ᠤᠯᠠᠭᠠᠨᠬᠠᠳᠠ ᠬᠤᠲᠠ ᠶᠢᠨ 2021 ᠣᠨ ᠤ ᠡᠳ᠋ ᠤᠨ ᠵᠠᠰᠠᠭ ᠤᠨ ᠲᠦᠰᠦᠪ ᠢ ᠭᠦᠢᠴᠡᠳᠬᠡᠭᠰᠡᠨ ᠪᠠᠶᠢᠳᠠᠯ ᠪᠠ  2022 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠢ ᠮᠡᠳᠡᠬᠦᠯᠤᠯᠳᠠ ( ᠨᠢᠭᠡ )
ᠨᠡᠶᠢᠲᠡᠯᠡᠭᠰᠡᠨ ᠴᠠᠭ᠄
2022/2/24
— 2022 ᠣᠨ ᠤ 2 ᠰᠠᠷ᠎ᠠ ᠶᠢᠨ 11 ᠤ ᠡᠳᠦᠷ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡᠲᠥᠯᠥᠭᠡᠯᠡᠭᠴᠢᠳ ᠡ      ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠣᠳᠣ 2021 ᠤᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2022 ᠤᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠢ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠦᠶ᠎ᠡ᠂ ᠡᠭᠦᠨ ᠤ ᠬᠠᠮᠲᠦ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠤᠯᠴᠠᠬᠰᠡᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2021 ᠤᠨ ᠤ ᠪᠦᠬᠦ ᠬᠤᠲᠠ ᠵᠢᠴᠢ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ2021 ᠣᠨ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠳᠤᠯᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠬᠤᠯᠪᠣᠭᠳᠠᠯ ᠪᠦᠬᠦᠢ ᠰᠢᠢᠳᠪᠦᠷᠢ ᠶᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠦᠪᠵᠢᠭᠦᠯᠵᠦ᠂ ᠡᠳ᠋ ᠤᠨ ᠵᠠᠰᠠᠭ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠠᠵᠤ ᠠᠬᠤᠢ ᠶᠢᠨ ᠪᠠᠭᠤᠷᠠᠯᠲᠠ ᠶᠢᠨ ᠥᠷᠢᠰᠥᠯᠳᠦᠭᠡᠨ ᠢ ᠢᠳᠡᠪᠬᠢᠲᠡᠢ ᠠᠷᠭᠠᠴᠠᠭᠠᠵᠦ᠂ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠶᠡᠷᠦᠩᠬᠡᠢ ᠳᠤ ᠪᠠᠨ ᠨᠡᠯᠢᠶᠡᠳ ᠰᠠᠶᠢᠨ ᠭᠦᠢᠴᠡᠳᠬᠡᠪᠡ᠃       ︵ᠨᠢᠭᠡ︶ ᠪᠦᠬᠦ ᠬᠤᠲᠠ ᠶᠢᠨ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ      1. ᠡᠩ ᠤᠨ ᠣᠯᠠᠨ ᠨᠡᠶᠢᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 126.8 ᠳ᠋ᠦᠩᠰᠢᠭᠤᠷ ᠲᠥᠭᠦᠷᠢᠭ᠂ ᠵᠢᠯ ᠤᠨ ᠲᠥᠰᠦᠪ ᠢ 95.2% ᠢᠶᠠᠷ ᠪᠡᠶᠡᠯᠡᠭᠦᠯᠵᠦ᠂ ᠳᠡᠭᠡᠷ᠎ᠡ ᠵᠢᠯ ᠠᠴᠠ 8.6 ᠳ᠋ᠦᠩᠰᠢᠭᠤᠷ ᠲᠥᠭᠦᠷᠢᠭ ᠨᠡᠮᠡᠭᠳᠡᠵᠦ᠂ 7.3% ᠪᠠᠷ ᠨᠡᠮᠡᠭᠳᠡᠪᠡ᠃ ᠡᠭᠦᠨ ᠳᠤ᠄ ᠭᠠᠶᠢᠯᠢ ᠶᠢᠨ ᠣᠷᠣᠯᠭ᠎ᠠ 89.5 ᠳ᠋ᠦᠩᠰᠢᠭᠤᠷ ᠲᠥᠭᠦᠷᠢᠭ ᠂ ᠳᠡᠭᠡᠷ᠎ᠡ ᠵᠢᠯ ᠠᠴᠠ 4.7 ᠳ᠋ᠦᠩᠰᠢᠭᠤᠷ ᠲᠥᠭᠦᠷᠢᠭ ᠨᠡᠮᠡᠭᠳᠡᠵᠦ᠂ 5.5% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 37.3 ᠳ᠋ᠦᠩᠰᠢᠭᠤᠷ ᠲᠥᠭᠦᠷᠢᠭ ᠂ ᠳᠡᠭᠡᠷ᠎ᠡ ᠵᠢᠯ ᠠᠴᠠ 3.9 ᠳ᠋ᠦᠩᠰᠢᠭᠤᠷ ᠲᠥᠭᠦᠷᠢᠭ ᠨᠡᠮᠡᠭᠳᠡᠵᠦ᠂ 11.8% ᠪᠠᠷ ᠨᠡᠮᠡᠭᠳᠡᠪᠡ᠂ ᠭᠠᠶᠢᠯᠢ ᠶᠢᠨ ᠪᠤᠰᠤ ᠣᠷᠣᠯᠭ᠎ᠠ ᠨᠢ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 29.4% ᠶᠢ ᠡᠵᠡᠯᠡᠪᠡ᠃ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 570.9 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 43.6 ᠳ᠋ᠦᠩᠰᠢᠭᠤᠷ ᠲᠥᠭᠦᠷᠢᠭ ᠬᠠᠰᠤᠭᠳᠠᠵᠤ᠂ 7.1% ᠪᠠᠷ ᠪᠠᠭᠤᠷᠠᠪᠠ᠃ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠵᠢᠷᠤᠮᠵᠢᠯ ᠤᠨ ᠱᠠᠭᠠᠷᠳᠠᠯᠭ᠎ᠠ ᠶᠢ ᠦᠨᠳᠦᠰᠦᠯᠡᠨ ᠂ ᠲᠣᠰ ᠵᠢᠯ ᠳᠤ ᠬᠡᠰᠡᠭ ᠬᠤᠰᠢᠭᠤ ᠰᠢᠶᠠᠨ ᠲᠣᠭᠤᠷᠢᠭ ᠤᠨ ᠵᠠᠷᠤᠯᠭ᠎ᠠ ᠵᠢᠭᠰᠠᠭᠠᠬᠤ ᠠᠷᠭ᠎ᠠ ᠮᠠᠶ᠋ᠢᠭ ᠢ ᠠᠪᠤᠴᠠᠭ᠎ᠠ ᠥᠭᠴᠢᠬᠡ ᠶᠢᠨ ᠲᠦᠷᠢᠮ ᠪᠠᠶᠢᠭᠰᠠᠨ ᠠᠴᠠ ᠣᠷᠣᠯᠭ᠎ᠠ ᠵᠠᠷᠤᠯᠭ᠎ᠠ ᠶᠢᠨ ᠪᠡᠶᠡᠯᠡᠭᠳᠡᠬᠦ ᠲᠦᠷᠢᠮ ᠪᠣᠯᠭᠠᠨ ᠥᠭᠡᠷᠡᠴᠢᠯᠡᠵᠦ᠂ ᠬᠡᠰᠡᠭ ᠵᠠᠷᠤᠯᠭ᠎ᠠ ᠨᠢ ᠨᠡᠯᠢᠶᠡᠳ ᠢᠯᠡᠳᠲᠡ ᠪᠠᠭᠤᠷᠠᠪᠠ᠂ ᠡᠭᠦᠨ ᠳᠤ᠄ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠠᠷᠤᠯᠭ᠎ᠠ 10.1 ᠳ᠋ᠦᠩᠰᠢᠭᠤᠷ ᠲᠥᠭᠦᠷᠢᠭ᠂ 27.4% ᠪᠠᠷ ᠪᠠᠭᠤᠷᠠᠪᠠ︔ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 97.9 ᠳ᠋ᠦᠩᠰᠢᠭᠤᠷ ᠲᠥᠭᠦᠷᠢᠭ ᠂ 8.4% ᠪᠠᠷ ᠪᠠᠭᠤᠷᠠᠪᠠ︔ ᠰᠤᠷᠭᠠᠨ ᠬᠥᠮᠦᠵᠢᠯ ᠤᠨ ᠵᠠᠷᠤᠯᠭ᠎ᠠ 91.2 ᠳ᠋ᠦᠩᠰᠢᠭᠤᠷ ᠲᠥᠭᠦᠷᠢᠭ᠂ 0.3% ᠪᠠᠷ ᠪᠠᠭᠤᠷᠠᠪᠠ᠃ ᠪᠤᠰᠤᠳ ᠵᠠᠷᠤᠯᠭ᠎ᠠ ᠶᠢᠨ ᠨᠡᠮᠡᠭᠳᠡᠵᠦ ᠬᠠᠰᠤᠭᠳᠠᠬᠤ ᠬᠤᠪᠢᠷᠠᠯᠲᠠ ᠶᠢᠨ ᠪᠠᠶᠢᠳᠠᠯ᠄ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 2.6 ᠳ᠋ᠦᠩᠰᠢᠭᠤᠷ ᠲᠥᠭᠦᠷᠢᠭ᠂ 68.3% ᠪᠠᠷ ᠨᠡᠮᠡᠭᠳᠡᠵᠦ᠂ ᠭᠤᠣᠯᠳᠠᠭᠤ ᠬᠤᠲᠠ ᠶᠢᠨ ᠲᠣᠰ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠵᠠᠷᠤᠯᠭ᠎ᠠ ᠨᠡᠮᠡᠭᠳᠡᠪᠡ︔ ᠰᠤᠶᠤᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 10 ᠳ᠋ᠦᠩᠰᠢᠭᠤᠷ ᠲᠥᠭᠦᠷᠢᠭ᠂ 4.4% ᠪᠠᠷ ᠪᠠᠭᠤᠷᠠᠪᠠ᠂ ᠭᠤᠤᠯᠳᠠᠭᠤ 2020 ᠣᠨ ᠳᠤ ᠠᠤᠬᠠᠨ ᠬᠤᠰᠢᠭᠤᠨ ᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠤ ᠨᠡᠯᠢᠶᠡᠳ ᠶᠡᠭᠡ ᠵᠠᠷᠤᠯᠭ᠎ᠠ ᠶᠢᠨ ᠰᠠᠭᠤᠷᠢ ᠲᠤᠭ᠎ᠠ ᠶᠢ ᠪᠦᠷᠢᠯᠳᠦᠭᠦᠯᠵᠦ᠂ ᠲᠣᠰ ᠵᠢᠯ ᠤᠨ ᠵᠠᠷᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ ᠪᠠᠭᠤᠷᠠᠪᠠ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 89.8 ᠳ᠋ᠦᠩᠰᠢᠭᠤᠷ ᠲᠥᠭᠦᠷᠢᠭ ᠂ 16.7% ᠪᠠᠷ ᠪᠠᠭᠤᠷᠠᠪᠠ᠂ ᠭᠤᠤᠯᠳᠠᠭᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠲᠥᠯᠥᠪᠯᠡᠬᠦ ᠶᠢ ᠬᠡᠷᠡᠭᠵᠢᠭᠦᠯᠵᠦ᠂ ᠵᠣᠬᠢᠬᠤ ᠳᠠᠭᠠᠳᠬᠠᠯ ᠤᠨ ᠲᠥᠷᠥᠯ ᠤᠨ ᠨᠥᠬᠦᠪᠥᠷᠢ ᠶᠢᠨ ᠵᠠᠷᠤᠯᠭ᠎ᠠ ᠶᠡᠭᠡ ᠪᠠᠷ ᠬᠠᠰᠤᠭᠳᠠᠪᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 49.8 ᠳ᠋ᠦᠩᠰᠢᠭᠤᠷ ᠲᠥᠭᠦᠷᠢᠭ ᠂ 5.3% ᠪᠠᠷ ᠪᠠᠭᠤᠷᠠᠪᠠ᠂ ᠭᠤᠤᠯᠳᠠᠭᠤ 2020 ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠷᠤᠯᠭ᠎ᠠ ᠶᠢᠨ ᠬᠡᠪᠴᠢᠶ᠎ᠡ ᠨᠡᠯᠢᠶᠡᠳ ᠶᠡᠭᠡ ᠪᠠᠶᠢᠵᠤ᠂ ᠲᠣᠰ ᠵᠢᠯ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ ᠬᠠᠰᠤᠭᠳᠠᠪᠠ︔ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ 68.8 ᠳ᠋ᠦᠩᠰᠢᠭᠤᠷ ᠲᠥᠭᠦᠷᠢᠭ᠂ 10.2% ᠨᠡᠮᠡᠭᠳᠡᠪᠡ᠂ ᠭᠤᠣᠯᠳᠠᠭᠤ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠶᠢᠷ᠎ᠠ ᠬᠠᠪᠢ ᠶᠢᠨ ᠪᠥᠷᠬᠡᠲᠦ ᠲᠣᠭᠤᠷᠢᠭ ᠢ ᠥᠭᠡᠷᠡᠴᠢᠯᠡᠬᠦ ᠪᠠ ᠳᠤᠮᠳᠠ ᠲᠣᠭᠤᠷᠢᠯ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠦᠯ ᠵᠦᠢᠯ ᠤᠨ ᠵᠠᠷᠤᠯᠭ᠎ᠠ ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 28.8 ᠳ᠋ᠦᠩᠰᠢᠭᠤᠷ ᠲᠥᠭᠦᠷᠢᠭ᠂ 31.1% ᠪᠠᠷ ᠬᠠᠰᠤᠭᠳᠠᠪᠠ᠂ ᠭᠤᠣᠯᠳᠠᠭᠤ ᠲᠦᠷᠭᠡᠨ ᠵᠠᠮ ᠤᠨ ᠤᠯᠠᠭᠠᠨᠬᠠᠳᠠ ᠥᠷᠲᠡᠭᠡ ᠶᠢᠨ ᠤᠶᠢᠷ᠎ᠠ ᠬᠠᠪᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ ᠪᠠᠭᠠᠰᠪᠠ︔ ᠪᠠᠶᠢᠭᠠᠯᠢ ᠶᠢᠨ ᠡᠬᠢ ᠪᠠᠶᠠᠯᠢᠭ ᠲᠡᠯᠡᠶ ᠲᠠᠩᠭᠢᠰ ᠴᠠᠭ ᠠᠭᠤᠷ ᠵᠡᠷᠭᠡ ᠶᠢᠨ ᠵᠠᠷᠤᠯᠭ᠎ᠠ 8.6 ᠳ᠋ᠦᠩᠰᠢᠭᠤᠷ ᠲᠥᠭᠦᠷᠢᠭ᠂ 3.3% ᠪᠠᠷ ᠪᠠᠭᠤᠷᠠᠪᠠ᠂ ᠭᠤᠤᠯᠳᠠᠭᠤ ᠶᠤᠸᠠᠨ ᠪᠦᠦ ᠱᠠᠨ ᠲᠣᠭᠤᠷᠢᠭ ᠤᠨ ᠠᠭᠤᠷᠬᠠᠶ ᠶᠢ ᠰᠡᠷᠭᠦᠭᠡᠨ ᠵᠠᠰᠠᠬᠤ ᠵᠢᠴᠢ ᠨᠢᠭᠡᠨᠲᠡ ᠬᠠᠭᠠᠭᠰᠠᠨ ᠨᠡᠭᠦᠷᠡᠰᠦᠨ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠯᠠ ᠮᠥᠩᠭᠦ ᠠᠳᠠᠯᠢ ᠬᠤᠭᠤᠴᠠᠭᠠᠨ ᠤ ᠬᠢ ᠠᠴᠠ ᠬᠠᠰᠤᠭᠳᠠᠪᠠ᠃         ᠬᠤᠷᠢᠶᠠᠩᠭᠤᠶᠢᠯᠠᠭᠰᠠᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠦᠨᠳᠦᠰᠦᠯᠡᠪᠡᠯ᠂ ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠶᠡᠷᠦᠩᠬᠡᠢ ᠣᠷᠣᠯᠭ᠎ᠠ 696 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 22 ᠳ᠋ᠦᠩᠰᠢᠭᠤᠷ ᠲᠥᠭᠦᠷᠢᠭ ᠬᠠᠰᠤᠭᠳᠠᠵᠤ᠂ 3.1% ᠪᠠᠷ ᠪᠠᠭᠤᠷᠠᠵᠠᠢ᠂ ᠡᠭᠦᠨ ᠳᠤ᠄ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 399.8 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 35.6 ᠳ᠋ᠦᠩᠰᠢᠭᠤᠷ ᠲᠥᠭᠦᠷᠢᠭ ᠬᠠᠰᠤᠭᠳᠠᠪᠠ᠂ ᠭᠤᠣᠯᠳᠠᠭᠤ 2020 ᠣᠨ ᠳᠤ ᠣᠨᠴᠠᠭᠠᠢ ᠰᠢᠯᠵᠢᠭᠦᠯᠦᠨ ᠥᠭᠬᠦ ᠬᠡᠪᠴᠢᠶ᠎ᠡ ᠨᠡᠯᠢᠶᠡᠳ ᠶᠡᠭᠡ᠂ ᠲᠣᠰ ᠵᠢᠯ ᠠᠳᠠᠯᠢ ᠬᠤᠭᠤᠴᠠᠭᠠᠨ ᠤ ᠬᠢ ᠠᠴᠠ ᠬᠠᠰᠤᠭᠳᠠᠪᠠ︔ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 50 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 30.8 ᠳ᠋ᠦᠩᠰᠢᠭᠤᠷ ᠲᠥᠭᠦᠷᠢᠭ ᠬᠠᠰᠤᠭᠳᠠᠪᠠ︔ ᠳᠡᠭᠡᠷ᠎ᠡ ᠵᠢᠯ ᠤᠨ ᠦᠯᠡᠳᠡᠪᠦᠷᠢ 70.3 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 32.7 ᠳ᠋ᠦᠩᠰᠢᠭᠤᠷ ᠲᠥᠭᠦᠷᠢᠭ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠶᠡᠷᠦᠩᠬᠡᠶ ᠵᠠᠷᠤᠯᠭ᠎ᠠ 625.7 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 47.4 ᠳ᠋ᠦᠩᠰᠢᠭᠤᠷ ᠲᠥᠭᠦᠷᠢᠭ ᠬᠠᠰᠤᠭᠳᠠᠵᠤ᠂ 7% ᠪᠠᠷ ᠪᠠᠭᠤᠷᠠᠪᠠ᠂ ᠡᠭᠦᠨ ᠳᠤ᠄ ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ 0.4 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 0.1 ᠳ᠋ᠦᠩᠰᠢᠭᠤᠷ ᠲᠥᠭᠦᠷᠢᠭ ᠨᠡᠮᠡᠭᠳᠡᠪᠡ︔ ᠥᠭᠴᠡᠭᠡᠨ ᠤ ᠡᠬᠡ ᠮᠥᠩᠭᠦ ᠶᠢ ᠪᠤᠴᠠᠭᠠᠭᠰᠠᠨ ᠵᠠᠷᠤᠯᠭ᠎ᠠ 28.4 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 22.1 ᠳ᠋ᠦᠩᠰᠢᠭᠤᠷ ᠲᠥᠭᠦᠷᠢᠭ ᠬᠠᠰᠤᠭᠳᠠᠪᠠ᠃        2. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ ᠢ ᠭᠦᠢᠴᠡᠳᠬᠡᠭᠰᠡᠨ ᠪᠠᠶᠢᠳᠠᠯᠪᠦᠬᠦ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠣᠷᠣᠯᠭ᠎ᠠ 68.8 ᠳ᠋ᠦᠩᠰᠢᠭᠤᠷ ᠲᠥᠭᠦᠷᠢᠭ᠂ ᠵᠢᠯ ᠤᠨ ᠲᠥᠰᠦᠪ ᠢ 84.5% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 85.6 ᠳ᠋ᠦᠩᠰᠢᠭᠤᠷ ᠲᠥᠭᠦᠷᠢᠭ ᠬᠠᠰᠤᠭᠳᠠᠵᠤ᠂ 55.4% ᠪᠠᠷ ᠪᠠᠭᠤᠷᠠᠪᠠ︔ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠵᠠᠷᠤᠯᠭ᠎ᠠ 68.2 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 116 ᠳ᠋ᠦᠩᠰᠢᠭᠤᠷ ᠲᠥᠭᠦᠷᠢᠭ ᠬᠠᠰᠤᠭᠳᠠᠵᠤ᠂ 63% ᠪᠠᠷ ᠪᠠᠭᠤᠷᠠᠪᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠪᠠᠭᠠᠰᠤᠭᠰᠠᠨ ᠤ ᠭᠤᠣᠯ ᠰᠢᠯᠲᠠᠭᠠᠨ ᠨᠢ ᠭᠡᠷ ᠭᠠᠵᠠᠷ ᠰᠢᠷᠣᠢ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠨᠥᠯᠥᠭᠡ ᠪᠠᠷ ᠤᠯᠤᠰ ᠤᠨ ᠥᠮᠴᠢᠯᠡᠯᠲᠦ ᠭᠠᠵᠠᠷ ᠰᠢᠷᠣᠢ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠡᠭᠡ ᠪᠠᠷ ᠬᠠᠰᠤᠬᠳᠠᠬᠰᠡᠨ ᠠᠴᠠ ᠪᠣᠯᠪᠠ᠃       3. ᠤᠯᠤᠰ ᠤᠨ ᠥᠮᠴᠢᠯᠡᠯᠲᠦ ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯᠪᠦᠬᠦ ᠬᠤᠲᠠ ᠶᠢᠨ ᠤᠯᠤᠰ ᠤᠨ ᠥᠮᠴᠢᠯᠡᠯᠲᠦ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 16.4 ᠳ᠋ᠦᠩᠰᠢᠭᠤᠷ ᠲᠥᠭᠦᠷᠢᠭ᠂ ᠵᠢᠯ ᠤᠨ ᠲᠥᠰᠦᠪ ᠢ 68.4% ᠪᠠᠷ ᠪᠡᠶᠡᠯᠡᠭᠦᠯᠵᠦ᠂ ᠭᠤᠣᠯᠳᠠᠭᠤ ᠫᠢᠩᠵᠤᠸᠠᠩ ᠤᠨ ᠨᠡᠭᠦᠷᠡᠰᠦᠨ ᠤ ᠪᠦᠯᠦᠭᠯᠡᠯ ᠤᠨ ᠰᠲ᠋ᠣᠺ ᠤᠨ ᠡᠷᠬᠡ ᠶᠢ ᠰᠢᠯᠵᠢᠭᠦᠯᠦᠨ ᠥᠭᠭᠦᠭᠰᠡᠨ ᠪᠠ 3 ᠳ᠋ᠦᠩᠰᠢᠭᠤᠷ ᠲᠣᠨ ᠮᠠᠯᠲᠠᠵᠤ ᠪᠤᠯᠬᠤᠶᠢᠴᠠ ᠨᠡᠭᠦᠷᠡᠰᠦᠨ ᠤ ᠬᠠᠳᠠᠭᠠᠯᠠᠭᠳᠠᠴᠠ ᠶᠢᠨ ᠬᠡᠮᠵᠢᠶ᠎ᠡ ᠵᠡᠷᠭᠡ ᠣᠷᠣᠯᠭ᠎ᠠ 15.1 ᠳ᠋ᠦᠩᠰᠢᠭᠤᠷ ᠲᠥᠭᠦᠷᠢᠭ︔ ᠤᠯᠤᠰ ᠤᠨ ᠥᠮᠴᠢᠯᠡᠯᠲᠦ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ 7471 ᠲᠦᠮᠡᠨ ᠲᠥᠭᠦᠷᠢᠭ᠃       4. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠭᠦᠢᠴᠡᠳᠬᠡᠭᠰᠡᠨ ᠪᠠᠶᠢᠳᠠᠯ       ᠪᠦᠬᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ 137.1 ᠳ᠋ᠦᠩᠰᠢᠭᠤᠷ ᠲᠥᠭᠦᠷᠢᠭ᠂ ᠵᠢᠯ ᠤᠨ ᠲᠥᠰᠦᠪ ᠢ 108.8% ᠪᠠᠷ ᠪᠡᠶᠡᠯᠡᠭᠦᠯᠵᠦ᠂ 6.4% ᠪᠠᠷ ᠨᠡᠮᠡᠭᠳᠡᠪᠡ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 114.5 ᠳ᠋ᠦᠩᠰᠢᠭᠤᠷ ᠲᠥᠭᠦᠷᠢᠭ᠂ 4.4% ᠪᠠᠷ ᠨᠡᠮᠡᠭᠳᠡᠪᠡ᠃      ︵ᠬᠤᠶᠠᠷ︶ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ      1. ᠡᠩ ᠤᠨ ᠣᠯᠠᠨ ᠨᠡᠶᠢᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯᠬᠤᠲᠠ ᠶᠢᠨ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 11.3 ᠳ᠋ᠦᠩᠰᠢᠭᠤᠷ ᠲᠥᠭᠦᠷᠢᠭ᠂ ᠵᠢᠯ ᠤᠨ ᠲᠥᠰᠦᠪ ᠢ 104.8% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 1.3 ᠳ᠋ᠦᠩᠰᠢᠭᠤᠷ ᠲᠥᠭᠦᠷᠢᠭ ᠨᠡᠮᠡᠭᠳᠡᠨ᠂ 12.4% ᠪᠠᠷ ᠨᠡᠮᠡᠭᠳᠡᠪᠡ᠃ ᠳᠠᠪᠠᠭᠤᠯᠤᠨ ᠬᠤᠷᠢᠶᠠᠭᠰᠠᠨ ᠣᠷᠣᠯᠭ᠎ᠠ 0.5 ᠳ᠋ᠦᠩᠰᠢᠭᠤᠷ ᠲᠥᠭᠦᠷᠢᠭ᠂ ᠲᠥᠰᠦᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ ᠪᠦᠬᠦᠨ ᠢ ᠨᠥᠬᠦᠪᠥᠷᠢᠯᠡᠪᠡ᠃      ᠬᠤᠲᠠ ᠶᠢᠨ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 133.1 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠠᠴᠠ 10.7 ᠳ᠋ᠦᠩᠰᠢᠭᠤᠷ ᠲᠥᠭᠦᠷᠢᠭ ᠬᠠᠰᠤᠭᠳᠠᠵᠤ᠂ 7.4% ᠪᠠᠷ ᠪᠠᠭᠤᠷᠠᠪᠠ᠃ ᠡᠭᠦᠨ ᠳᠤ᠄ ᠰᠤᠷᠭᠠᠨ ᠬᠥᠮᠦᠵᠢᠯ ᠤᠨ ᠵᠠᠷᠤᠯᠭ᠎ᠠ 13 ᠳ᠋ᠦᠩᠰᠢᠭᠤᠷ ᠲᠥᠭᠦᠷᠢᠭ ᠂ 46.2% ᠢᠶᠠᠷ ᠨᠡᠮᠡᠭᠳᠡᠪᠡ᠂ ᠭᠤᠣᠯᠳᠠᠭᠤ ᠰᠢᠨ᠎ᠡ ᠬᠤᠳᠠ ᠶᠢᠨ ᠱᠠᠨ ᠰᠢ ᠶᠢᠩ ᠤᠨ ᠳᠤᠮᠳᠠᠳᠤ ᠪᠠᠭ᠎ᠠ ᠰᠤᠷᠭᠠᠭᠤᠯᠢ᠂ ᠪᠠ ᠵᠢᠶᠠ ᠪᠠᠭ᠎ᠠ ᠰᠤᠷᠭᠠᠭᠤᠯᠢ ᠪᠠ ᠰᠢᠶᠠ ᠸᠠ ᠽᠢ ᠪᠠᠭ᠎ᠠ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢᠨ ᠵᠠᠷᠤᠯᠭ᠎ᠠ ᠨᠡᠮᠡᠭᠳᠡᠪᠡ︔ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 1.2 ᠳ᠋ᠦᠩᠰᠢᠭᠤᠷ ᠲᠥᠭᠦᠷᠢᠭ᠂ 172.7% ᠪᠠᠷ ᠨᠡᠮᠡᠭᠳᠡᠪᠡ᠂ ᠭᠤᠣᠯᠳᠠᠭᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠷᠤᠯᠭ᠎ᠠ ᠨᠡᠮᠡᠭᠳᠡᠪᠡ︔ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 4 ᠳ᠋ᠦᠩᠰᠢᠭᠤᠷ ᠲᠥᠭᠦᠷᠢᠭ᠂ 65.9% ᠪᠠᠷ ᠨᠡᠮᠡᠭᠳᠡᠪᠡ᠂ ᠭᠤᠣᠯᠳᠠᠭᠤ ᠯᠢᠶᠣᠤ ᠤᠯᠤᠰ ᠤᠨ ᠦᠶ᠎ᠡ ᠶᠢᠨ ᠲᠡᠦᠬᠡ ᠶᠢᠨ ᠮᠦᠽᠧᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠨᠡᠮᠡᠭᠳᠡᠪᠡ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 9.5 ᠳ᠋ᠦᠩᠰᠢᠭᠤᠷ ᠲᠥᠭᠦᠷᠢᠭ᠂ 72.8% ᠪᠠᠷ ᠪᠠᠭᠤᠷᠠᠪᠠ᠂ ᠭᠤᠤᠯᠳᠠᠭᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠲᠥᠯᠥᠪᠯᠡᠬᠦ ᠶᠢ ᠬᠡᠷᠡᠭᠵᠢᠭᠦᠯᠵᠦ᠂ ᠵᠣᠬᠢᠬᠤ ᠳᠠᠭᠠᠳᠬᠠᠯ ᠤᠨ ᠲᠥᠷᠥᠯ ᠤᠨ ᠨᠥᠬᠦᠪᠥᠷᠢ ᠶᠢᠨ ᠵᠠᠷᠤᠯᠭ᠎ᠠ ᠶᠡᠭᠡ ᠪᠠᠷ ᠪᠠᠭᠠᠰᠤᠭᠰᠠᠨ ᠠᠴᠠ ᠪᠣᠯᠪᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 22.6 ᠳ᠋ᠦᠩᠰᠢᠭᠤᠷ ᠲᠥᠭᠦᠷᠢᠭ᠂ 3.3% ᠪᠠᠷ ᠪᠠᠭᠤᠷᠠᠪᠠ᠂ ᠭᠤᠤᠯᠳᠠᠭᠤ 2020 ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠷᠤᠯᠭ᠎ᠠ ᠶᠢᠨ ᠬᠡᠪᠴᠢᠶ᠎ᠡ ᠨᠡᠯᠢᠶᠡᠳ ᠶᠡᠭᠡ ᠪᠠᠶᠢᠵᠤ᠂ ᠲᠣᠰ ᠵᠢᠯ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ ᠪᠠᠭᠠᠰᠪᠠ︔ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ ᠵᠠᠷᠤᠯᠭ᠎ᠠ 1.8 ᠳ᠋ᠦᠩᠰᠢᠭᠤᠷ ᠲᠥᠭᠦᠷᠢᠭ᠂ 52.1% ᠪᠠᠷ ᠨᠡᠮᠡᠭᠳᠡᠪᠡ᠂ ᠭᠤᠣᠯᠳᠠᠭᠤ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢᠨ ᠵᠠᠷᠤᠯᠭ᠎ᠠ ᠨᠡᠮᠡᠭᠳᠡᠪᠡ︔ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ 32.3 ᠳ᠋ᠦᠩᠰᠢᠭᠤᠷ ᠲᠥᠭᠦᠷᠢᠭ᠂ 58.2% ᠪᠠᠷ ᠨᠡᠮᠡᠭᠳᠡᠪᠡ᠂ ᠭᠤᠣᠯᠳᠠᠭᠤ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠶᠢᠷ᠎ᠠ ᠬᠠᠪᠢ ᠶᠢᠨ ᠪᠥᠷᠬᠡᠲᠦ ᠲᠣᠭᠤᠷᠢᠭ ᠢ ᠥᠭᠡᠷᠡᠴᠢᠯᠡᠨ ᠵᠠᠰᠠᠬᠤ ᠪᠠ ᠳᠤᠮᠳᠠ ᠲᠣᠭᠤᠷᠢᠯ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠦᠯ ᠵᠦᠢᠯ ᠤᠨ ᠵᠠᠷᠤᠯᠭ᠎ᠠ ᠨᠡᠮᠡᠭᠳᠡᠪᠡ︔ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 12.7 ᠳ᠋ᠦᠩᠰᠢᠭᠤᠷ ᠲᠥᠭᠦᠷᠢᠭ᠂ 109.6% ᠪᠠᠷ ᠨᠡᠮᠡᠭᠳᠡᠪᠡ᠂ ᠭᠤᠣᠯᠳᠠᠭᠤ ᠬᠤᠳᠠ ᠲᠣᠭᠤᠷᠢᠭ ᠤᠨ ᠦᠶᠡᠷ ᠢ ᠰᠡᠷᠭᠡᠶᠢᠯᠡᠬᠦ ᠪᠠ ᠬᠤᠳᠠ ᠲᠣᠭᠤᠷᠢᠭᠰᠠᠨ ᠤᠰᠤᠨ ᠰᠢᠰᠲ᠋ᠧᠮ ᠢ ᠵᠠᠰᠠᠬᠤ ᠢᠨᠵᠧᠨᠧᠷᠢᠩ ᠤᠨ ᠵᠠᠷᠤᠯᠭ᠎ᠠ ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 14.1 ᠳ᠋ᠦᠩᠰᠢᠭᠤᠷ ᠲᠥᠭᠦᠷᠢᠭ ᠂ 47.4% ᠪᠠᠷ ᠪᠠᠭᠤᠷᠠᠪᠠ᠂ ᠭᠤᠤᠯᠳᠠᠭᠤ 2020 ᠣᠨ ᠳᠤ ᠲᠦᠷᠭᠡᠨ ᠵᠠᠮ ᠤᠨ ᠤᠯᠠᠭᠠᠨᠬᠠᠳᠠ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠷᠤᠯᠭ᠎ᠠ ᠶᠢᠨ ᠬᠡᠪᠴᠢᠶ᠎ᠡ ᠨᠡᠯᠢᠶᠡᠳ ᠶᠡᠭᠡ ᠪᠠᠶᠢᠵᠤ᠂ ᠲᠣᠰ ᠵᠢᠯ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ ᠪᠠᠭᠠᠰᠪᠠ︔ ᠡᠬᠢ ᠪᠠᠶᠠᠯᠢᠭ ᠤᠨ ᠬᠠᠶᠢᠨ ᠰᠢᠨᠵᠢᠯᠡᠯᠲᠡ ᠮᠡᠳᠡᠭᠡ ᠵᠠᠩᠭᠢ ᠵᠡᠷᠭᠡ ᠶᠢᠨ ᠵᠠᠷᠤᠯᠭ᠎ᠠ 1.3 ᠳ᠋ᠦᠩᠰᠢᠭᠤᠷ ᠲᠥᠭᠦᠷᠢᠭ᠂ 181.4% ᠪᠠᠷ ᠨᠡᠮᠡᠭᠳᠡᠪᠡ᠂ ᠭᠤᠣᠯᠳᠠᠭᠤ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠵᠦᠢᠯᠡᠰ ᠤᠨ ᠵᠠᠷᠤᠯᠭ᠎ᠠ ᠨᠡᠮᠡᠭᠳᠡᠪᠡ᠃ ᠮᠥᠩᠭᠦᠨ ᠭᠦᠢᠯᠭᠡᠭᠡᠨ ᠤ ᠵᠠᠷᠤᠯᠭ᠎ᠠ 1.5 ᠳ᠋ᠦᠩᠰᠢᠭᠤᠷ ᠲᠥᠭᠦᠷᠢᠭ᠂ 917.5% ᠪᠠᠷ ᠨᠡᠮᠡᠭᠳᠡᠪᠡ᠂ ᠭᠤᠣᠯᠳᠠᠭᠤ ᠪᠡᠯᠡ ᠣᠷᠤᠭᠤᠯᠬᠤ ᠳᠠᠭᠠᠭᠠᠯᠲᠠ ᠬᠢᠬᠦ ᠪᠦᠯᠦᠭᠯᠡᠯ ᠤᠨ ᠳᠠᠩᠰᠠᠯᠠᠭᠤᠯᠤᠭᠰᠠᠨ ᠬᠥᠷᠥᠩᠭᠡ ᠮᠥᠩᠭᠦ ᠶᠢ 1.4 ᠳ᠋ᠦᠩᠰᠢᠭᠤᠷ ᠲᠥᠭᠦᠷᠢᠭ ᠰᠢᠯᠵᠢᠭᠦᠯᠦᠨ ᠥᠭᠪᠡ᠃       2. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ ᠢ ᠭᠦᠢᠴᠡᠳᠬᠡᠭᠰᠡᠨ ᠪᠠᠶᠢᠳᠠᠯ       ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠣᠷᠣᠯᠭ᠎ᠠ 26.7 ᠳ᠋ᠦᠩᠰᠢᠭᠤᠷ ᠲᠥᠭᠦᠷᠢᠭ᠂ ᠵᠢᠯ ᠤᠨ ᠲᠥᠰᠦᠪ ᠢ 85% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 26.2 ᠳ᠋ᠦᠩᠰᠢᠭᠤᠷ ᠲᠥᠭᠦᠷᠢᠭ ᠬᠠᠰᠤᠭᠳᠠᠵᠤ᠂ 49.5% ᠪᠠᠷ ᠪᠠᠭᠤᠷᠠᠪᠠ︔ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠵᠠᠷᠤᠯᠭ᠎ᠠ 27.4 ᠳ᠋ᠦᠩᠰᠢᠭᠤᠷ ᠲᠥᠭᠦᠷᠢᠭ ᠂ ᠳᠡᠭᠡᠷ᠎ᠡ ᠵᠢᠯ ᠠᠴᠠ 35.8 ᠳ᠋ᠦᠩᠰᠢᠭᠤᠷ ᠲᠥᠭᠦᠷᠢᠭ ᠬᠠᠰᠤᠭᠳᠠᠵᠤ᠂ 56.6% ᠪᠠᠷ ᠪᠠᠭᠤᠷᠠᠪᠠ᠃       3. ᠤᠯᠤᠰ ᠤᠨ ᠥᠮᠴᠢᠯᠡᠯᠲᠦ ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ       ᠬᠤᠲᠠ ᠶᠢᠨ ᠲᠣᠰ ᠱᠠᠲᠤᠨ ᠤ ᠤᠯᠤᠰ ᠤᠨ ᠥᠮᠴᠢᠯᠡᠯᠲᠦ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 15.1 ᠳ᠋ᠦᠩᠰᠢᠭᠤᠷ ᠲᠥᠭᠦᠷᠢᠭ᠂ ᠵᠢᠯ ᠤᠨ ᠲᠥᠰᠦᠪ ᠢ 99.7% ᠪᠠᠷ ᠪᠡᠶᠡᠯᠡᠭᠦᠯᠪᠡ︔ ᠤᠯᠤᠰ ᠤᠨ ᠥᠮᠴᠢᠯᠡᠯᠲᠦ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ 3120 ᠲᠦᠮᠡᠨ ᠲᠥᠭᠦᠷᠢᠭ ᠪᠤᠯᠤᠨ᠎ᠠ᠃       4. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠭᠦᠢᠴᠡᠳᠬᠡᠭᠰᠡᠨ ᠪᠠᠶᠢᠳᠠᠯ       ᠬᠤᠲᠠ ᠶᠢᠨ ᠲᠣᠰ ᠱᠠᠲᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ 77.7 ᠳ᠋ᠦᠩᠰᠢᠭᠤᠷ ᠲᠥᠭᠦᠷᠢᠭ᠂ ᠵᠢᠯ ᠤᠨ ᠲᠥᠰᠦᠪ ᠢ 111.9% ᠪᠠᠷ ᠪᠡᠶᠡᠯᠡᠭᠦᠯᠵᠦ᠂ 9% ᠪᠠᠷ ᠪᠠᠭᠤᠷᠠᠪᠠ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 60.5 ᠳ᠋ᠦᠩᠰᠢᠭᠤᠷ ᠲᠥᠭᠦᠷᠢᠭ᠂ 24.5% ᠪᠠᠷ ᠨᠡᠮᠡᠭᠳᠡᠪᠡ᠂ ᠭᠤᠤᠯᠳᠠᠭᠤ 2020 ᠣᠨ ᠳᠤ ᠬᠢᠵᠢᠭ ᠤᠨ ᠨᠥᠯᠥᠭᠡ ᠠᠴᠠ ᠪᠣᠯᠵᠣ ᠡᠮᠨᠡᠭᠦᠯᠦᠭᠰᠡᠨ ᠨᠣᠷᠮ᠎ᠠ ᠳᠤᠤᠷ᠎ᠠ ᠪᠠᠶᠢᠵᠤ᠂ ᠲᠣᠰ ᠵᠢᠯ ᠤᠨ ᠡᠮᠨᠡᠭᠦᠯᠦᠭᠰᠡᠨ ᠬᠥᠮᠦᠨ ᠪᠠ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠴᠥᠮ ᠳᠡᠭᠡᠭᠰᠢᠯᠡᠪᠡ᠃      ︵ᠭᠤᠷᠪᠠ︶ ᠬᠤᠰᠢᠭᠤ ᠰᠢᠶᠠᠨ ᠲᠣᠭᠤᠷᠢᠭ ᠲᠤ ᠰᠢᠯᠵᠢᠭᠦᠯᠦᠨ ᠥᠭᠭᠦᠭᠰᠡᠨ ᠪᠠᠶᠢᠳᠠᠯ      ᠡᠩ ᠤᠨ ᠣᠯᠠᠨ ᠨᠡᠶᠢᠲᠡ ᠶᠢᠨ ᠲᠥᠰᠦᠪ ᠤᠨ ᠬᠤᠰᠢᠭᠤ ᠰᠢᠶᠠᠨ ᠲᠣᠭᠤᠷᠢᠭ ᠲᠤ ᠰᠢᠯᠵᠢᠭᠦᠯᠦᠨ ᠥᠭᠭᠦᠭᠰᠡᠨ ᠵᠠᠷᠤᠯᠭ᠎ᠠ 324.6 ᠳ᠋ᠦᠩᠰᠢᠭᠤᠷ ᠲᠥᠭᠦᠷᠢᠭ ᠂ ᠡᠭᠦᠨ ᠳᠤ᠄ ᠲᠥᠪ ᠪᠠ ᠥᠪᠡᠷᠲᠡᠭᠡᠨ ᠵᠠᠰᠠᠬᠤ ᠣᠷᠣᠨ ᠤ 310.2 ᠳ᠋ᠦᠩᠰᠢᠭᠤᠷ ᠲᠥᠭᠦᠷᠢᠭ᠂ ᠬᠤᠲᠠ ᠶᠢᠨ ᠲᠣᠰ ᠱᠠᠲᠤᠨ ᠤ 14.4 ᠳ᠋ᠦᠩᠰᠢᠭᠤᠷ ᠲᠥᠭᠦᠷᠢᠭ᠃ ᠰᠢᠯᠵᠢᠭᠦᠯᠦᠨ ᠥᠭᠭᠦᠭᠰᠡᠨ ᠵᠠᠷᠤᠯᠭ᠎ᠠ ᠶᠢᠨ ᠲᠦᠷᠦᠯ ᠢᠶᠠᠷ ᠬᠤᠪᠢᠶᠠᠷᠢᠯᠠᠪᠠᠯ᠂ ᠡᠩ ᠤᠨ ᠴᠢᠨᠠᠷᠲᠠᠢ ᠰᠢᠯᠵᠢᠭᠦᠯᠦᠨ ᠥᠭᠭᠦᠭᠰᠡᠨ ᠵᠠᠷᠤᠯᠭ᠎ᠠ 271.1 ᠳ᠋ᠦᠩᠰᠢᠭᠤᠷ ᠲᠥᠭᠦᠷᠢᠭ᠂ ᠲᠤᠰᠬᠠᠢ ᠲᠦᠷᠦᠯ ᠢᠶᠠᠷ ᠰᠢᠯᠵᠢᠭᠦᠯᠦᠨ ᠥᠭᠭᠦᠭᠰᠡᠨ ᠵᠠᠷᠤᠯᠭ᠎ᠠ 53.5 ᠳ᠋ᠦᠩᠰᠢᠭᠤᠷ ᠲᠥᠭᠦᠷᠢᠭ ᠪᠣᠯᠤᠨ᠎ᠠ᠃       ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠠᠴᠠ ᠬᠤᠰᠢᠭᠤ ᠰᠢᠶᠠᠨ ᠲᠣᠭᠤᠷᠢᠭ ᠲᠤ 3.6 ᠳ᠋ᠦᠩᠰᠢᠭᠤᠷ ᠲᠥᠭᠦᠷᠢᠭ ᠰᠢᠯᠵᠢᠭᠦᠯᠦᠨ ᠥᠭᠭᠦᠪᠡ᠂ ᠡᠭᠦᠨ ᠳᠤ᠄ ᠲᠥᠪ ᠪᠠ ᠥᠪᠡᠷᠲᠡᠭᠡᠨ ᠵᠠᠰᠠᠬᠤ ᠣᠷᠣᠨ ᠤ 2.9 ᠳ᠋ᠦᠩᠰᠢᠭᠤᠷ ᠲᠥᠭᠦᠷᠢᠭ᠂ ᠬᠤᠲᠠ ᠶᠢᠨ ᠲᠣᠰ ᠱᠠᠲᠤᠨ ᠤ 0.7 ᠳ᠋ᠦᠩᠰᠢᠭᠤᠷ ᠲᠥᠭᠦᠷᠢᠭ᠃      ︵ᠳᠥᠷᠪᠡ︶ ᠵᠢᠭᠡᠯᠡᠯᠭᠡ ᠥᠷᠢ ᠥᠭᠴᠡᠭᠡ ᠶᠢᠨ ᠪᠠᠶᠢᠳᠠᠯ      ᠪᠦᠬᠦ ᠬᠤᠲᠠ ᠥᠪᠡᠷᠲᠡᠭᠡᠨ ᠵᠠᠰᠠᠬᠤ ᠣᠷᠣᠨ ᠢᠶᠠᠷ ᠳᠠᠮᠵᠢᠭᠤᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 97.2 ᠳ᠋ᠦᠩᠰᠢᠭᠤᠷ ᠲᠥᠭᠦᠷᠢᠭ ᠤᠷᠤᠯᠠᠭᠤᠯᠤᠨ ᠲᠠᠷᠬᠠᠭᠠᠪᠠ᠂ ᠡᠭᠦᠨ ᠳᠤ᠄ 42.3 ᠳ᠋ᠦᠩᠰᠢᠭᠤᠷ ᠲᠥᠭᠦᠷᠢᠭ ᠵᠢᠭᠡᠯᠡᠯᠭᠡ ᠶᠢᠨ ᠲᠡᠮᠳᠡᠭᠲᠦ ᠶᠢ ᠰᠢᠨ᠎ᠡ ᠪᠠᠷ ᠨᠡᠮᠡᠭᠳᠡᠭᠦᠯᠵᠦ᠂ ᠪᠦᠬᠦ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠴᠢᠬᠤᠯᠠ ᠶᠡᠭᠡ ᠲᠥᠷᠦᠯ ᠵᠦᠢᠯ ᠵᠡᠷᠭᠡ ᠳᠤ ᠬᠡᠷᠡᠭᠯᠡᠪᠡ︔ ᠳᠠᠬᠢᠨ ᠪᠠᠯᠠ ᠲᠤᠬᠢᠷᠠᠭᠤᠯᠤᠬᠰᠡᠨ ᠵᠢᠭᠡᠯᠡᠯᠭᠡ ᠶᠢᠨ ᠲᠡᠮᠳᠡᠭᠲᠦ 54.9 ᠳ᠋ᠦᠩᠰᠢᠭᠤᠷ ᠲᠥᠭᠦᠷᠢᠭ᠂ ᠬᠤᠭᠤᠴᠠᠭ᠎ᠠ ᠲᠤᠯᠤᠭᠰᠠᠨ ᠥᠭᠴᠡᠭᠡ ᠶᠢ ᠳᠥᠯᠥᠬᠦ ᠳᠤ ᠬᠡᠷᠡᠭᠯᠡᠪᠡ᠃ ᠪᠦᠬᠦ ᠬᠤᠲᠠ ᠶᠢᠨ ᠬᠢᠵᠠᠭᠠᠷᠯᠠᠭᠰᠠᠨ ᠲᠤᠭ᠎ᠠ ᠶᠢᠨ ᠳᠣᠲᠣᠷᠠᠬᠢ ᠵᠠᠰᠠᠭ ᠤᠨ ᠣᠷᠳᠣᠨ ᠤ ᠥᠭᠴᠡᠭᠡ ᠶᠢᠨ ᠦᠯᠡᠳᠡᠪᠦᠷᠢ 562.6 ᠳ᠋ᠦᠩᠰᠢᠭᠤᠷ ᠲᠥᠭᠦᠷᠢᠭ᠃      ᠬᠤᠲᠠ ᠶᠢᠨ ᠲᠣᠰ ᠱᠠᠲᠤ ᠨᠢ ᠥᠪᠡᠷᠲᠡᠭᠡᠨ ᠵᠠᠰᠠᠬᠤ ᠣᠷᠣᠨ ᠢᠶᠠᠷ ᠳᠠᠮᠵᠢᠭᠤᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 14.5 ᠳ᠋ᠦᠩᠰᠢᠭᠤᠷ ᠲᠥᠭᠦᠷᠢᠭ ᠤᠷᠤᠯᠠᠭᠤᠯᠤᠨ ᠲᠠᠷᠬᠠᠭᠠᠪᠠ᠂ ᠡᠭᠦᠨ ᠳᠤ᠄ 13.7 ᠳ᠋ᠦᠩᠰᠢᠭᠤᠷ ᠲᠥᠭᠦᠷᠢᠭ ᠵᠢᠭᠡᠯᠡᠯᠭᠡ ᠶᠢᠨ ᠲᠡᠮᠳᠡᠭᠲᠦ ᠶᠢ ᠰᠢᠨ᠎ᠡ ᠪᠠᠷ ᠨᠡᠮᠡᠭᠳᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠦᠯ ᠵᠦᠢᠯ ᠳᠤ ᠬᠡᠷᠡᠭᠯᠡᠪᠡ︔ ᠳᠠᠬᠢᠨ ᠪᠠᠯᠠ ᠲᠣᠬᠢᠷᠠᠭᠤᠯᠤᠬᠰᠡᠨ ᠵᠢᠭᠡᠯᠡᠯᠭᠡ ᠶᠢᠨ ᠲᠡᠮᠳᠡᠭᠲᠦ 0.8 ᠳ᠋ᠦᠩᠰᠢᠭᠤᠷ ᠲᠥᠭᠦᠷᠢᠭ᠂ ᠬᠢᠵᠠᠭᠠᠷᠯᠠᠭᠰᠠᠨ ᠲᠤᠭ᠎ᠠ ᠶᠢᠨ ᠳᠣᠲᠣᠷᠠᠬᠢ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢ ᠪᠤᠴᠠᠭᠠᠬᠤ ᠳᠤ ᠬᠡᠷᠡᠭᠯᠡᠪᠡ᠃ ᠬᠤᠲᠠ ᠶᠢᠨ ᠲᠣᠰ ᠱᠠᠲᠤᠨ ᠤ ᠬᠢᠵᠠᠭᠠᠷᠯᠠᠭᠰᠠᠨ ᠲᠤᠭ᠎ᠠ ᠶᠢᠨ ᠳᠣᠲᠣᠷᠠᠬᠢ ᠵᠠᠰᠠᠭ ᠤᠨ ᠣᠷᠳᠣᠨ ᠤ ᠥᠭᠴᠡᠭᠡ ᠶᠢᠨ ᠦᠯᠡᠳᠡᠪᠦᠷᠢ 115 ᠳ᠋ᠦᠩᠰᠢᠭᠤᠷ ᠲᠥᠭᠦᠷᠢᠭ᠃     ᠬᠤᠶᠠᠷ᠂ 2021 ᠣᠨ ᠤ ᠭᠤᠣᠯ ᠠᠵᠢᠯ ᠢ ᠪᠡᠶᠡᠯᠡᠭᠦᠯᠦᠭᠰᠡᠨ ᠪᠠᠶᠢᠳᠠᠯ      2021 ᠣᠨ ᠳᠤ᠂ ᠪᠥᠬᠦ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠭᠲᠠᠭᠤᠨ ᠮᠦᠷᠳᠡᠬᠡᠨ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠠᠶᠢᠵᠢᠮ ᠢ ᠪᠠᠷᠢᠮᠲᠠᠯᠠᠵᠤ᠂ ᠠᠵᠤ ᠠᠬᠤᠶ ᠪᠠᠭᠤᠷᠠᠬᠤ ᠳᠠᠷᠤᠯᠲᠠ ᠶᠢ ᠠᠷᠭᠠᠴᠠᠭᠠᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢ ᠬᠤᠪᠢ ᠨᠡᠮᠡᠷᠢ ᠦᠵᠡᠭᠦᠯᠪᠡ᠃     ︵ᠨᠢᠭᠡ︶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠨᠢᠭᠡ ᠳᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠲᠤᠤᠱᠯᠠᠭᠤᠯᠵᠦ᠂ ᠠᠵᠤ ᠠᠬᠤᠶᠢᠯᠠᠯ ᠤᠨ ᠬᠦᠴᠢᠷᠳᠡᠯ ᠢ ᠪᠦᠲᠦᠮᠵᠢᠲᠡᠢ ᠨᠠᠮᠳᠠᠭᠤᠯᠤᠨ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠲᠡᠮᠵᠢᠪᠡ᠃ ᠬᠤᠶᠠᠷ ᠲᠤ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢ ᠨᠠᠶᠢᠳᠠᠪᠤᠷᠢᠵᠢᠭᠤᠯᠤᠨ ᠪᠠᠶᠢᠡᠭᠭᠤᠵᠢᠭᠤᠯᠵᠤ᠂ ᠪᠦᠬᠦ ᠵᠢᠯ ᠳᠤ ᠬᠤᠰᠢᠭᠤ ᠰᠢᠶᠠᠨ ᠲᠤᠭᠤᠷᠢᠭ ᠲᠤ ᠲᠥᠪ ᠤᠨ ᠰᠢᠭᠤᠳ ᠬᠦᠷᠭᠡᠬᠦ ᠪᠡᠯᠡ ᠮᠥᠩᠭᠦ ᠶᠢ 64 ᠳ᠋ᠦᠩᠰᠢᠭᠤᠷ ᠲᠥᠭᠦᠷᠢᠭ ᠪᠠᠭᠤᠯᠭᠠᠵᠦ᠂ ᠰᠢᠭᠤᠳ ᠬᠦᠷᠬᠡᠬᠦ ᠪᠡᠯᠡ ᠮᠥᠩᠭᠦ ᠶᠢ ᠬᠢᠨᠠᠨ ᠡᠵᠡᠮᠳᠡᠬᠦ ᠰᠢᠰᠲ᠋ᠧᠮ ᠢ ᠭᠦᠢᠴᠡᠳ ᠠᠰᠢᠭᠯᠠᠨ᠂ ᠪᠡᠯᠡ ᠮᠥᠩᠭᠦ ᠶᠢᠨ ᠬᠡᠷᠡᠭᠯᠡᠭᠰᠡᠨ ᠬᠠᠨᠳᠤᠰᠢ ᠪᠠ ᠬᠡᠷᠡᠭᠴᠡᠭᠡ ᠶᠢ ᠴᠢᠩᠭ᠎ᠠ ᠠᠩᠬᠠᠷᠴᠤ᠂ ᠪᠡᠯᠡ ᠮᠥᠩᠭᠦ ᠶᠢ ᠲᠦᠷᠢᠮᠵᠢᠯ ᠲᠠᠢ ᠠᠮᠤᠷ ᠲᠦᠪᠰᠢᠨ ᠥᠨᠳᠥᠷ ᠠᠰᠢᠭᠯᠠᠮᠵᠢᠳᠠᠢ ᠬᠡᠷᠡᠭᠯᠡᠬᠦ ᠶᠢ ᠪᠠᠲᠤᠯᠠᠪᠠ᠃ ᠭᠤᠷᠪᠠ ᠳᠤ ᠳᠡᠭᠡᠳᠦ ᠱᠠᠲᠤᠨ ᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ ᠮᠥᠩᠭᠦ ᠶᠢ 46.2 ᠳ᠋ᠦᠩᠰᠢᠭᠤᠷ ᠲᠥᠭᠦᠷᠢᠭ ᠤᠯᠬᠤ ᠪᠠᠷ ᠢᠳᠡᠪᠬᠢᠯᠡᠨ ᠴᠢᠷᠮᠠᠶᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠪᠡᠯᠡ ᠮᠥᠩᠭᠦ ᠶᠢ 42.3 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠲᠡᠢ ᠳᠡᠮᠵᠢᠪᠡ᠃ ᠲᠦᠷᠪᠡ ᠳᠤ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠨ᠂ ᠪᠦᠬᠦ ᠵᠢᠯ ᠳᠤ ᠡᠩ ᠤᠨ ᠴᠢᠨᠠᠷᠲᠠᠢ ᠵᠠᠷᠤᠯᠭ᠎ᠠ ᠶᠢ 3.1% ᠪᠠᠷ ᠪᠠᠭᠠᠰᠬᠠᠨ᠂ ᠪᠡᠯᠡ ᠮᠥᠩᠭᠦ ᠶᠢ ᠠᠷᠪᠢᠯᠠᠵᠤ ᠭᠤᠣᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠳᠤ ᠨᠢᠭᠡᠳᠦᠯᠲᠡᠢ ᠲᠦᠯᠦᠪᠵᠢᠬᠦᠯᠦᠨ ᠬᠡᠷᠡᠭᠯᠡᠪᠡ᠃ ᠲᠠᠪᠤ ᠳᠤ᠂ ᠬᠠᠳᠠᠭᠠᠯᠠᠭᠰᠠᠨ ᠪᠠᠯᠠ ᠮᠥᠩᠭᠦ ᠶᠢ ᠠᠮᠢᠳᠤᠯᠢᠭ ᠢᠶᠠᠷ ᠬᠡᠷᠡᠭᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠪᠥᠬᠦ ᠵᠢᠯ ᠳᠤ ᠰᠠᠯᠠᠭ᠎ᠠ ᠮᠥᠴᠢᠷ ᠤᠨ ᠦᠯᠡᠳᠡᠭᠡᠯ ᠪᠠᠯᠠ ᠮᠥᠩᠭᠦ ᠶᠢ 8167 ᠲᠦᠮᠡᠨ ᠲᠥᠭᠦᠷᠢᠭ ᠬᠤᠷᠢᠶᠠᠨ ᠠᠪᠴᠤ᠂ ︽ᠭᠤᠷᠪᠠ ᠶᠢ ᠪᠠᠲᠤᠯᠠᠬᠤ︾ ᠪᠠ ᠭᠤᠤᠯᠳᠠᠯᠭ᠎ᠠ ᠲᠠᠢ ᠬᠦᠷᠢᠶᠡᠨ ᠳᠠᠬᠢ ᠵᠠᠷᠤᠯᠭ᠎ᠠ ᠳᠤ ᠨᠢᠭᠡᠳᠦᠯᠲᠡᠶ ᠲᠦᠯᠦᠪᠵᠢᠬᠦᠯᠦᠨ ᠬᠡᠷᠡᠭᠯᠡᠪᠡ᠃      ︵ᠬᠤᠶᠠᠷ︶ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠲᠡᠢ ᠪᠥᠭᠡᠳ ᠪᠦᠲᠦᠮᠵᠢᠲᠡᠢ ᠪᠣᠯᠭᠠᠪᠠ᠃ ᠪᠦᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 401.3 ᠳ᠋ᠦᠩᠰᠢᠭᠤᠷ ᠲᠥᠭᠦᠷᠢᠭ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 70.4% ᠶᠢ ᠡᠵᠡᠯᠡᠪᠡ᠃ ᠨᠢᠭᠡ ᠳᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠦᠬᠦ ᠬᠦᠴᠦᠨ ᠢᠶᠠᠷ ᠲᠤᠭᠳᠠᠪᠤᠷᠢᠵᠢᠭᠤᠯᠪᠠ ᠃ ᠠᠵᠢᠯ ᠣᠯᠭᠤᠯᠲᠠ ᠶᠢᠨ ᠨᠥᠬᠦᠪᠥᠷᠢ ᠪᠡᠯᠡ ᠮᠥᠩᠭᠦ ᠶᠢ 3.9 ᠳ᠋ᠦᠩᠰᠢᠭᠤᠷ ᠲᠥᠭᠦᠷᠢᠭ ᠪᠠᠭᠤᠯᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠶᠢ ᠲᠡᠷᠢᠭᠦᠨ ᠳᠤ ᠲᠠᠯᠪᠢᠬᠤ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ ᠶᠢ 1 ᠳ᠋ᠦᠩᠰᠢᠭᠤᠷ ᠲᠥᠭᠦᠷᠢᠭ ᠪᠠᠭᠤᠯᠭᠠᠵᠤ᠂ ᠠᠵᠤ ᠠᠬᠤᠶᠢᠯᠠᠯ ᠤᠨ ᠪᠣᠯᠪᠠᠰᠤᠷᠠᠯ ᠤᠨ ᠠᠵᠢᠯ ᠢ ᠳᠠᠮᠵᠢᠵᠤ᠂ ᠠᠵᠢᠯ ᠤᠨ ᠪᠠᠶᠢᠷᠢ ᠰᠢᠯᠵᠢᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠪᠡ᠃ ᠬᠤᠶᠠᠷ ᠲᠤ᠂ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠬᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠨᠥᠬᠦᠪᠥᠷᠢ ᠮᠥᠩᠭᠦ ᠶᠢ 10 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠪᠠ᠃ ᠬᠤᠳᠠ ᠬᠥᠳᠡᠭᠡ ᠶᠢᠨ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠤᠨ ᠠᠪᠤᠷᠠᠨ ᠲᠤᠰᠠᠯᠠᠬᠤ ᠨᠥᠬᠦᠪᠥᠷᠢ ᠮᠥᠩᠭᠦ ᠶᠢ 14.3 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ ᠬᠥᠮᠦᠨ ᠳᠤᠮᠳᠠᠴᠢ ᠪᠠᠷ ᠲᠤᠰ ᠲᠤᠰ 25 ᠲᠥᠭᠦᠷᠢᠭ ᠪᠠ 29.3 ᠲᠥᠭᠦᠷᠢᠭ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ ᠬᠥᠮᠦᠨ ᠳᠤᠮᠳᠠᠴᠢ ᠪᠠᠷ 41.7 ᠲᠥᠭᠦᠷᠢᠭ ᠳᠡᠭᠡᠭᠰᠢᠯᠡᠭᠦᠯᠪᠡ᠃ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠳᠤ 1.6 ᠳ᠋ᠦᠩᠰᠢᠭᠤᠷ ᠲᠥᠭᠦᠷᠢᠭ ᠤᠨ ᠨᠥᠬᠦᠪᠥᠷᠢ ᠮᠥᠩᠭᠦ ᠪᠠᠭᠤᠯᠭᠠᠵᠤ᠂ ᠵᠡᠮᠳᠡᠭᠴᠦᠳ ᠤᠨ ᠠᠵᠢᠯ ᠤᠯᠭᠤᠯᠳᠠ ᠪᠠ ᠡᠮᠴᠢᠯᠡᠭᠡ ᠬᠢᠬᠦ ᠶᠢ ᠲᠡᠳᠬᠦᠬᠦ ᠲᠥᠷᠦ ᠶᠢᠨ ᠪᠣᠳᠣᠯᠭ᠎ᠠ ᠶᠢ ᠨᠠᠢᠳᠠᠪᠤᠷᠢᠵᠢᠭᠤᠯᠪᠠ᠃ ᠥᠨᠳᠥᠷ ᠨᠠᠰᠤᠨ ᠤ ᠨᠥᠬᠦᠪᠥᠷᠢ ᠮᠦᠡᠭᠬᠦ ᠶᠢ 7877 ᠲᠦᠮᠡᠨ ᠲᠥᠭᠦᠷᠢᠭ ᠪᠠᠭᠤᠯᠭᠠᠵᠤ᠂ ᠨᠠᠰᠤᠲᠠᠶᠢᠴᠤᠳ ᠤᠨ ᠬᠦᠷᠳᠡᠭᠡᠮᠵᠢ ᠶᠢᠨ ᠲᠥᠷᠥᠭᠳᠡᠯ ᠪᠠ ᠵᠤᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ ᠃ ᠭᠤᠷᠪᠠ ᠳᠤ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠬᠦᠯᠪᠡ᠃ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠵᠢᠴᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠲᠤᠰᠬᠠᠶ ᠪᠠᠯᠠ ᠮᠥᠩᠭᠦ ᠶᠢ 2.1 ᠳ᠋ᠦᠩᠰᠢᠭᠤᠷ ᠲᠥᠭᠦᠷᠢᠭ ᠪᠠᠭᠤᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ ᠡᠰᠢᠲᠦ ᠬᠥᠭᠵᠢᠯᠲᠡ ᠶᠢ ᠳᠡᠮᠵᠢᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠵᠡᠷᠭᠡ ᠳᠤ 10 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠬᠤᠲᠠ ᠶᠢᠨ 38 ᠲᠦᠮᠡᠨ ᠰᠤᠷᠤᠭᠴᠢ ᠳᠤ ᠠᠰᠢᠭ ᠬᠦᠷᠲᠡᠭᠡᠪᠡ᠃ ᠦᠨᠳᠤᠷ ᠵᠡᠷᠭᠡ ᠶᠢᠨ ᠰᠤᠷᠭᠠᠨ ᠬᠦᠮᠦᠵᠢᠯ ᠵᠢᠴᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ 4.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠪᠠᠭᠤᠯᠭᠠᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂ ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠳᠡᠭᠡᠳᠦ ᠵᠡᠷᠬᠡ ᠶᠢᠨ ᠰᠤᠷᠭᠠᠨ ᠬᠦᠮᠦᠵᠢᠯ ᠪᠠ ᠰᠤᠷᠤᠭᠴᠢᠳ ᠢ ᠲᠤᠰᠠᠯᠠᠬᠤ ᠮᠥᠩᠭᠦ ᠶᠢ 3.1 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠳᠡᠭᠡᠳᠦ ᠰᠤᠷᠭᠠᠭᠤᠯᠢ ᠶᠢᠨ ᠵᠠᠷᠤᠳᠠᠯ ᠤᠨ ᠣᠷᠣᠭᠤᠯᠤᠯᠲᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠪᠡ᠃ ᠳᠥᠷᠪᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠪᠡ᠃ ᠡᠮᠴᠢᠯᠡᠬᠡᠨ ᠤ ᠦᠢᠯᠡᠴᠢᠯᠡᠬᠡᠨ ᠵᠡᠷᠭᠡ ᠲᠤᠰᠬᠠᠢ ᠵᠦᠢᠯ ᠤᠨ ᠨᠥᠬᠦᠪᠥᠷᠢ ᠮᠥᠩᠭᠦ ᠶᠢ 2 ᠳ᠋ᠦᠩᠰᠢᠭᠤᠷ ᠲᠥᠭᠦᠷᠢᠭ ᠪᠠᠭᠤᠯᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠥᠷᠢ ᠮᠥᠩᠭᠦ ᠶᠢ 3.2 ᠳ᠋ᠦᠩᠰᠢᠭᠤᠷ ᠲᠥᠭᠦᠷᠢᠭ ᠰᠢᠯᠵᠢᠬᠦᠯᠦᠨ ᠥᠭᠴᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠪᠡ᠃ ᠲᠠᠪᠤ ᠳᠤ᠂ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠠᠬᠢᠭᠤᠯᠪᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠦᠳᠦᠬᠡᠨ ᠪᠠᠶᠢᠭᠤᠯᠤᠯᠳᠡ ᠶᠢᠨ ᠪᠡᠯᠡ ᠮᠥᠩᠭᠦ ᠶᠢ 5964 ᠲᠦᠮᠡᠨ ᠲᠥᠭᠦᠷᠢᠭ ᠪᠠᠭᠤᠯᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠳᠡ ᠶᠢ ᠳᠠᠮᠵᠢᠵᠤ᠂ ᠣᠯᠠᠨ ᠲᠦᠮᠡᠨ ᠤ ᠰᠣᠶᠣᠯ ᠤᠨ ᠠᠵᠢᠯᠯᠠᠭᠠᠨ ᠢ ᠪᠠᠶᠠᠯᠢᠬᠵᠢᠭᠤᠯᠪᠠ᠃ ᠤᠯᠠᠭᠠᠨᠮᠥ᠋ᠴᠢᠷ ᠤᠨ ᠬᠥᠭᠵᠢᠯᠲᠡ ᠶᠢᠨ ᠪᠠᠯᠠ ᠮᠥᠩᠭᠦ 1003 ᠲᠦᠮᠡᠨ ᠲᠥᠭᠦᠷᠢᠭ ᠪᠠᠭᠤᠯᠭᠠᠵᠤ᠂ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ ᠵᠢᠴᠢ ᠲᠣᠭᠯᠠᠯᠲᠠ ᠭᠠᠷᠭᠠᠬᠤ ᠶᠢ ᠳᠡᠮᠵᠢᠪᠡ ᠃ ᠵᠢᠭᠤᠯᠴᠢᠯᠠᠯ ᠤᠨ ᠪᠡᠯᠡ ᠮᠥᠩᠭᠦ ᠶᠢ 4245 ᠲᠦᠮᠡᠨ ᠲᠥᠭᠦᠷᠢᠭ ᠪᠠᠭᠤᠯᠭᠠᠵᠤ᠂ ᠪᠦᠬᠦ ᠬᠤᠲᠠ ᠶᠢᠨ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠪᠠ᠃       ︵ᠭᠤᠷᠪᠠ︶ ᠭᠤᠤᠯᠳᠠᠯᠭ᠎ᠠ ᠲᠠᠢ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠪᠠ᠃ ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠭᠡ ᠪᠠᠷ ᠠᠬᠢᠭᠤᠯᠪᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠲᠥᠪ ᠪᠠ ᠥᠪᠡᠷᠲᠡᠭᠡᠨ ᠵᠠᠰᠠᠬᠤ ᠣᠷᠣᠨ ᠤ ᠠᠯᠢ ᠣᠯᠠᠨ ᠲᠥᠷᠥ ᠶᠢᠨ ᠪᠣᠳᠣᠯᠭ᠎ᠠ ᠲᠦᠷᠢᠮ ᠢ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠪᠠᠯᠠ ᠮᠥᠩᠭᠦ ᠶᠢ 25.5 ᠳ᠋ᠦᠩᠰᠢᠭᠤᠷ ᠲᠥᠭᠦᠷᠢᠭ ᠣᠯᠵᠤ᠂ ᠬᠤᠲᠠ ᠶᠢᠨ ᠱᠠᠲᠤᠨ ᠤ ᠢᠵᠢ ᠪᠥᠷᠢᠳᠦᠭᠦᠯᠬᠦ ᠪᠠᠯᠠ ᠮᠥᠩᠭᠦ ᠶᠢ 2.7 ᠳ᠋ᠦᠩᠰᠢᠭᠤᠷ ᠲᠥᠭᠦᠷᠢᠭ ᠣᠷᠣᠭᠤᠯᠵᠤ᠂ ᠬᠤᠰᠢᠭᠤ ᠰᠢᠶᠠᠨ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠳᠡᠮᠵᠢᠵᠦ᠂ ᠳᠠᠬᠢᠨ ᠶᠠᠳᠠᠭᠤᠷᠠᠬᠤ ᠶᠢ ᠰᠡᠷᠬᠡᠶᠢᠯᠡᠨ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ ᠬᠤᠶᠠᠷ ᠲᠤ ᠪᠣᠬᠢᠷᠲᠤᠯ ᠥᠬᠡᠶ ᠬᠥᠭᠵᠢᠯᠲᠡ ᠶᠢ ᠪᠥᠬᠦ ᠲᠠᠯ᠎ᠠ ᠪᠠᠷ ᠲᠡᠮᠵᠢᠪᠡ᠃ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠳᠤ 37 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠴᠡᠯᠮᠡᠭ ᠣᠭᠲᠠᠷᠭᠤᠢ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ︽ᠲᠠᠶᠢᠨ︾ ᠢ ᠰᠠᠶᠢᠲᠤᠷ ᠬᠢᠬᠦ ᠶᠢ ᠲᠡᠮᠵᠢᠵᠤ᠂ ᠠᠭᠠᠷ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠰᠤᠨ ᠤ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠤᠭᠤᠷᠢᠨ ᠢ ᠪᠦᠲᠦᠮᠵᠢᠲᠡᠢ ᠰᠠᠶᠢᠵᠢᠷᠠᠭᠤᠯᠪᠠ᠃ ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠭᠢᠭᠤᠯᠪᠠ᠃ ︽ᠤᠯᠠᠭᠠᠨᠬᠠᠳᠠ ᠬᠤᠲᠠ ᠨᠢ ᠦᠨᠳᠦᠷ ᠳᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠰᠢᠨ᠎ᠡ ᠪᠠᠷ ᠣᠷᠣᠭᠤᠯᠤᠨ ᠠᠪᠴᠢᠷᠠᠬᠤ ᠵᠢᠴᠢ ᠪᠦᠯᠬᠦᠮ ᠨᠡᠶᠢᠲᠡ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠡᠭᠦᠳᠦᠨ ᠡᠷᠬᠢᠯᠡᠬᠦ ᠶᠢ ᠳᠡᠮᠵᠢᠬᠦ ᠶᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠵᠤ᠂ ᠦᠨᠳᠦᠷ ᠳᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠨᠡᠶᠢᠲᠡ ᠶᠢ ᠮᠠᠨ ᠤ ᠬᠤᠲᠠ ᠳᠤ ᠢᠷᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠡᠭᠦᠳᠦᠨ ᠡᠷᠬᠢᠯᠡᠬᠦ ᠶᠢ ᠵᠤᠷᠢᠬᠵᠢᠭᠤᠯᠬᠤ ᠪᠠ ᠲᠡᠮᠵᠢᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠭᠤᠣᠯᠳᠠᠯᠭ᠎ᠠ ᠲᠠᠢ ᠠᠵᠢᠯᠯᠠᠭ᠎ᠠ ᠪᠠ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠳᠤ 8616 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠲᠠᠷᠢᠮᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠪᠠ 214 ᠰᠢᠨᠵᠢᠯᠡᠬᠦ ᠤᠬᠠᠭᠠᠨ ᠰᠤᠳᠤᠯᠭᠠᠨ ᠤ ᠲᠥᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠳᠡᠮᠵᠢᠪᠡ᠃ ᠳᠥᠷᠪᠡ ᠳᠤ ᠠᠵᠤ ᠦᠢᠯᠡᠳᠪᠦᠷᠢ ᠶᠢᠨ ᠠᠵᠤ ᠠᠬᠤᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠪᠠ᠃ ︽ᠬᠤᠲᠠ ᠠᠴᠠ ᠭᠠᠷᠭᠠᠵᠤ ᠬᠦᠷᠢᠶᠡᠯᠡᠩ ᠳᠤ ᠣᠷᠣᠭᠤᠯᠬᠤ︾ ᠲᠥᠷᠦᠯ ᠵᠦᠢᠯ ᠪᠠ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠬᠤ ᠵᠡᠷᠭᠡ ᠳᠤ 8629 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠢ ᠲᠦᠷᠬᠡᠨ ᠬᠥᠭᠵᠢᠭᠦᠯᠬᠦ ᠪᠠ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠤᠶᠢᠵᠢᠭᠤᠯᠪᠠ᠃ ᠲᠠᠪᠤ ᠳᠤ ᠲᠦᠭᠡᠮᠡᠯ ᠬᠠᠷᠠᠭᠠᠯᠵᠠᠯᠲᠤ ᠮᠥᠩᠭᠦᠨ ᠬᠦᠢᠯᠬᠡᠬᠡᠨ ᠤ ᠬᠥᠭᠵᠢᠯᠲᠡ ᠶᠢ ᠠᠬᠢᠭᠤᠯᠪᠠ᠃ ᠠᠷᠠᠳ ᠠᠴᠠ ᠡᠵᠡᠩᠨᠡᠭᠰᠡᠨ ᠪᠠ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠬᠦᠢᠯᠬᠡᠬᠡᠨ ᠤ ᠦᠢᠯᠡᠴᠢᠯᠡᠭᠡ ᠶᠢ ᠭᠦᠨᠵᠡᠭᠡᠶᠢᠷᠡᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠵᠦ᠂ ᠲᠥᠪ ᠤᠨ ᠡᠳ᠋ ᠤᠨ ᠵᠠᠰᠠᠭ ᠠᠴᠠ 5000 ᠲᠦᠮᠡᠨ ᠲᠥᠭᠦᠷᠢᠭ ᠤᠨ ᠨᠦᠬᠦᠪᠦᠷᠢ ᠪᠠᠭᠤᠯᠭᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠪᠠᠯᠠ ᠲᠣᠬᠢᠷᠠᠭᠤᠯᠬᠤ ᠲᠠᠪᠴᠠᠩ ᠤᠨ ᠴᠢᠳᠠᠪᠤᠷᠢ ᠶᠢ ᠲᠡᠭᠡᠭᠰᠢᠯᠡᠬᠦᠯᠪᠡ᠃        ︵ᠲᠦᠷᠪᠡ︶ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠪᠡ᠃ ᠨᠢᠭᠡ ᠳᠤ ᠲᠥᠰᠦᠪ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠵᠢᠷᠭᠤᠭᠠᠨ ᠬᠦᠷᠢᠶᠡᠨ ᠤ ᠥᠭᠡᠷᠡᠴᠢᠯᠡᠯᠲᠡ ᠶᠢᠨ ᠲᠥᠰᠦᠯ ᠢ ᠰᠤᠳᠤᠯᠤᠨ ᠲᠣᠭᠲᠠᠭᠠᠵᠤ᠂ ᠬᠤᠲᠠ ᠰᠢᠶᠠᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠬᠠᠷᠢᠴᠠᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠪᠠ᠃ ᠬᠤᠶᠠᠷ ᠲᠤ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠶᠢ ᠬᠡᠷᠡᠭᠵᠢᠬᠦᠯᠪᠡ᠃ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠢᠶᠠᠷ 2022 ᠣᠨ ᠤ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢᠨ ᠬᠠᠮᠲᠤ 2022 ᠣᠨ ᠤ 1 ᠰᠠᠷ᠎ᠠ ᠶᠢᠨ 1 ᠤ ᠡᠳᠦᠷ ᠠᠴᠠ ᠲᠥᠰᠦᠪ ᠢ ᠬᠦᠢᠴᠡᠳᠬᠡᠬᠦ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠢᠩᠬᠢᠨᠢ ᠪᠠᠷ ᠰᠦᠯᠵᠢᠶᠡᠨ ᠳᠤ ᠤᠷᠤᠭᠤᠯᠪᠠ᠃ ᠭᠤᠷᠪᠠ ᠳᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠬᠦᠯᠪᠡ᠃ ︽ᠤᠯᠠᠭᠠᠨᠬᠠᠳᠠ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠶᠠᠪᠤᠳᠡᠯ ᠠᠴᠠ ᠡᠮᠦᠨᠡᠬᠢ ᠠᠮᠵᠢᠯᠲᠠ ᠪᠦᠲᠦᠮᠵᠢ ᠶᠢ ᠦᠨᠡᠯᠡᠨ ᠬᠠᠮᠢᠶᠠᠷᠬᠤ ᠠᠷᠭ᠎ᠠ︾᠂ ︽ᠤᠯᠠᠭᠠᠨᠬᠠᠳᠠ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠬᠢᠨᠠᠨ ᠡᠵᠡᠮᠳᠡᠨ ᠬᠠᠮᠢᠶᠠᠷᠬᠤ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠤᠨ ᠪᠢᠳᠡᠬᠦᠦ ᠬᠡᠯᠬᠢᠶᠡᠳᠤ ᠪᠦᠳᠦᠬᠡᠨ ᠪᠠᠶᠢᠭᠤᠯᠤᠯᠳᠡ ᠶᠢ ᠲᠡᠭᠦᠯᠳᠡᠷᠵᠢᠭᠦᠯᠵᠦ 2021 ᠤᠨ ᠳᠤ ᠵᠠᠷᠤᠳᠠᠯ ᠤᠨ ᠡᠮᠦᠨ᠎ᠡ ᠦᠨᠡᠯᠡᠯᠳᠠ ᠬᠢᠬᠦ ᠪᠤᠯᠤᠨ ᠰᠠᠯᠠᠭ᠎ᠠ ᠮᠦᠴᠢᠷ ᠪᠦᠬᠦᠯᠢ ᠴᠤᠭᠴᠠ᠂ ᠲᠤᠰᠬᠠᠢ ᠵᠦᠢᠯ ᠤᠨ ᠪᠡᠯᠡ ᠮᠦᠡᠭᠭᠦ ᠪᠠ ᠭᠤᠤᠯᠳᠠᠯᠭ᠎ᠠ ᠲᠠᠢ ᠲᠦᠷᠦᠯ ᠵᠦᠢᠯ ᠢ ᠦᠨᠡᠯᠡᠯᠳᠠ ᠬᠢᠭᠰᠡᠨ ᠵᠤᠭᠤᠰ ᠮᠦᠡᠭᠭᠦ ᠨᠢ 15.6 ᠳ᠋ᠦᠩᠰᠢᠭᠤᠷ ᠲᠥᠭᠦᠷᠢᠭ ᠪᠠᠶᠢᠵᠤ᠂ ᠦᠨᠡᠯᠡᠭᠰᠡᠨ ᠦᠷ᠎ᠡ ᠳ᠋ᠦᠩ ᠢᠶᠠᠨ ᠬᠤᠳᠠ ᠶᠢᠨ ᠨᠠᠮ ᠤᠨ ᠬᠤᠷᠢᠶ᠎ᠠ ᠳᠤ ᠮᠡᠳᠡᠬᠦᠯᠬᠦ ᠪᠠᠷ ᠬᠦᠷᠬᠡᠵᠦ᠂ ᠲᠠᠭᠠᠤ ᠳᠤᠨᠢ ᠨᠡᠶᠢᠬᠡᠮ ᠨᠡᠶᠢᠳᠡ ᠳᠤ ᠢᠯᠡ ᠪᠠᠷ ᠨᠡᠶᠢᠳᠡᠯᠡᠪᠡ᠃ ᠲᠦᠷᠪᠡ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠪᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠶᠢᠭᠤᠯᠤᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠤᠳᠠᠯᠳᠤᠭ᠎ᠠ ᠡᠵᠡᠩᠨᠡᠬᠦ ᠳᠤ ᠰᠠᠶᠢᠨ ᠰᠠᠶᠢᠬᠠᠨ ᠣᠷᠴᠢᠨ ᠲᠤᠭᠤᠷᠢᠨ ᠢ ᠪᠤᠢ ᠪᠣᠯᠭᠠᠵᠤ᠂ ᠪᠦᠬᠦ ᠵᠢᠯ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠰᠦᠪ ᠢ ᠨᠡᠶᠢᠳᠡ 43.9 ᠳ᠋ᠦᠩᠰᠢᠭᠤᠷ ᠲᠥᠭᠦᠷᠢᠭ ᠬᠡᠷᠡᠭᠵᠢᠭᠦᠯᠪᠡ᠃ ᠲᠠᠪᠤ ᠳᠤ ᠡᠳ᠋ ᠤᠨ ᠵᠠᠰᠠᠭ ᠤᠨ ᠪᠠᠯᠠ ᠣᠷᠣᠭᠤᠯᠤᠯᠲᠠ ᠳᠤ ᠴᠢᠩᠭ᠎ᠠ ᠬᠢᠨᠠᠨ ᠲᠤᠭᠳᠠᠭᠠᠯᠳᠠ ᠶᠠᠪᠤᠭᠤᠯᠪᠠ᠃ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠦᠨᠡᠯᠡᠨ ᠬᠢᠨᠠᠬᠤ ᠬᠠᠮᠢᠶᠠᠷᠤᠯᠲᠠ ᠶᠢᠨ ᠠᠷᠭ᠎ᠠ︾ ᠪᠠ ︽ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠦᠨᠡᠯᠡᠨ ᠬᠢᠨᠠᠬᠤ ᠲᠥᠪ ᠠᠴᠠ ᠲᠤᠰᠬᠠᠢ ᠮᠡᠷᠭᠡᠵᠢᠯᠲᠡᠨ ᠤᠷᠢᠬᠤ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ᠂ ᠦᠨᠡᠯᠡᠨ ᠬᠢᠨᠠᠬᠤ ᠠᠵᠢᠯᠯᠠᠭ᠎ᠠ ᠶᠢ ᠵᠢᠷᠤᠮᠵᠢᠭᠤᠯᠵᠤ᠂ ᠦᠨᠡᠯᠡᠨ ᠬᠢᠨᠠᠬᠤ ᠶᠠᠰᠤ ᠴᠢᠨᠠᠷ ᠦᠷ᠎ᠡ ᠪᠦᠲᠦᠮᠵᠢ ᠶᠢ ᠲᠡᠭᠡᠭᠰᠢᠯᠡᠬᠦᠯᠪᠡ᠃         ᠶᠡᠷᠦᠩᠬᠡᠶ ᠳᠤᠨᠢ ᠠᠪᠴᠤ ᠦᠵᠡᠪᠡᠯ᠂ 2021 ᠣᠨ ᠳᠤ ᠪᠥᠬᠦ ᠬᠤᠲᠠ ᠶᠢᠨ ᠡᠳ᠋ ᠤᠨ ᠵᠠᠰᠠᠭ ᠤᠨ ᠲᠥᠰᠦᠪ ᠢ ᠬᠦᠢᠴᠡᠳᠭᠡᠭᠰᠡᠨ ᠪᠠᠶᠢᠳᠠᠯ ᠨᠡᠯᠢᠶᠡᠳ ᠰᠠᠶᠢᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠵᠠᠷᠤᠯᠭ᠎ᠠ ᠨᠢ ᠴᠢᠬᠤᠯᠠ ᠪᠥᠬᠦᠶ ᠬᠡᠪᠴᠢᠶ᠎ᠡ ᠪᠠᠨ ᠪᠠᠷᠢᠮᠳᠠᠯᠠᠪᠠ᠃ ᠭᠡᠪᠡᠴᠦ ᠡᠳ᠋ ᠤᠨ ᠵᠠᠰᠠᠭ ᠤᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠲᠦᠭᠰᠢᠭᠦᠷᠢ ᠶᠢ ᠣᠮᠲᠣᠭᠠᠶᠢᠯᠠᠵᠤ ᠪᠣᠯᠬᠤ ᠥᠬᠡᠶ᠄ ᠨᠢᠭᠡ ᠳᠤ ᠣᠷᠣᠯᠭ᠎ᠠ ᠶᠢᠨ ᠨᠡᠮᠡᠭᠳᠡᠯ ᠬᠦᠴᠦᠨ ᠪᠠᠭᠤᠷᠠᠢ ᠪᠠᠶᠢᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠨᠥᠯᠥᠭᠡ ᠠᠴᠠ ᠪᠤᠯᠵᠤ ᠡᠭᠦᠨ ᠲᠠᠢ ᠬᠤᠯᠪᠣᠭᠳᠠᠬᠤ ᠭᠠᠶᠢᠯᠢ ᠲᠠᠲᠠᠪᠤᠷᠢ ᠶᠢᠨ ᠣᠷᠣᠯᠭ᠎ᠠ ᠪᠠᠭᠤᠷᠠᠵᠤ᠂ ᠤᠯᠤᠰ ᠤᠨ ᠥᠮᠴᠢᠯᠡᠯ ᠤᠨ ᠭᠠᠵᠠᠷ ᠰᠢᠷᠣᠢ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠠᠴᠠ ᠣᠷᠣᠯᠭ᠎ᠠ ᠶᠡᠬᠡᠪᠡᠷ ᠬᠠᠰᠤᠭᠳᠠᠵᠤ᠂ ᠡᠳ᠋ ᠤᠨ ᠵᠠᠰᠠᠭ ᠤᠨ ᠣᠷᠣᠯᠭ᠎ᠠ ᠳᠤ ᠰᠢᠨ᠎ᠡ ᠨᠡᠮᠡᠭᠳᠡᠯ ᠴᠡᠭ ᠳᠤᠲᠠᠭᠳᠠᠵᠤ ᠪᠠᠶᠢᠨ᠎ᠠ︔ ᠬᠤᠶᠠᠷ ᠲᠤ ᠵᠠᠷᠤᠯᠭ᠎ᠠ ᠶᠢᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠪᠡ᠃ ᠠᠷᠠᠳ ᠤᠨ ᠠᠮᠢᠳᠤᠷᠠᠯ ᠤᠨ ᠵᠠᠷᠤᠯᠭ᠎ᠠ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢᠨ ᠵᠠᠷᠤᠯᠭ᠎ᠠ ᠪᠠ ᠥᠷᠢ ᠦᠭᠴᠡᠭᠡ ᠲᠥᠯᠥᠬᠦ ᠵᠠᠷᠤᠯᠭ᠎ᠠ ᠨᠡᠮᠡᠭᠳᠡᠵᠦ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠡᠷᠬᠢᠯᠳᠡ ᠬᠦᠴᠢᠷᠲᠡᠢ᠂ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠣᠯᠪᠠ︔ ᠭᠤᠷᠪᠠ ᠳᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠭᠦᠷᠭᠡ ᠲᠠᠷᠤᠭᠠᠰᠤ ᠬᠦᠨᠳᠦ ᠶᠡᠭᠡ ᠪᠠᠶᠢᠨ᠎ᠠ᠃ ᠪᠦᠬᠦ ᠬᠤᠲᠠ ᠶᠢᠨ ᠥᠷᠢ ᠥᠭᠴᠡᠭᠡ ᠶᠢᠨ ᠡᠬᠡ ᠬᠦᠦ ᠮᠦᠡᠭᠬᠦ ᠶᠢ ᠪᠤᠴᠠᠭᠠᠬᠤ ᠬᠡᠪᠴᠢᠶ᠎ᠡ ᠨᠡᠯᠢᠶᠡᠳ ᠶᠡᠭᠡ ᠪᠠᠶᠢᠵᠤ᠂ ᠢᠯᠠᠩᠭᠤᠶ᠎ᠠ ᠬᠤᠲᠠ ᠶᠢᠨ ᠲᠣᠰ ᠱᠠᠲᠤᠨ ᠤ ᠬᠤᠲᠠ ᠶᠢᠨ ᠪᠦᠲᠦᠭᠡᠨ ᠪᠠᠶᠢᠭᠤᠯᠤᠯᠳᠠ ᠶᠢᠨ ᠪᠦᠯᠦᠭᠯᠡᠯ ᠪᠣᠯᠤᠨ ᠲᠦᠷᠭᠡᠨ ᠤ ᠲᠡᠮᠦᠷ ᠵᠠᠮ ᠤᠨ ᠺᠣᠮᠫᠠᠨᠢ ᠶᠢᠨ ᠭᠠᠵᠠᠷ ᠰᠢᠷᠣᠢ ᠰᠢᠯᠵᠢᠭᠦᠯᠦᠨ ᠬᠤᠳᠠᠯᠳᠤᠭᠰᠠᠨ ᠣᠷᠣᠯᠭ᠎ᠠ ᠶᠡᠭᠡ ᠬᠡᠮᠵᠢᠶ᠎ᠡ ᠪᠠᠷ ᠪᠠᠭᠤᠷᠠᠵᠤ᠂ ᠥᠷᠢ ᠠᠷᠢᠯᠭᠠᠬᠤ ᠢᠷᠡᠯᠲᠡ ᠬᠦᠷᠦᠯᠴᠡᠬᠦ ᠦᠭᠡᠢ᠂ ᠥᠷᠢ ᠲᠥᠯᠥᠬᠦ ᠳᠤ ᠨᠡᠯᠢᠶᠡᠳ ᠶᠡᠭᠡ ᠲᠦᠭᠰᠢᠭᠦᠷᠢ ᠲᠤᠯᠭᠠᠷᠠᠵᠤ ᠪᠤᠢ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ