ᠠᠬᠤᠢ ᠶᠢᠨ ᠲᠥᠷᠦᠯ ᠬᠤᠪᠢᠶᠠᠭᠰᠠᠨ ᠲᠥᠰᠦᠪ ᠤᠨ ᠲᠥᠰᠦᠯ᠃ ᠵᠠᠰᠠᠭ ᠤᠨ ᠣᠷᠳᠣᠨ ᠤ ᠲᠥᠰᠦᠪ ᠤᠨ ᠵᠠᠷᠤᠯᠭ᠎ᠠ ᠶᠢᠨ ᠠᠵᠤ ᠠᠬᠤᠶ ᠶᠢᠨ ᠲᠥᠷᠥᠯ ᠢ ᠦᠨᠳᠦᠰᠦᠯᠡᠨ ᠬᠤᠪᠢᠶᠠᠷᠢᠯᠠᠪᠠᠯ᠄ ᠪᠠᠶᠢᠭᠤᠯᠭ᠎ᠠ ᠶᠢᠨ ᠴᠠᠯᠢᠩ ᠠᠰᠠᠷᠠᠮᠵᠢ ᠶᠢᠨ ᠵᠠᠷᠤᠯᠭ᠎ᠠ 9.9 ᠳ᠋ᠦᠩᠰᠢᠭᠤᠷ ᠲᠥᠭᠦᠷᠢᠭ᠂ ᠪᠠᠶᠢᠭᠤᠯᠭ᠎ᠠ ᠶᠢᠨ ᠪᠠᠷᠠᠭ᠎ᠠ ᠲᠠᠸᠠᠷ ᠪᠣᠯᠤᠨ ᠦᠢᠯᠡᠴᠢᠯᠡᠬᠡᠨ ᠤ ᠵᠠᠷᠤᠯᠭ᠎ᠠ 22.3 ᠳ᠋ᠦᠩᠰᠢᠭᠤᠷ ᠲᠥᠭᠦᠷᠢᠭ᠂ ᠪᠠᠶᠢᠭᠤᠯᠭ᠎ᠠ ᠶᠢᠨ ᠬᠥᠷᠥᠩᠭᠡ ᠶᠢᠨ ᠴᠢᠨᠠᠷᠲᠠᠶ ᠵᠠᠷᠤᠯᠭ᠎ᠠ 15.6 ᠳ᠋ᠦᠩᠰᠢᠭᠤᠷ ᠲᠥᠭᠦᠷᠢᠭ᠂ ᠠᠵᠢᠯ ᠦᠢᠯᠡᠰ ᠤᠨ ᠨᠢᠭᠡᠴᠡ ᠶᠢᠨ ᠪᠠᠶᠢᠩᠭᠤ ᠶᠢᠨ ᠴᠢᠨᠠᠷᠲᠠᠶ ᠨᠥᠬᠦᠪᠥᠷᠢ 26.1 ᠳ᠋ᠦᠩᠰᠢᠭᠤᠷ ᠲᠥᠭᠦᠷᠢᠭ᠂ ᠠᠵᠢᠯ ᠦᠢᠯᠡᠰ ᠤᠨ ᠨᠢᠭᠡᠴᠡ ᠶᠢᠨ ᠬᠥᠷᠥᠩᠭᠡ ᠶᠢᠨ ᠴᠢᠨᠠᠷᠲᠠᠶ ᠨᠥᠬᠦᠪᠥᠷᠢ 8.6 ᠳ᠋ᠦᠩᠰᠢᠭᠤᠷ ᠲᠥᠭᠦᠷᠢᠭ᠂ ᠠᠵᠤ ᠠᠬᠤᠶᠢᠯᠠᠯ ᠳᠤ ᠦᠭᠬᠦ ᠨᠥᠬᠦᠪᠥᠷᠢ 10.2 ᠳ᠋ᠦᠩᠰᠢᠭᠤᠷ ᠲᠥᠭᠦᠷᠢᠭ᠂ ᠬᠤᠪᠢ ᠬᠥᠮᠦᠨ ᠪᠠ ᠭᠡᠷ ᠪᠦᠯᠢ ᠶᠢᠨ ᠨᠦᠬᠦᠪᠦᠷᠢ 5.2 ᠳ᠋ᠦᠩᠰᠢᠭᠤᠷ ᠲᠥᠭᠦᠷᠢᠭ ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠳᠤ ᠦᠭᠬᠦ ᠨᠥᠬᠦᠪᠥᠷᠢ 17.7 ᠳ᠋ᠦᠩᠰᠢᠭᠤᠷ ᠲᠥᠭᠦᠷᠢᠭ᠂ ᠦᠷᠢ ᠥᠭᠴᠡᠭᠡᠨ ᠤ ᠬᠦᠦ ᠮᠥᠩᠭᠦ ᠵᠢᠴᠢ ᠵᠠᠷᠤᠳᠠᠯ ᠤᠨ ᠵᠠᠷᠤᠯᠭ᠎ᠠ 3.2 ᠳ᠋ᠦᠩᠰᠢᠭᠤᠷ ᠲᠥᠭᠦᠷᠢᠭ᠂ ᠰᠢᠯᠵᠢᠯᠳᠡ ᠶᠢᠨ ᠴᠢᠨᠠᠷᠲᠠᠶ ᠵᠠᠷᠤᠯᠭ᠎ᠠ 7.8 ᠳ᠋ᠦᠩᠰᠢᠭᠤᠷ ᠲᠥᠭᠦᠷᠢᠭ᠂ ᠪᠡᠯᠡᠳᠬᠡᠯ ᠵᠠᠷᠤᠳᠠᠯ ᠵᠢᠴᠢ ᠤᠷᠢᠳᠴᠢᠯᠠᠨ ᠦᠯᠡᠳᠡᠭᠡᠭᠰᠡᠨ 3 ᠳ᠋ᠦᠩᠰᠢᠭᠤᠷ ᠲᠥᠭᠦᠷᠢᠭ᠂ ᠪᠤᠰᠤᠳ ᠵᠠᠷᠤᠯᠭ᠎ᠠ 23.7 ᠳ᠋ᠦᠩᠰᠢᠭᠤᠷ ᠲᠥᠭᠦᠷᠢᠭ ᠲᠤᠬᠢᠷᠠᠭᠤᠯᠪᠠ᠃ ᠰᠠᠯᠠᠭ᠎ᠠ ᠮᠥᠴᠢᠷ ᠤᠨ ᠲᠥᠰᠦᠪ ᠤᠨ ᠵᠠᠷᠤᠯᠭ᠎ᠠ ᠶᠢᠨ ᠠᠵᠤ ᠠᠬᠤᠢ ᠶᠢᠨ ᠲᠦᠷᠦᠯ ᠢ ᠦᠨᠳᠦᠰᠦᠯᠡᠨ ᠬᠤᠪᠢᠶᠠᠷᠢᠯᠠᠪᠠᠯ᠄ ᠴᠠᠯᠢᠩ ᠠᠰᠠᠷᠠᠮᠵᠢ ᠶᠢᠨ ᠵᠠᠷᠤᠯᠭ᠎ᠠ 24.5 ᠳ᠋ᠦᠩᠰᠢᠭᠤᠷ ᠲᠥᠭᠦᠷᠢᠭ ᠂ ᠪᠠᠷᠠᠭ᠎ᠠ ᠲᠠᠸᠠᠷ ᠪᠠ ᠦᠢᠯᠡᠴᠢᠯᠡᠭᠡᠨ ᠤ ᠵᠠᠷᠤᠯᠭ᠎ᠠ 47.6 ᠳ᠋ᠦᠩᠰᠢᠭᠤᠷ ᠲᠥᠭᠦᠷᠢᠭ᠂ ᠬᠤᠪᠢ ᠬᠥᠮᠦᠨ ᠪᠤᠯᠤᠨ ᠭᠡᠷ ᠪᠦᠯᠢ ᠶᠢᠨ ᠨᠥᠬᠦᠪᠥᠷᠢ 13.5 ᠳ᠋ᠦᠩᠰᠢᠭᠤᠷ ᠲᠥᠭᠦᠷᠢᠭ᠂ ᠦᠷᠢ ᠦᠭᠴᠡᠭᠡ ᠶᠢᠨ ᠬᠦᠦ ᠮᠥᠩᠭᠦ ᠵᠢᠴᠢ ᠵᠠᠷᠤᠳᠠᠯ ᠤᠨ ᠵᠠᠷᠤᠯᠭ᠎ᠠ 3.2 ᠳ᠋ᠦᠩᠰᠢᠭᠤᠷ ᠲᠥᠭᠦᠷᠢᠭ᠂ ᠬᠦᠷᠦᠩᠭᠡ ᠶᠢᠨ ᠴᠢᠨᠠᠷᠲᠠᠢ ᠵᠠᠷᠤᠯᠭ᠎ᠠ 36.6 ᠳ᠋ᠦᠩᠰᠢᠭᠤᠷ ᠲᠥᠭᠦᠷᠢᠭ᠂ ᠠᠵᠤ ᠠᠬᠤᠶᠢᠯᠠᠯ ᠳᠤ ᠣᠯᠭᠤᠬᠤ ᠨᠥᠬᠦᠪᠥᠷᠢ 10.2 ᠳ᠋ᠦᠩᠰᠢᠭᠤᠷ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠳᠤ ᠣᠯᠭᠤᠬᠤ ᠨᠥᠬᠦᠪᠥᠷᠢ 17.7 ᠳ᠋ᠦᠩᠰᠢᠭᠤᠷ ᠲᠥᠭᠦᠷᠢᠭ ᠪᠣᠯᠤᠨ᠎ᠠ᠃     4. ᠬᠤᠲᠠ ᠶᠢᠨ ᠲᠣᠰ ᠱᠠᠲᠤᠨ ᠤ ᠡᠩ ᠤᠨ ᠣᠯᠠᠨ ᠨᠡᠶᠢᠳᠠ ᠶᠢᠨ ᠲᠥᠰᠦᠪ ᠤᠨ ᠵᠠᠷᠤᠯᠭ᠎ᠠ ᠶᠢᠨ ᠴᠢᠳᠠᠮᠵᠢ ᠶᠢᠨ ᠲᠥᠷᠦᠯ ᠵᠦᠢᠯ ᠤᠨ ᠲᠥᠰᠦᠪ ᠤᠨ ᠲᠥᠰᠦᠯ᠃ ᠵᠠᠷᠤᠯᠭ᠎ᠠ ᠶᠢᠨ ᠬᠡᠪᠴᠢᠶ᠎ᠡ ᠪᠠᠷ ᠨᠡᠯᠢᠶᠡᠳ ᠶᠡᠭᠡ ᠲᠥᠷᠥᠯ ᠵᠦᠢᠯ ᠪᠤᠯ᠄ ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 9.8 ᠳ᠋ᠦᠩᠰᠢᠭᠤᠷ ᠲᠥᠭᠦᠷᠢᠭ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 10.6 ᠳ᠋ᠦᠩᠰᠢᠭᠤᠷ ᠲᠥᠭᠦᠷᠢᠭ᠂ ᠰᠤᠷᠭᠠᠨ ᠬᠥᠮᠦᠵᠢᠯ ᠤᠨ ᠵᠠᠷᠤᠯᠭ᠎ᠠ 14.9 ᠳ᠋ᠦᠩᠰᠢᠭᠤᠷ ᠲᠥᠭᠦᠷᠢᠭ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠤᠯᠠᠮᠵᠢᠯᠠᠯᠳᠤ ᠵᠠᠭᠤᠴᠢᠯᠠᠭᠤᠷ ᠤᠨ ᠵᠠᠷᠤᠯᠭ᠎ᠠ 4.2 ᠳ᠋ᠦᠩᠰᠢᠭᠤᠷ ᠲᠥᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 11.8 ᠳ᠋ᠦᠩᠰᠢᠭᠤᠷ ᠲᠥᠭᠦᠷᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 22.9 ᠳ᠋ᠦᠩᠰᠢᠭᠤᠷ ᠲᠥᠭᠦᠷᠢᠭ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ᠂ ᠡᠬᠢ ᠪᠠᠶᠠᠯᠢᠭ ᠢ ᠬᠠᠶᠢᠨ ᠰᠢᠨᠵᠢᠯᠡᠬᠦ ᠮᠡᠳᠡᠭᠡ ᠵᠠᠩᠭᠢ᠂ ᠪᠠᠶᠢᠭᠠᠯᠢ ᠶᠢᠨ ᠡᠬᠢ ᠪᠠᠶᠠᠯᠢᠭ ᠳᠠᠯᠠᠢ ᠲᠠᠩᠭᠢᠰ ᠤᠨ ᠴᠠᠭ ᠠᠭᠤᠷ ᠵᠡᠷᠭᠡ ᠶᠢᠨ ᠵᠠᠷᠤᠯᠭ᠎ᠠ 4.8 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ 19.8 ᠳ᠋ᠦᠩᠰᠢᠭᠤᠷ ᠲᠥᠭᠦᠷᠢᠭ᠂ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 26.2 ᠳ᠋ᠦᠩᠰᠢᠭᠤᠷ ᠲᠥᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 17.2 ᠳ᠋ᠦᠩᠰᠢᠭᠤᠷ ᠲᠥᠭᠦᠷᠢᠭ᠂ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 1.8 ᠳ᠋ᠦᠩᠰᠢᠭᠤᠷ ᠲᠥᠭᠦᠷᠢᠭ᠂ ᠦᠷᠢ ᠦᠭᠴᠡᠭᠡ ᠶᠢᠨ ᠬᠦᠦ ᠮᠥᠩᠭᠦ ᠶᠢᠨ ᠵᠠᠷᠤᠯᠭ᠎ᠠ 3 ᠳ᠋ᠦᠩᠰᠢᠭᠤᠷ ᠲᠥᠭᠦᠷᠢᠭ᠃       ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠲᠥᠰᠦᠯ ᠪᠦᠬᠦ ᠬᠤᠳᠠ ᠶᠢᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠢᠱᠢᠭᠰᠡᠨ ᠣᠷᠣᠯᠭ᠎ᠠ 194.4 ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠤᠨ ᠬᠢ ᠠᠴᠠ 125.6 ᠳ᠋ᠦᠩᠰᠢᠭᠤᠷ ᠲᠥᠭᠦᠷᠢᠭ ᠨᠡᠮᠡᠭᠳᠡᠵᠦ᠂ 182.6% ᠪᠠᠷ ᠨᠡᠮᠡᠭᠳᠡᠪᠡ᠃ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 3344 ᠲᠦᠮᠡᠨ ᠲᠥᠭᠦᠷᠢᠭ᠃ ᠲᠡᠭᠡᠷ᠎ᠡ ᠵᠢᠯ ᠠᠴᠠ ᠳ᠋ᠦᠩᠨᠡᠨ ᠰᠢᠯᠵᠢᠬᠦᠯᠦᠭᠰᠡᠨ ᠤᠷᠤᠯᠭ᠎ᠠ 23.7 ᠳ᠋ᠦᠩᠰᠢᠭᠤᠷ ᠲᠦᠭᠦᠷᠢᠭ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ 156 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠵᠦ᠂ ᠲᠡᠭᠡᠷ᠎ᠡ ᠵᠢᠯ ᠤᠨ ᠬᠢ ᠠᠴᠠ 87.9 ᠳ᠋ᠦᠩᠰᠢᠭᠤᠷ ᠲᠥᠭᠦᠷᠢᠭ ᠨᠡᠮᠡᠭᠳᠡᠵᠦ᠂ 129.1% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠲᠤ ᠰᠢᠯᠵᠢᠭᠦᠯᠦᠨ ᠤᠷᠤᠭᠤᠯᠬᠤ ᠵᠠᠷᠤᠯᠭ᠎ᠠ ᠶᠢ 54.7 ᠳ᠋ᠦᠩᠰᠢᠭᠤᠷ ᠲᠥᠭᠦᠷᠢᠭ ᠲᠤᠬᠢᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠪᠤᠴᠠᠭᠠᠭᠰᠠᠨ ᠵᠠᠷᠤᠯᠭ᠎ᠠ 7.7 ᠳ᠋ᠦᠩᠰᠢᠭᠤᠷ ᠲᠥᠭᠦᠷᠢᠭ᠃ ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠢᠱᠢᠭᠰᠡᠨ ᠣᠷᠣᠯᠭ᠎ᠠ 39.2 ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠤᠨ ᠬᠢ ᠠᠴᠠ 12 .6 ᠳ᠋ᠦᠩᠰᠢᠭᠤᠷ ᠲᠥᠭᠦᠷᠢᠭ ᠨᠡᠮᠡᠭᠳᠡᠵᠦ᠂ 47.2% ᠪᠠᠷ ᠨᠡᠮᠡᠭᠳᠡᠪᠡ᠃ ᠡᠭᠦᠨ ᠳᠤ᠂ ᠤᠯᠤᠰ ᠤᠨ ᠦᠮᠴᠢᠯᠡᠯᠳᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ 33.1 ᠳ᠋ᠦᠩᠰᠢᠭᠤᠷ ᠲᠥᠭᠦᠷᠢᠭ᠃ ᠲᠡᠭᠡᠳᠦ ᠱᠠᠳᠣᠨ ᠤ ᠨᠦᠬᠦᠪᠦᠷᠢ ᠶᠢᠨ ᠤᠷᠤᠯᠭ᠎ᠠ 1219 ᠲᠦᠮᠡᠨ ᠲᠦᠭᠦᠷᠢᠭ᠃ ᠳᠡᠭᠡᠭᠰᠢ ᠲᠤᠰᠢᠶᠠᠭᠰᠠᠨ ᠣᠷᠣᠯᠭ᠎ᠠ 7.6 ᠳ᠋ᠦᠩᠰᠢᠭᠤᠷ ᠲᠥᠭᠦᠷᠢᠭ᠃ ᠲᠡᠭᠡᠷ᠎ᠡ ᠵᠢᠯ ᠠᠴᠠ ᠦᠯᠡᠳᠡᠪᠤᠷᠢ ᠮᠦᠡᠭᠬᠦ ᠶᠢ ᠰᠢᠯᠵᠢᠬᠦᠯᠦᠭᠰᠡᠨ ᠤᠷᠤᠯᠭ᠎ᠠ 9.6 ᠳ᠋ᠦᠩᠰᠢᠭᠤᠷ ᠲᠦᠭᠦᠷᠢᠭ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ 54.7 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠵᠦ᠂ ᠲᠡᠭᠡᠷ᠎ᠡ ᠵᠢᠯ ᠤᠨ ᠬᠢ ᠠᠴᠠ 27.3 ᠳ᠋ᠦᠩᠰᠢᠭᠤᠷ ᠲᠥᠭᠦᠷᠢᠭ ᠨᠡᠮᠡᠭᠳᠡᠵᠦ᠂ 99.6% ᠪᠠᠷ ᠨᠡᠮᠡᠭᠳᠡᠪᠡ᠃ ᠤᠷᠤᠨ ᠨᠤᠲᠤᠭ ᠤᠨ ᠵᠠᠰᠠᠭ ᠤᠨ ᠤᠷᠳᠤᠨ ᠤ ᠲᠤᠰᠬᠠᠢ ᠲᠦᠷᠦᠯ ᠤᠨ ᠥᠷᠢ ᠥᠭᠴᠡᠭᠡ ᠶᠢ ᠪᠤᠴᠠᠭᠠᠬᠤ ᠵᠠᠷᠤᠯᠭ᠎ᠠ 5500 ᠲᠦᠮᠡᠨ ᠲᠦᠭᠦᠷᠢᠭ᠃ ᠡᠩ ᠤᠨ ᠣᠯᠠᠨ ᠨᠡᠶᠢᠲᠡ ᠶᠢᠨ ᠲᠥᠰᠦᠪ ᠲᠤ ᠰᠢᠯᠵᠢᠬᠦᠯᠦᠨ ᠤᠷᠤᠭᠤᠯᠬᠤ ᠵᠠᠷᠤᠯᠭ᠎ᠠ ᠶᠢ 1.3 ᠳ᠋ᠦᠩᠰᠢᠭᠤᠷ ᠲᠥᠭᠦᠷᠢᠭ ᠲᠤᠬᠢᠷᠠᠭᠤᠯᠪᠠ᠃       ︵ᠭᠤᠷᠪᠠ︶ ᠤᠯᠤᠰ ᠤᠨ ᠦᠮᠴᠢᠯᠡᠯᠳᠦ ᠭᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠲᠥᠰᠦᠯ ᠪᠦᠬᠦ ᠬᠤᠲᠠ ᠶᠢᠨ ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠢᠱᠢᠭᠰᠡᠨ ᠣᠷᠣᠯᠭ᠎ᠠ 17.8 ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠤᠨ ᠬᠢ ᠠᠴᠠ 1.4 ᠳ᠋ᠦᠩᠰᠢᠭᠤᠷ ᠲᠥᠭᠦᠷᠢᠭ ᠨᠡᠮᠡᠭᠳᠡᠵᠦ᠂ 8.5% ᠨᠡᠮᠡᠭᠳᠡᠪᠡ᠃ ᠡᠭᠦᠨ ᠳᠤ᠄ ᠠᠰᠢᠭ ᠬᠤᠨᠵᠢᠪᠣᠷᠢ ᠶᠢᠨ ᠣᠷᠣᠯᠭ᠎ᠠ 2576 ᠲᠦᠮᠡᠨ ᠲᠥᠭᠦᠷᠢᠭ᠂ ᠰᠲ᠋ᠤᠺ ᠤᠨ ᠠᠰᠢᠭ᠂ ᠰᠲ᠋ᠤᠺ ᠤᠨ ᠬᠦᠦ ᠮᠥᠩᠭᠦ ᠶᠢᠨ ᠣᠷᠣᠯᠭ᠎ᠠ 1.6 ᠳ᠋ᠦᠩᠰᠢᠭᠤᠷ ᠲᠥᠭᠦᠷᠢᠭ᠂ ᠥᠮᠴᠢᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ 3 ᠳ᠋ᠦᠩᠰᠢᠭᠤᠷ ᠲᠥᠭᠦᠷᠢᠭ᠂ ᠪᠤᠰᠤᠳ ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 12.9 ᠳ᠋ᠦᠩᠰᠢᠭᠤᠷ ᠲᠥᠭᠦᠷᠢᠭ᠃ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 942 ᠲᠦᠮᠡᠨ ᠲᠥᠭᠦᠷᠢᠭ᠃ ᠳᠡᠭᠡᠷ᠎ᠡ ᠵᠢᠯ ᠤᠨ ᠦᠯᠡᠳᠡᠪᠤᠷᠢ ᠮᠦᠡᠭᠬᠦ ᠶᠢ ᠰᠢᠯᠵᠢᠭᠦᠯᠦᠭᠰᠡᠨ ᠣᠷᠣᠯᠭ᠎ᠠ 2869 ᠲᠦᠮᠡᠨ ᠲᠥᠭᠦᠷᠢᠭ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ 1.3 ᠳ᠋ᠦᠩᠰᠢᠭᠤᠷ ᠲᠥᠭᠦᠷᠢᠭ ᠲᠤᠬᠢᠷᠠᠭᠤᠯᠵᠠᠢ᠂ ᠡᠭᠦᠨ ᠳᠤ᠄ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠵᠢᠴᠢ ᠥᠭᠡᠷᠡᠴᠢᠯᠡᠯᠲᠡ ᠶᠢᠨ ᠥᠪᠡᠷ ᠤᠨ ᠥᠷᠲᠡᠭ ᠤᠨ ᠵᠠᠷᠤᠯᠭ᠎ᠠ 890 ᠲᠦᠮᠡᠨ ᠲᠥᠭᠦᠷᠢᠭ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠮᠥᠩᠭᠦ ᠳᠤ 2445 ᠲᠦᠮᠡᠨ ᠲᠥᠭᠦᠷᠢᠭ ᠣᠷᠣᠭᠤᠯᠵᠤ᠂ ᠪᠤᠰᠤᠳ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ 9189 ᠲᠦᠮᠡᠨ ᠲᠥᠭᠦᠷᠢᠭ ᠲᠤᠬᠢᠷᠠᠭᠤᠯᠪᠠ᠃ ᠡᠩ ᠤᠨ ᠣᠯᠠᠨ ᠨᠡᠶᠢᠲᠡ ᠶᠢᠨ ᠲᠥᠰᠦᠪ ᠲᠤ ᠰᠢᠯᠵᠢᠬᠦᠯᠦᠨ ᠤᠷᠤᠭᠤᠯᠬᠤ ᠵᠠᠷᠤᠯᠭ᠎ᠠ ᠶᠢ 16.9 ᠳ᠋ᠦᠩᠰᠢᠭᠤᠷ ᠲᠥᠭᠦᠷᠢᠭ ᠲᠤᠬᠢᠷᠠᠭᠤᠯᠪᠠ᠃       ᠬᠤᠲᠠ ᠶᠢᠨ ᠲᠣᠰ ᠱᠠᠲᠤᠨ ᠤ ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠢᠱᠢᠭᠰᠡᠨ ᠤᠷᠤᠯᠭ᠎ᠠ 146 ᠲᠦᠮᠡᠨ ᠲᠥᠭᠦᠷᠢᠭ᠂ ᠲᠡᠭᠡᠷ᠎ᠡ ᠵᠢᠯ ᠤᠨ ᠬᠢ ᠠᠴᠠ 15.1 ᠳ᠋ᠦᠩᠰᠢᠭᠤᠷ ᠲᠥᠭᠦᠷᠢᠭ ᠬᠠᠰᠤᠭᠳᠠᠪᠠ᠃ ᠲᠡᠭᠡᠷ᠎ᠡ ᠵᠢᠯ ᠠᠴᠠ ᠦᠯᠡᠳᠡᠪᠤᠷᠢ ᠮᠦᠡᠭᠬᠦ ᠶᠢ ᠰᠢᠯᠵᠢᠬᠦᠯᠦᠭᠰᠡᠨ ᠤᠷᠤᠯᠭ᠎ᠠ 2308 ᠲᠦᠮᠡᠨ ᠲᠦᠭᠦᠷᠢᠭ᠃ ᠤᠯᠤᠰ ᠤᠨ ᠦᠮᠴᠢᠯᠡᠯᠳᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ 2410 ᠲᠦᠮᠡᠨ ᠲᠥᠭᠦᠷᠢᠭ ᠲᠣᠬᠢᠷᠠᠭᠤᠯᠵᠤ᠂ ᠭᠤᠣᠯᠳᠠᠭᠤ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠪᠦᠯᠦᠭᠯᠡᠯ ᠵᠡᠷᠭᠡ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠬᠥᠷᠥᠩᠭᠡ ᠮᠥᠩᠭᠦ ᠶᠢᠨ ᠬᠦᠷᠦᠯᠴᠡᠬᠦ ᠦᠭᠡᠢ ᠶᠢ ᠨᠥᠬᠦᠪᠥᠷᠢᠯᠡᠬᠦ ᠳᠤ ᠬᠡᠷᠡᠭᠯᠡᠨ᠎ᠡ᠃ ᠡᠩ ᠤᠨ ᠣᠯᠠᠨ ᠨᠡᠶᠢᠲᠡ ᠶᠢᠨ ᠲᠥᠰᠦᠪ ᠲᠤ ᠰᠢᠯᠵᠢᠬᠦᠯᠦᠨ ᠤᠷᠤᠭᠤᠯᠬᠤ ᠵᠠᠷᠤᠯᠭ᠎ᠠ 44 ᠲᠦᠮᠡᠨ ᠲᠥᠭᠦᠷᠢᠭ᠃        ︵ᠳᠥᠷᠪᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠲᠥᠰᠦᠯ ᠪᠦᠬᠦ ᠬᠤᠲᠠ ᠶᠢᠨ ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠢᠱᠢᠭᠰᠡᠨ ᠣᠷᠣᠯᠭ᠎ᠠ 143.9 ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠠᠴᠠ ᠳ᠋ᠦᠩᠨᠡᠨ ᠰᠢᠯᠵᠢᠭᠦᠯᠦᠭᠰᠡᠨ ᠣᠷᠣᠯᠭ᠎ᠠ 97.8 ᠳ᠋ᠦᠩᠰᠢᠭᠤᠷ ᠲᠥᠭᠦᠷᠢᠭ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 126.2 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠵᠤ᠂ ᠭᠤᠣᠯᠳᠠᠭᠤ ᠬᠤᠳᠠ ᠬᠥᠳᠡᠭᠡ ᠶᠢᠨ ᠰᠠᠭᠤᠭᠠᠯᠢ ᠠᠷᠠᠳ ᠪᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ᠂ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶᠂ ᠠᠵᠢᠯ ᠤᠨ ᠰᠢᠷᠬᠠᠳᠤᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠳᠤ ᠬᠡᠷᠡᠭᠯᠡᠨ᠎ᠡ᠃        ᠬᠤᠲᠠ ᠶᠢᠨ ᠲᠣᠰ ᠱᠠᠲᠤᠨ ᠤ ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠢᠱᠢᠭᠰᠡᠨ ᠣᠷᠣᠯᠭ᠎ᠠ 79.6 ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ 67.4 ᠳ᠋ᠦᠩᠰᠢᠭᠤᠷ ᠲᠥᠭᠦᠷᠢᠭ᠃ ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 68.1 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ ᠭᠤᠣᠯᠳᠠᠭᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶᠂ ᠠᠵᠢᠯ ᠤᠨ ᠰᠢᠷᠬᠠᠳᠤᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠳᠤ ᠬᠡᠷᠡᠭᠯᠡᠨ᠎ᠡ᠃ ᠡᠭᠦᠨ ᠳᠤ᠄ ᠡᠮ ᠡᠮᠨᠡᠯᠭᠡ ᠶᠢᠨ ᠳᠠᠭᠠᠳᠬᠠᠯ᠂ ᠠᠵᠢᠯ ᠤᠨ ᠰᠢᠷᠬᠠᠳᠤᠯ ᠤᠨ ᠳᠠᠭᠠᠳᠬᠠᠯ ᠪᠠ ᠠᠵᠢᠯ ᠠᠯᠳᠠᠯᠲᠠ ᠶᠢᠨ ᠳᠠᠭᠠᠳᠬᠠᠯ ᠢ ᠬᠤᠲᠠ ᠶᠢᠨ ᠱᠠᠲᠤᠨ ᠠᠴᠠ ᠨᠢᠭᠡᠳᠦᠯᠲᠡᠶ ᠲᠦᠯᠦᠪᠵᠢᠬᠦᠯᠦᠨ᠎ᠡ᠃        ︵ᠲᠠᠪᠤ︶ ᠬᠤᠰᠢᠭᠤ ᠰᠢᠶᠠᠨ ᠲᠣᠭᠤᠷᠢᠭ ᠲᠤ ᠰᠢᠯᠵᠢᠭᠦᠯᠦᠨ ᠥᠭᠬᠦ ᠡᠩ ᠤᠨ ᠣᠯᠠᠨ ᠨᠡᠶᠢᠲᠡ ᠶᠢᠨ ᠲᠥᠰᠦᠪ ᠤᠨ ᠬᠤᠰᠢᠭᠤ ᠰᠢᠶᠠᠨ ᠲᠣᠭᠤᠷᠢᠭ ᠲᠤ ᠰᠢᠯᠵᠢᠭᠦᠯᠦᠨ ᠥᠭᠬᠦ ᠵᠠᠷᠤᠯᠭ᠎ᠠ ᠶᠢ 243.6 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠡᠭᠦᠨ ᠳᠤ᠄ ᠲᠥᠪ ᠪᠠ ᠥᠪᠡᠷᠲᠡᠭᠡᠨ ᠵᠠᠰᠠᠬᠤ ᠣᠷᠣᠨ ᠤ 242.5 ᠳ᠋ᠦᠩᠰᠢᠭᠤᠷ ᠲᠥᠭᠦᠷᠢᠭ᠂ ᠬᠤᠲᠠ ᠶᠢᠨ ᠲᠣᠰ ᠱᠠᠲᠤᠨ ᠤ 1.1 ᠳ᠋ᠦᠩᠰᠢᠭᠤᠷ ᠲᠥᠭᠦᠷᠢᠭ᠃ ᠰᠢᠯᠵᠢᠭᠦᠯᠦᠨ ᠥᠭᠬᠦ ᠲᠦᠷᠦᠯ ᠢᠶᠠᠷ ᠬᠤᠪᠢᠶᠠᠪᠠᠯ᠂ ᠡᠩ ᠤᠨ ᠴᠢᠨᠠᠷᠲᠠᠢ ᠰᠢᠯᠵᠢᠭᠦᠯᠦᠨ ᠥᠭᠬᠦ ᠵᠣᠭᠤᠰ 238.1 ᠳ᠋ᠦᠩᠰᠢᠭᠤᠷ ᠲᠥᠭᠦᠷᠢᠭ᠂ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠵᠣᠭᠤᠰ 5.5 ᠳ᠋ᠦᠩᠰᠢᠭᠤᠷ ᠲᠥᠭᠦᠷᠢᠭ ᠪᠣᠯᠤᠨ᠎ᠠ᠃        ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠤᠰᠢᠭᠤ ᠰᠢᠶᠠᠨ ᠲᠣᠭᠤᠷᠢᠭ ᠲᠤ ᠰᠢᠯᠵᠢᠭᠦᠯᠦᠨ ᠥᠭᠬᠦ ᠵᠠᠷᠤᠯᠭ᠎ᠠ ᠶᠢ 2403 ᠲᠦᠮᠡᠨ ᠲᠥᠭᠦᠷᠢᠭ ᠲᠣᠬᠢᠷᠠᠭᠤᠯᠵᠤ᠂ ᠪᠦᠬᠦᠨ ᠢ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠲᠣᠬᠢᠷᠠᠭᠤᠯᠤᠨ᠎ᠠ᠃ ᠲᠥᠰᠦᠪ ᠤᠨ ᠬᠠᠤᠯᠢ ᠶᠢᠨ ᠲᠣᠭᠲᠠᠭᠠᠯ ᠢ ᠦᠨᠳᠦᠰᠦᠯᠡᠪᠡᠯ᠂ ᠲᠥᠰᠦᠪ ᠡᠬᠢᠯᠡᠭᠰᠡᠨ ᠤ ᠲᠠᠷᠠᠭ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠤᠰ ᠱᠠᠲᠤᠨ ᠤ ᠲᠥᠰᠦᠪ ᠤᠨ ᠲᠥᠰᠦᠯ ᠢ ᠵᠥᠪᠰᠢᠶᠡᠷᠡᠬᠦ ᠠᠴᠠ ᠡᠮᠦᠨ᠎ᠡ᠂ ᠡᠷᠬᠡᠪᠰᠢ ᠣᠯᠭᠤᠬᠤ ᠲᠤᠰ ᠵᠢᠯ ᠤᠨ ᠰᠠᠯᠠᠭ᠎ᠠ ᠮᠥᠴᠢᠷ ᠤᠨ ᠦᠨᠳᠦᠰᠦᠨ ᠵᠠᠷᠤᠯᠭ᠎ᠠ᠂ ᠲᠦᠷᠦᠯ ᠵᠦᠢᠯ ᠤᠨ ᠵᠠᠷᠤᠯᠭ᠎ᠠ ᠵᠢᠴᠢ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤ ᠬᠡᠷᠡᠭᠯᠡᠬᠦ ᠵᠠᠷᠤᠯᠭ᠎ᠠ ᠵᠡᠷᠭᠡ ᠶᠢ ᠲᠤᠬᠢᠷᠠᠭᠤᠯᠵᠤ ᠪᠣᠯᠤᠨ᠎ᠠ᠃ 2022 ᠤᠨ 1 ᠰᠠᠷ᠎ᠠ ᠶᠢᠨ 30 ᠡᠳᠦᠷ ᠪᠣᠯᠲᠠᠯ᠎ᠠ᠂ ᠬᠤᠲᠠ ᠶᠢᠨ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 4.6 ᠳ᠋ᠦᠩᠰᠢᠭᠤᠷ ᠲᠥᠭᠦᠷᠢᠭ᠂ ᠭᠤᠣᠯᠳᠠᠭᠤ ᠠᠵᠢᠯᠲᠠᠨ ᠤ ᠴᠠᠯᠢᠩ ᠪᠠ ᠦᠨᠳᠦᠰᠦᠨ ᠡᠷᠭᠢᠯᠲᠡ ᠳᠤ ᠬᠡᠷᠡᠭᠯᠡᠪᠡ᠃        ᠳᠥᠷᠪᠡ᠂ 2022 ᠣᠨ ᠤ ᠭᠤᠤᠯ ᠠᠵᠢᠯ ᠪᠠ ᠭᠤᠤᠯᠳᠠᠯᠭ᠎ᠠ ᠲᠠᠢ ᠪᠠᠲᠤᠯᠠᠭ᠎ᠠ ᠶᠢᠨ ᠬᠦᠷᠢᠶᠡᠨ ᠳᠠᠬᠢ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠪᠠᠶᠢᠳᠠᠯ       ︵ᠨᠢᠭᠡ︶ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠨᠡᠶᠢᠭᠡᠮ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠢᠭᠡ ᠳᠤ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠭᠦᠢᠴᠡᠳ ᠪᠠᠳᠤᠯᠠᠨ᠎ᠠ᠃ ᠰᠤᠷᠭᠠᠨ ᠬᠥᠮᠦᠵᠢᠯ᠂ ᠨᠡᠶᠢᠬᠡᠮ ᠤᠨ ᠪᠠᠲᠤᠯᠠᠭ᠎ᠠ᠂ ᠡᠮ ᠡᠮᠨᠡᠯᠭᠡ ᠵᠡᠷᠭᠡ ᠬᠤᠲᠠ ᠶᠢᠨ ᠲᠣᠰ ᠱᠠᠲᠤᠨ ᠤ ᠲᠥᠬᠦᠷᠵᠢᠭᠦᠯᠦᠭᠰᠡᠨ ᠪᠡᠯᠡ ᠮᠥᠩᠭᠦ 38806 ᠲᠦᠮᠡᠨ ᠲᠥᠭᠦᠷᠢᠭ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠲᠡᠮᠵᠢᠨ᠎ᠠ᠃ ᠬᠡᠦᠬᠡᠳ ᠤᠨ ᠴᠡᠴᠡᠷᠯᠢᠭ ᠤᠨ ᠠᠵᠢᠯᠲᠠᠨ ᠤ ᠣᠷᠣᠨ ᠲᠤᠭ᠎ᠠ ᠶᠢᠨ ᠳᠦᠷᠢᠮᠲᠦ ᠠᠵᠢᠯᠲᠠᠨ ᠤ ᠴᠠᠯᠢᠩ ᠢ 1938 ᠲᠦᠮᠡᠨ ᠲᠥᠭᠦᠷᠢᠭ ᠲᠣᠬᠢᠷᠠᠭᠤᠯᠵᠤ᠂ ᠬᠡᠦᠬᠡᠳ ᠤᠨ ᠴᠡᠴᠡᠷᠯᠢᠭ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠤᠯᠠᠭᠠᠨᠬᠠᠳᠠ ᠳᠡᠭᠡᠳᠦ ᠰᠤᠷᠭᠠᠭᠤᠯᠢ᠂ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠭᠡᠯᠡᠯᠭᠡ ᠶᠢᠨ ᠡᠬᠡ ᠬᠦᠦ 2734 ᠲᠦᠮᠡᠨ ᠲᠥᠭᠦᠷᠢᠭ᠂ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠵᠢᠴᠢ ᠰᠡᠯᠪᠢᠨ ᠵᠠᠰᠠᠵᠤ ᠥᠭᠡᠷᠡᠴᠢᠯᠡᠬᠦ ᠨᠥᠬᠦᠪᠥᠷᠢ ᠪᠡᠯᠡ ᠮᠥᠩᠭᠦ 2000 ᠲᠦᠮᠡᠨ ᠲᠥᠭᠦᠷᠢᠭ ᠲᠣᠬᠢᠷᠠᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠭᠤᠷᠪᠠ ᠳᠤ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠳᠡᠮᠵᠢᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠵᠠᠷᠤᠯᠭ᠎ᠠ ᠶᠢᠨ ᠳᠤᠲᠠᠭᠤᠳᠠᠯ ᠢ ᠨᠦᠬᠦᠪᠦᠷᠢᠯᠡᠬᠦ 26178 ᠲᠦᠮᠡᠨ ᠲᠥᠭᠦᠷᠢᠭ ᠲᠣᠬᠢᠷᠠᠭᠤᠯᠵᠤ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠲᠠᠭᠤᠨ ᠡᠷᠭᠢᠯᠲᠡ ᠶᠢ ᠪᠠᠲᠤᠯᠠᠨ᠎ᠠ᠃ ᠡᠮᠨᠡᠯᠭᠡ ᠶᠢᠨ ᠳᠠᠭᠠᠳᠬᠠᠯ ᠤᠨ ᠨᠥᠬᠦᠪᠥᠷᠢ 1722 ᠲᠦᠮᠡᠨ ᠲᠥᠭᠦᠷᠢᠭ ᠲᠣᠬᠢᠷᠠᠭᠤᠯᠵᠤ ᠤᠯᠤᠰ ᠤᠨ ᠠᠯᠪᠠᠳᠠᠨ ᠤ ᠡᠮᠨᠡᠯᠭᠡ ᠶᠢᠨ ᠨᠦᠬᠦᠪᠦᠷᠢ᠂ ᠬᠠᠷᠠᠭᠠᠯᠵᠠᠯ ᠬᠦᠷᠲᠡᠭᠴᠢ ᠡᠳᠡᠭᠡᠳ ᠤᠨ ᠡᠮᠨᠡᠯᠭᠡ ᠶᠢᠨ ᠲᠠᠭᠠᠳᠬᠠᠯ ᠢ ᠲᠤᠰᠢᠶᠠᠬᠤ ᠶᠢ ᠪᠠᠳᠤᠯᠠᠨ᠎ᠠ᠃ ᠳᠥᠷᠪᠡ ᠳᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠳᠤ 11000 ᠲᠦᠮᠡᠨ ᠲᠥᠭᠦᠷᠢᠭ ᠤᠨ ᠨᠥᠬᠦᠪᠥᠷᠢ ᠲᠣᠬᠢᠷᠠᠭᠤᠯᠵᠤ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠨᠥᠭᠡᠴᠡ ᠶᠢ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡ ᠶᠢᠨ ᠣᠨᠴᠠᠯᠢᠭᠲᠤ ᠬᠥᠭᠵᠢᠯᠲᠡ ᠶᠢ ᠠᠬᠢᠭᠤᠯᠤᠨ᠎ᠠ᠃ ᠬᠤᠲᠠ ᠶᠢᠨ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠵᠦᠢᠯ ᠤᠨ ᠦᠨ᠎ᠡ ᠶᠢᠨ ᠵᠦᠷᠢᠶ᠎ᠡ ᠶᠢᠨ ᠨᠥᠬᠦᠪᠥᠷᠢ 2970 ᠲᠦᠮᠡᠨ ᠲᠥᠭᠦᠷᠢᠭ ᠲᠣᠬᠢᠷᠠᠭᠤᠯᠵᠤ᠂ ᠡᠮ ᠤᠨ ᠵᠦᠢᠯ ᠤᠨ ᠨᠡᠮᠡᠭᠦᠷᠢ ᠶᠢ ᠬᠦᠴᠦᠨ ᠦᠭᠡᠢ ᠪᠣᠯᠭᠠᠵᠤ᠂ ᠡᠪᠡᠳᠴᠢᠲᠡᠨ ᠤ ᠳᠠᠷᠤᠭᠠᠰᠤ ᠶᠢ ᠬᠥᠩᠭᠡᠯᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠷᠤᠳᠠᠯ ᠢ 1000 ᠲᠦᠮᠡᠨ ᠲᠥᠭᠦᠷᠢᠭ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠳᠤ ᠬᠡᠷᠡᠭᠯᠡᠨ᠎ᠡ᠃ ᠲᠠᠪᠤ ᠳᠤ ᠤᠳᠤ ᠦᠶ᠎ᠡ ᠶᠢᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠤᠨ᠎ᠠ᠃ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠶᠢᠨ ᠲᠠᠯᠠᠪᠠᠢ ᠥᠷᠲᠡᠭᠡ ᠶᠢᠨ ᠪᠦᠲᠦᠭᠡᠨ ᠪᠠᠶᠢᠭᠤᠯᠤᠯᠲᠠ᠂ ᠠᠯᠳᠠᠭᠳᠠᠯ ᠤᠨ ᠨᠥᠬᠦᠪᠥᠷᠢ ᠵᠢᠴᠢ ᠵᠢᠭᠡᠯᠡᠯᠭᠡ ᠶᠢᠨ ᠡᠬᠡ ᠬᠦᠦ ᠮᠥᠩᠭᠦ ᠶᠢ ᠪᠤᠴᠠᠭᠠᠬᠤ 14000 ᠲᠦᠮᠡᠨ ᠲᠥᠭᠦᠷᠢᠭ ᠲᠣᠬᠢᠷᠠᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠢ ᠶᠠᠪᠤᠵᠤ ᠰᠠᠭᠤᠬᠤ ᠨᠥᠬᠦᠴᠡᠯ ᠢ ᠪᠦᠷᠢᠯᠳᠦᠭᠦᠯᠦᠨ᠎ᠡ᠃ ᠤᠯᠠᠭᠠᠨᠬᠠᠳᠠ ᠠᠴᠠ ᠪᠡᠭᠡᠵᠢᠩ ᠤᠨ ᠴᠤᠤᠶᠠᠩ ᠬᠦᠷᠬᠦ ᠦᠨᠳᠦᠷ ᠬᠤᠷᠳᠤᠴᠠᠳᠤ ᠴᠤᠪᠤᠭ᠎ᠠ ᠲᠡᠷᠭᠡ ᠨᠡᠪᠲᠡᠷᠡᠬᠦ ᠳᠤ 1000 ᠲᠦᠮᠡᠨ ᠲᠥᠭᠦᠷᠢᠭ ᠤᠨ ᠨᠥᠬᠦᠪᠥᠷᠢ ᠲᠣᠬᠢᠷᠠᠭᠤᠯᠵᠤ᠂ ᠠᠶᠠᠯᠠᠯ ᠤᠨ ᠱᠤᠭᠤᠮ ᠤᠨ ᠨᠥᠬᠦᠪᠥᠷᠢ ᠪᠡᠯᠡ ᠮᠥᠩᠭᠦ 4000 ᠲᠦᠮᠡᠨ ᠲᠥᠭᠦᠷᠢᠭ ᠲᠣᠬᠢᠷᠠᠭᠤᠯᠵᠤ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠲᠤᠯᠭᠠᠭᠤᠷᠢᠯᠠᠵᠤ᠂ ᠮᠠᠨ ᠤ ᠬᠤᠲᠠ ᠶᠢᠨ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠤᠳᠠᠰ ᠤᠨ ᠭᠦᠢᠯᠭᠡᠭᠡᠨ ᠤ ᠬᠦᠢᠰᠦ ᠬᠤᠲᠠ ᠶᠢᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠰᠣᠶᠣᠯ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠬᠠᠢ ᠪᠡᠯᠡ ᠮᠥᠩᠭᠦ ᠶᠢ 1000 ᠲᠦᠮᠡᠨ ᠲᠥᠭᠦᠷᠢᠭ ᠲᠣᠬᠢᠷᠠᠭᠤᠯᠵᠤ᠂ ︽ᠰᠣᠶᠣᠯ ᠢᠷᠭᠡᠨᠰᠢᠯ ᠤᠨ ᠲᠣᠮᠣ ᠬᠤᠲᠠ︾ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠯᠢᠶᠣᠤ ᠤᠯᠤᠰ ᠤᠨ ᠦᠶ᠎ᠡ ᠶᠢᠨ ᠲᠡᠦᠬᠡ ᠶᠢᠨ ᠮᠦᠽᠧᠶ ᠶᠢᠨ ᠡᠷᠭᠢᠯᠲᠡ ᠶᠢᠨ ᠵᠠᠷᠤᠳᠠᠯ 873 ᠲᠦᠮᠡᠨ ᠲᠥᠭᠦᠷᠢᠭ ᠲᠣᠬᠢᠷᠠᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠲᠤᠭᠳᠠᠴᠠ ᠶᠢ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠲᠥᠪ ᠵᠢᠴᠢ ᠵᠠᠯᠠᠭᠤᠴᠤᠳ ᠪᠠᠭᠠᠴᠤᠳ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠠᠷᠤᠳᠠᠯ 947 ᠲᠦᠮᠡᠨ ᠲᠥᠭᠦᠷᠢᠭ ᠲᠣᠬᠢᠷᠠᠭᠤᠯᠵᠤ᠂ ᠠᠷᠠᠳ ᠣᠯᠠᠨ ᠤ ᠢᠳᠡᠪᠬᠢᠲᠡᠢ ᠣᠷᠣᠯᠴᠠᠬᠤ ᠶᠢ ᠠᠬᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ ᠶᠢ ᠠᠬᠢᠭᠤᠯᠤᠨ᠎ᠠ᠃       ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠬᠥᠭᠵᠢᠯᠲᠡ ᠶᠢ ᠠᠬᠢᠭᠤᠯᠤᠨ᠎ᠠ᠃ ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠡᠯᠡ ᠮᠥᠩᠭᠦ 27124 ᠲᠦᠮᠡᠨ ᠲᠥᠭᠦᠷᠢᠭ ᠲᠣᠬᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ᠎ᠠ᠃ ᠲᠣᠰᠬᠤᠨ ᠤ ᠬᠠᠮᠲᠤ ᠶᠢᠨ ᠠᠵᠤ ᠠᠬᠤᠶ ᠶᠢ ᠲᠥᠬᠦᠷᠵᠢᠭᠦᠯᠬᠦ ᠪᠠ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠡᠯᠡ ᠮᠥᠩᠭᠦ ᠶᠢ 3100 ᠲᠦᠮᠡᠨ ᠲᠥᠭᠦᠷᠢᠭ ᠲᠣᠬᠢᠷᠠᠭᠤᠯᠵᠤ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢ 5280 ᠲᠦᠮᠡᠨ ᠲᠥᠭᠦᠷᠢᠭ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠠᠯᠠᠰᠢᠨ ᠦᠬᠡᠷ ᠬᠤᠨᠢᠨ ᠤ ᠵᠠᠷᠤᠳᠠᠯ 2000 ᠲᠦᠮᠡᠨ ᠲᠥᠭᠦᠷᠢᠭ ᠲᠣᠬᠢᠷᠠᠭᠤᠯᠵᠤ᠂ ᠠᠯᠠᠰᠢᠨ ᠦᠬᠡᠷ ᠲᠡᠵᠢᠬᠡᠨ ᠦᠷᠡᠵᠢᠬᠦᠯᠬᠦ ᠪᠠ ᠡᠭᠦᠯᠳᠡᠷ ᠰᠠᠶᠢᠵᠢᠷᠠᠭᠤᠯᠬᠤ ᠳᠤ ᠬᠡᠷᠡᠭᠯᠡᠵᠦ᠂ ᠦᠬᠡᠷ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠳᠠᠮᠵᠢᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠠᠬᠢᠭᠤᠯᠤᠨ᠎ᠠ᠃ ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠤᠳᠠ ᠲᠣᠭᠤᠷᠢᠭ ᠤᠨ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠶ ᠵᠦᠢᠯ ᠤᠨ ᠪᠠᠯᠠ ᠮᠥᠩᠭᠦ 4000 ᠲᠦᠮᠡᠨ ᠲᠥᠭᠦᠷᠢᠭ ᠲᠣᠬᠢᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠭᠤᠣᠯ ᠬᠤᠲᠠ ᠲᠣᠭᠤᠷᠢᠭ ᠤᠨ ᠦᠶᠡᠷ ᠢ ᠰᠡᠷᠭᠡᠢᠯᠡᠬᠦ ᠵᠢᠴᠢ ᠬᠤᠲᠠ ᠲᠣᠭᠤᠷᠢᠭᠰᠠᠨ ᠤᠰᠤᠨ ᠰᠢᠰᠲ᠋ᠧᠮ ᠢ ᠵᠠᠰᠠᠬᠤ ᠢᠨᠵᠧᠨᠧᠷᠢᠩ 35332 ᠲᠦᠮᠡᠨ ᠲᠥᠭᠦᠷᠢᠭ ᠲᠣᠬᠢᠷᠠᠭᠤᠯᠵᠤ᠂ ᠬᠤᠲᠠ ᠶᠢᠨ ᠠᠮᠢ ᠠᠬᠤᠢ ᠶᠢ ᠰᠠᠶᠢᠵᠢᠷᠠᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ ᠭᠤᠣᠯ ᠬᠤᠲᠠ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶᠠᠵᠢᠭᠰᠠᠨ ᠠᠷᠠᠴᠢᠯᠠᠨ ᠬᠠᠮᠠᠭᠠᠯᠠᠬᠤ ᠪᠡᠯᠡ ᠮᠥᠩᠭᠦ 42584 ᠲᠦᠮᠡᠨ ᠲᠥᠭᠦᠷᠢᠭ ᠲᠣᠬᠢᠷᠠᠭᠤᠯᠵᠤ᠂ ᠣᠷᠣᠨ ᠪᠦᠰᠡ ᠠᠯᠤᠰᠯᠠᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠠᠷᠠᠴᠢᠯᠠᠨ ᠬᠠᠮᠠᠭᠠᠯᠠᠬᠤ ᠬᠦᠴᠦᠨ ᠢ ᠨᠢᠭᠡᠳᠦᠯᠲᠡᠢ ᠲᠥᠯᠥᠪᠯᠡᠵᠦ᠂ ᠣᠷᠣᠰᠢᠨ ᠰᠠᠭᠤᠬᠤ ᠳᠤ ᠲᠠᠭᠠᠯᠠᠮᠵᠢᠲᠠᠢ ᠬᠤᠲᠠ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃ ᠭᠤᠷᠪᠠ ᠳᠤ᠂ ᠲᠣᠰ ᠱᠠᠲᠤᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠲᠠᠢ ᠨᠢ ᠪᠤᠴᠠᠭᠠᠬᠤ 54712 ᠲᠦᠮᠡᠨ ᠲᠥᠭᠦᠷᠢᠭ ᠲᠣᠬᠢᠷᠠᠭᠤᠯᠵᠤ᠂ ᠪᠡᠯᠡ ᠮᠥᠩᠭᠦ ᠶᠢ ᠴᠠᠭ ᠲᠤᠬᠠᠢ ᠳᠤᠨᠢ ᠥᠭᠬᠦ ᠶᠢ ᠪᠠᠲᠤᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠭᠡᠷ᠎ᠡ ᠠᠴᠠ ᠵᠥᠷᠢᠴᠡᠬᠦ ᠲᠦᠭᠰᠢᠭᠦᠷᠢ ᠶᠢ ᠰᠡᠷᠭᠡᠢᠯᠡᠨ᠎ᠡ᠃         ︵ᠭᠤᠷᠪᠠ︶ ᠭᠤᠣᠯᠳᠠᠯᠭ᠎ᠠ ᠲᠠᠢ ᠲᠥᠷᠦᠯ ᠵᠦᠢᠯ ᠤᠨ ᠵᠠᠷᠤᠯᠭ᠎ᠠ ᠶᠢ ᠪᠠᠲᠤᠯᠠᠵᠤ᠂ ᠨᠡᠶᠢᠬᠡᠮ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠨᠢᠭᠡ ᠳᠤ᠂ ᠤᠷᠢᠳᠴᠢᠯᠠᠨ ᠠᠷᠭ᠎ᠠ ᠪᠣᠳᠣᠯᠭ᠎ᠠ ᠰᠦᠪᠡᠭᠴᠢᠯᠡᠵᠦ᠂ ᠲᠥᠷᠥᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠠᠷᠤᠳᠠᠯ 2000 ᠲᠦᠮᠡᠨ ᠲᠥᠭᠦᠷᠢᠭ ᠲᠣᠬᠢᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ᠂ ᠬᠤᠲᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠨ᠎ᠠ᠃ ᠣᠷᠣᠨ ᠪᠦᠰᠡ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠠᠷᠤᠳᠠᠯ 1500 ᠲᠦᠮᠡᠨ ᠲᠥᠭᠦᠷᠢᠭ ᠲᠣᠬᠢᠷᠠᠭᠤᠯᠵᠤ᠂ ᠲᠥᠯᠥᠪᠵᠢᠭᠦᠯᠦᠨ ᠳᠠᠭᠠᠭᠤᠯᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠲᠠ ᠶᠢ ᠪᠠᠶᠢᠭᠤᠯᠤᠨ᠎ᠠ᠃ ᠬᠤᠶᠠᠷ ᠲᠤ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠣᠷᠣᠨ ᠪᠦᠰᠡ ᠶᠢᠨ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠬᠤᠷᠠᠮᠳᠤᠭᠤᠯᠬᠤ ᠰᠠᠭᠤᠷᠢ ᠮᠥᠩᠭᠦ ᠶᠢᠨ ᠲᠥᠷᠦᠯ ᠵᠦᠢᠯ ᠤᠨ ᠡᠬᠡ ᠮᠥᠩᠭᠦ ᠪᠠ ᠦᠨ᠎ᠡ ᠥᠰᠦᠭᠰᠡᠨ ᠵᠤᠭᠤᠰ 149801 ᠲᠦᠮᠡᠨ ᠲᠥᠭᠦᠷᠢᠭ ᠲᠣᠬᠢᠷᠠᠭᠤᠯᠵᠤ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠡᠬᠡ ᠬᠦᠦ ᠮᠥᠩᠭᠦ ᠶᠢ ᠪᠤᠴᠠᠭᠠᠵᠤ᠂ ᠬᠤᠰᠢᠭᠤ ᠰᠢᠶᠠᠨ ᠲᠣᠭᠤᠷᠢᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠪᠠᠲᠤᠯᠠᠨ᠎ᠠ᠃ ᠭᠤᠷᠪᠠ ᠳᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠴᠢᠳᠠᠪᠬᠢ ᠶᠢᠨ ᠲᠡᠰ ᠪᠣᠯᠤᠨ ᠭᠤᠣᠯᠯᠠᠭᠴᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠵᠠᠷᠤᠯᠭ᠎ᠠ ᠶᠢ 126047 ᠲᠦᠮᠡᠨ ᠲᠥᠭᠦᠷᠢᠭ ᠲᠣᠬᠢᠷᠠᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠢ ᠠᠮᠢᠯᠠᠭᠤᠯᠵᠤ᠂ ᠬᠤᠲᠠ ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃ ᠲᠦᠷᠭᠡᠨ ᠤ ᠲᠡᠮᠦᠷ ᠵᠠᠮ ᠤᠨ ᠺᠣᠮᠫᠠᠨᠢ ᠶᠢᠨ ᠵᠠᠷᠤᠯᠭ᠎ᠠ ᠶᠢ 103314 ᠲᠦᠮᠡᠨ ᠲᠥᠭᠦᠷᠢᠭ ᠲᠣᠬᠢᠷᠠᠭᠤᠯᠵᠤ᠂ ᠠᠵᠤ ᠦᠢᠯᠡᠰ ᠪᠠ ᠬᠤᠲᠠ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠲᠦᠷᠭᠡᠨ ᠤ ᠲᠡᠮᠦᠷ ᠵᠠᠮ ᠤᠨ ᠲᠤᠰᠬᠠᠢ ᠬᠠᠷᠢᠶᠠᠲᠤ ᠠᠵᠤ ᠠᠬᠤᠢ ᠶᠢᠨ ᠣᠷᠣᠨ ᠢ ᠪᠠᠶᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ 7110 ᠲᠦᠮᠡᠨ ᠲᠥᠭᠦᠷᠢᠭ ᠲᠣᠬᠢᠷᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢ ᠬᠦᠷᠢᠶᠡᠯᠡᠩ ᠲᠣᠭᠤᠷᠢᠭ ᠲᠡᠰᠢ ᠲᠥᠪᠯᠡᠷᠡᠭᠦᠯᠦᠨ ᠪᠠᠶᠢᠷᠢᠯᠠᠭᠤᠯᠬᠤ ᠶᠢ ᠬᠥᠲᠥᠯᠥᠨ ᠵᠢᠯᠣᠭᠤᠳᠴᠤ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠳᠥᠷᠪᠡ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠰᠬᠠᠶ ᠲᠦᠷᠦᠯ ᠤᠨ ᠪᠡᠯᠡ ᠮᠥᠩᠭᠦ ᠶᠢ 6000 ᠲᠦᠮᠡᠨ ᠲᠥᠭᠦᠷᠢᠭ ᠲᠣᠬᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠪᠡᠯᠡ ᠮᠥᠩᠭᠦ 4487 ᠲᠦᠮᠡᠨ ᠲᠥᠭᠦᠷᠢᠭ ᠲᠣᠬᠢᠷᠠᠭᠤᠯᠵᠤ᠂ ᠰᠢᠨ᠎ᠡ ᠠᠵᠤ ᠦᠢᠯᠡᠰ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠳᠠᠮᠵᠢᠨ᠎ᠠ᠃ ᠲᠠᠪᠤ ᠳᠤ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠢ ᠲᠥᠷᠥᠯ ᠤᠨ ᠪᠡᠯᠡ ᠮᠥᠩᠭᠦ 2000 ᠲᠦᠮᠡᠨ ᠲᠥᠭᠦᠷᠢᠭ ᠲᠣᠬᠢᠷᠠᠭᠤᠯᠵᠤ᠂ ᠤᠷᠤᠯᠳᠤᠭᠠᠨ ᠵᠢᠴᠢ ᠪᠡᠶᠡᠴᠢ ᠴᠣᠭᠴᠠ ᠶᠢᠨ ᠵᠢᠭᠤᠯᠴᠢᠯᠠᠯ ᠤᠨ ᠠᠵᠢᠯᠯᠠᠭ᠎ᠠ ᠶᠢ ᠳᠠᠮᠵᠢᠵᠤ᠂ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠪᠠᠶᠢᠭᠤᠯᠤᠯᠳᠠ ᠶᠢ ᠠᠬᠢᠭᠤᠯᠤᠨ᠎ᠠ᠃ ᠨᠢᠩᠴᠧᠩ ᠰᠢᠶᠠᠨ ᠤ ᠪᠠᠷᠬᠠᠨᠳᠤ ᠶᠢᠨ ᠱᠧᠩ ᠴᠢᠤᠸᠠᠨ ᠣᠨᠴᠠᠯᠢᠭᠲᠤ ᠵᠢᠵᠢᠭ ᠪᠠᠯᠭᠠᠰᠤᠨ ᠤ PPP ᠲᠥᠷᠦᠯ ᠵᠦᠢᠯ ᠳᠤ 8803 ᠲᠦᠮᠡᠨ ᠲᠥᠭᠦᠷᠢᠭ ᠲᠣᠬᠢᠷᠠᠭᠤᠯᠵᠤ᠂ ᠣᠨᠴᠠᠯᠢᠭᠲᠤ ᠰᠣᠶᠣᠯ ᠵᠢᠭᠤᠯᠴᠢᠯᠠᠯ ᠪᠠ ᠠᠮᠢ ᠠᠬᠤᠢ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠠᠶᠢᠭᠤᠯᠵᠤ᠂ ᠵᠢᠭᠤᠯᠴᠢᠯᠠᠯ ᠤᠨ ᠠᠵᠤ ᠦᠢᠯᠡᠰ ᠤᠨ ᠪᠦᠬᠦ ᠤᠯᠠᠷᠢᠯ ᠤᠨ ᠬᠥᠭᠵᠢᠯᠲᠡ ᠶᠢ ᠠᠬᠢᠭᠤᠯᠤᠨ᠎ᠠ᠃ ᠵᠢᠷᠭᠤᠭ᠎ᠠ ᠳᠤ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠨ᠎ᠡ᠃ 12345 ᠬᠠᠯᠠᠮᠰᠢᠯ ᠤᠲᠠᠰᠤᠨ ᠤ ᠠᠵᠢᠯ ᠢ ᠥᠷᠭᠡᠳᠬᠡᠬᠦ ᠵᠡᠷᠭᠡ ᠵᠠᠷᠤᠳᠠᠯ 949 ᠲᠦᠮᠡᠨ ᠲᠥᠭᠦᠷᠢᠭ᠂ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠬᠡᠨ ᠤ ᠵᠠᠷᠤᠳᠠᠯ 1400 ᠲᠦᠮᠡᠨ ᠲᠥᠭᠦᠷᠢᠭ ᠲᠣᠬᠢᠷᠠᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃          ︵ᠲᠦᠷᠪᠡ︶ ᠲᠥᠰᠦᠪ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠬᠠᠮᠢᠶᠠᠷᠤᠨ ᠡᠵᠡᠮᠳᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ᠨᠢᠭᠡ ᠳᠤ ᠤᠳᠤ ᠦᠶ᠎ᠡ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠬᠦᠷᠢᠶ᠎ᠡ ᠴᠠᠷᠠᠭ᠎ᠠ ᠬᠤᠪᠢᠶᠠᠭᠰᠠᠨ ᠬᠤᠲᠠ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠬᠢᠭᠡᠳ ᠡᠳ᠋ ᠤᠨ ᠬᠦᠴᠦᠨ ᠤ ᠬᠠᠷᠢᠯᠴᠠᠨ ᠵᠣᠬᠢᠴᠠᠯᠳᠤᠬᠤ ᠶᠢ ᠠᠬᠢᠭᠤᠯᠤᠨ᠎ᠠ᠃ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠲᠦᠷᠭᠡᠪᠴᠢᠯᠡᠨ ᠲᠦᠯᠬᠢᠨ ᠠᠬᠢᠭᠤᠯᠵᠤ᠂ ᠲᠥᠰᠦᠪ ᠤᠨ ᠬᠠᠮᠢᠶᠠᠷᠤᠯᠲᠠ ᠶᠢᠨ ᠠᠵᠢᠯ ᠤᠨ ᠶᠠᠪᠤᠴᠠ᠂ ᠡᠯᠧᠮᠧᠨ᠋ᠲ ᠪᠠ ᠲᠦᠷᠢᠮ ᠢ ᠵᠢᠷᠤᠮᠵᠢᠭᠤᠯᠵᠤ᠂ ᠮᠡᠳᠡᠭᠡ ᠵᠠᠩᠭᠢᠵᠢᠯᠲᠠ ᠪᠠᠷ ᠲᠥᠰᠦᠪ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ ᠰᠢᠭᠤᠳ ᠬᠦᠷᠭᠡᠬᠦ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠭᠳᠠᠴᠠ ᠶᠢ ᠲᠡᠭᠦᠯᠳᠡᠷᠵᠢᠬᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠰᠢᠭᠤᠳ ᠬᠦᠷᠭᠡᠬᠦ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠰᠢᠭᠤᠳ ᠬᠦᠷᠭᠡᠬᠦ ᠪᠠᠯᠠ ᠮᠥᠩᠭᠦ ᠶᠢ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠷ ᠪᠣᠳᠠᠲᠠᠶᠢᠵᠢᠭᠤᠯᠬᠤ ᠶᠢ ᠠᠬᠢᠭᠤᠯᠵᠤ᠂ ᠪᠠᠯᠠ ᠮᠥᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠶᠠᠷ ᠲᠤ ᠲᠥᠰᠦᠪ ᠤᠨ ᠳᠦᠷᠢᠮ ᠤᠨ ᠬᠢᠵᠠᠭᠠᠷᠯᠠᠯ ᠢ ᠴᠢᠩᠭᠠᠳᠬᠠᠨ᠎ᠠ᠃ ᠲᠦᠰᠦᠪ ᠦᠬᠡᠢ ᠲᠥᠰᠦᠪ ᠠᠴᠠ ᠳᠠᠪᠠᠭᠰᠠᠨ ᠵᠠᠷᠤᠯᠭ᠎ᠠ ᠶᠢ ᠴᠢᠩᠭ᠎ᠠ ᠴᠠᠭᠠᠵᠠᠯᠠᠵᠤ᠂ ᠲᠥᠰᠦᠪ ᠢ ᠴᠢᠩᠭ᠎ᠠ ᠭᠦᠢᠴᠡᠳᠬᠡᠵᠦ᠂ ᠵᠢᠯ ᠤᠨ ᠳᠤᠮᠳᠠ ᠨᠡᠮᠡᠬᠦ ᠶᠢ ᠴᠢᠩᠭ᠎ᠠ ᠬᠢᠵᠠᠭᠠᠷᠯᠠᠨ᠎ᠠ᠃ ᠭᠤᠷᠪᠠ ᠳᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠎ᠠ᠃ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢ ᠪᠠᠭᠠᠰᠬᠠᠨ᠎ᠠ᠃ ᠰᠢᠯᠵᠢᠭᠦᠯᠦᠨ ᠥᠭᠬᠦ ᠪᠦᠲᠦᠴᠡ ᠶᠢ ᠰᠢᠯᠢᠳᠡᠭᠵᠢᠭᠦᠯᠵᠦ᠂ ᠭᠤᠣᠯᠳᠠᠯᠭᠠᠲᠤ ᠪᠤᠰᠤ ᠵᠠᠷᠤᠯᠭ᠎ᠠ ᠶᠢ ᠪᠠᠭᠠᠰᠬᠠᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠬᠡᠷᠡᠭᠴᠡᠭᠡ ᠶᠢ ᠤᠷᠢᠳᠠᠪᠠᠷ ᠪᠠᠲᠤᠯᠠᠨ᠎ᠠ᠃ ᠳᠥᠷᠪᠡ ᠳᠤ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠎ᠡ᠃ ᠲᠥᠰᠦᠪ ᠤᠨ ᠵᠠᠷᠤᠯᠭ᠎ᠠ ᠶᠢᠨ ᠠᠬᠢᠴᠠ ᠶᠢ ᠮᠡᠳᠡᠭᠳᠡᠬᠦ ᠲᠦᠷᠢᠮ ᠢ ᠬᠡᠷᠡᠭᠵᠢᠭᠦᠯᠵᠦ᠂ ᠲᠥᠰᠦᠪ ᠢ ᠭᠦᠢᠴᠡᠳᠬᠡᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠪᠡᠯᠡ ᠮᠥᠩᠭᠦ ᠶᠢ ᠰᠢᠯᠵᠢᠭᠦᠯᠦᠨ ᠥᠭᠬᠦ ᠶᠢ ᠲᠦᠷᠭᠡᠳᠬᠡᠵᠦ᠂ ᠪᠡᠯᠡ ᠮᠥᠩᠭᠦ ᠶᠢᠨ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃ ᠲᠠᠪᠤ ᠳᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠠᠬᠢᠭᠤᠯᠤᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠲᠥᠪᠯᠡᠷᠡᠭᠦᠯᠦᠨ ᠬᠢᠨᠠᠨ ᠬᠠᠷᠭᠤᠭᠤᠯᠬᠤ ᠶᠢ ᠢᠳᠡᠪᠬᠢᠲᠡᠢ ᠠᠬᠢᠭᠤᠯᠵᠤ᠂ ︽ᠳᠥᠷᠪᠡᠨ ᠳᠡᠪᠲᠡᠷ ᠲᠥᠰᠦᠪ︾ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠤᠭᠳᠠᠴᠠ ᠶᠢ ᠪᠠᠶᠢᠭᠤᠯᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠠᠪᠤ ᠳᠤ᠂ ᠲᠦᠰᠦᠪ ᠤᠨ ᠠᠮᠵᠢᠯᠳᠠ ᠪᠦᠲᠦᠮᠵᠢ ᠶᠢᠨ ᠬᠠᠮᠢᠶᠠᠷᠤᠯᠳᠠ ᠶᠢ ᠠᠬᠢᠭᠤᠯᠤᠨ᠎ᠠ᠃ ᠠᠮᠵᠢᠯᠳᠠ ᠪᠦᠲᠦᠮᠵᠢ ᠶᠢᠨ ᠬᠠᠷᠠᠯᠲᠠ ᠨᠢ ᠲᠦᠰᠦᠪ ᠤᠨ ᠲᠤᠬᠢᠷᠠᠭᠤᠯᠤᠯᠳᠠ ᠶᠢᠨ ᠤᠷᠢᠳᠠᠯ ᠨᠦᠬᠦᠴᠡᠯ ᠪᠤᠯᠤᠭᠰᠠᠨ ᠤ ᠬᠤᠪᠢ ᠳᠤ᠂ ᠬᠠᠷᠠᠯᠲᠠ ᠶᠢᠨ ᠬᠢᠨᠠᠯᠳᠠ ᠨᠢ ᠪᠦᠬᠦ᠋ᠢᠯᠡ ᠰᠠᠯᠠᠭ᠎ᠠ ᠮᠦᠴᠢᠷ ᠪᠠ ᠲᠦᠷᠦᠯ ᠵᠦᠢᠯ ᠢ ᠬᠠᠮᠤᠷᠴᠤ ︽ᠲᠦᠷᠪᠡᠨ ᠲᠦᠰᠦᠪ︾ ᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠵᠦ᠂ ᠠᠮᠵᠢᠯᠳᠠ ᠪᠦᠲᠦᠮᠵᠢ ᠶᠢᠨ ᠬᠠᠷᠠᠯᠲᠠ ᠪᠠ ᠲᠦᠰᠦᠪ ᠢ ︽ᠬᠠᠮᠳᠤ ᠮᠡᠳᠡᠬᠦᠯᠵᠦ᠂ ᠬᠠᠮᠲᠤ ᠬᠢᠨᠠᠭᠤᠯᠵᠤ᠂ ᠬᠠᠮᠲᠤ ᠵᠥᠪᠰᠢᠶᠡᠷᠡᠬᠦᠯᠵᠦ᠂ ᠬᠠᠮᠲᠤ ᠨᠡᠶᠢᠳᠡᠯᠡᠬᠦ︾ ᠶᠢ ᠪᠡᠶᠡᠯᠡᠬᠦᠯᠦᠨ᠎ᠡ᠃ᠲᠥᠯᠥᠭᠡᠯᠡᠭᠴᠢᠳ ᠡ᠂ ᠰᠢᠨ᠎ᠡ ᠨᠢᠭᠡᠨ ᠵᠢᠯ ᠳᠤ᠂ ᠪᠦᠬᠦ ᠬᠤᠲᠠ ᠶᠢᠨ ᠡᠳ᠋ ᠤᠨ ᠵᠠᠰᠠᠭ ᠤᠨ ᠠᠵᠢᠯ ᠨᠢ ᠬᠤᠲᠠ ᠶᠢᠨ ᠨᠠᠮ ᠤᠨ ᠬᠤᠷᠢᠶ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠶᠢ ᠡᠷᠡᠰ ᠬᠡᠷᠡᠭᠵᠢᠭᠦᠯᠵᠦ᠂ ᠬᠠᠤᠯᠢ ᠴᠠᠭᠠᠵᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠰᠣᠨᠣᠰᠴᠤ᠂ ᠬᠦᠴᠦᠯᠡᠨ ᠴᠢᠷᠮᠠᠶᠢᠵᠤ᠂ ᠪᠤᠳᠠᠳᠠᠢ ᠠᠵᠢᠯᠯᠠᠵᠤ᠂ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢ ᠨᠠᠶᠢᠳᠠᠪᠤᠷᠢᠵᠢᠭᠤᠯᠵᠤ᠂ ︽ᠵᠢᠷᠭᠤᠭᠠᠨ ᠤᠯᠠᠭᠠᠨᠬᠠᠳᠠ︾ ᠶᠢ ᠪᠦᠲᠦᠭᠡᠨ ᠪᠠᠶᠢᠭᠤᠯᠵᠤ᠂ ᠡᠯ᠎ᠡ ᠵᠦᠢᠯ ᠤᠨ ᠡᠳ᠋ ᠤᠨ ᠵᠠᠰᠠᠭ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ