ᠣᠯᠠᠭᠠᠨᠬᠠᠳᠠ ᠬᠤᠳᠠ ᠶᠢᠨ 2021 ᠣᠨ ᠤ ᠣᠯᠣᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠭᠡᠳ 2022 ᠣᠨ ᠤ ᠣᠯᠣᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢᠨ ᠲᠦᠰᠦᠯ ᠤᠨ ᠲᠣᠬᠠᠢ ᠮᠡᠳᠡᠭᠦᠯᠦᠯᠳᠡ  ︵  ᠨᠢᠭᠡ︶
ᠨᠡᠶᠢᠲᠡᠯᠡᠭᠰᠡᠨ ᠴᠠᠭ᠄
2022/2/24
— — 2022 ᠣᠨ ᠤ 2 ᠰᠠᠷ᠎ᠠ ᠶᠢᠨ 11 ᠤ ᠡᠳᠦᠷ ᠣᠯᠠᠭᠠᠨᠬᠠᠳᠠ ᠬᠤᠳᠠ ᠶᠢᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠣᠭᠠᠨ ᠲᠡᠭᠡᠷ᠎ᠡ                           ᠣᠯᠠᠭᠠᠨᠬᠠᠳᠠ ᠬᠤᠳᠠ ᠶᠢᠨ ᠬᠦᠭᠵᠢᠯᠳᠡ ᠪᠠ ᠦᠭᠡᠷᠡᠴᠢᠯᠡᠯᠳᠡ ᠶᠢᠨ ᠵᠦᠪᠯᠡᠯᠲᠦᠯᠦᠭᠡᠯᠡᠭᠴᠢᠳ ᠡ᠄       ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠪᠦᠬᠦ ᠬᠤᠲᠠ ᠶᠢᠨ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠦᠶ᠎ᠡ᠂ ᠡᠭᠦᠨ ᠤ ᠬᠠᠮᠲᠤ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠲᠤᠷᠠᠳᠤᠭᠠᠷᠠᠢ᠃     ᠨᠢᠭᠡ᠂ 2021 ᠣᠨ ᠤ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ      2021 ᠣᠨ ᠳᠤ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ ᠠᠬᠤᠶ ᠶᠢᠨ ᠡᠷᠭᠢᠯᠲᠡ ᠦᠷᠭᠦᠯᠵᠢᠯᠡᠨ ᠲᠣᠭᠲᠠᠭᠤᠨ ᠢᠶᠠᠷ ᠰᠡᠷᠭᠦᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠳᠦᠯᠦᠪᠵᠢᠬᠦᠯᠬᠡ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠪᠦᠬᠦ ᠬᠤᠲᠠ ᠶᠢᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 1975.1 ᠳ᠋ᠦᠩᠰᠢᠭᠤᠷ ᠲᠥᠭᠦᠷᠢᠭ᠂ 5.7% ᠨᠡᠮᠡᠭᠳᠡᠵᠡᠢ︔ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 7.4% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 612.5 ᠳ᠋ᠦᠩᠰᠢᠭᠤᠷ ᠲᠥᠭᠦᠷᠢᠭ ᠲᠤ ᠬᠦᠷᠭᠡᠵᠦ᠂ 5% ᠪᠠᠷ ᠨᠡᠮᠡᠭᠳᠡᠬᠦᠯᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 126.8 ᠳ᠋ᠦᠩᠰᠢᠭᠤᠷ ᠲᠥᠭᠦᠷᠢᠭ ᠲᠤ ᠬᠦᠷᠴᠦ᠂ 7.3% ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 37468 ᠲᠥᠭᠦᠷᠢᠭ ᠪᠠ 15279 ᠲᠥᠭᠦᠷᠢᠭ ᠲᠤ ᠬᠦᠷᠴᠦ᠂ ᠲᠣᠰ ᠲᠣᠰ 7.8% ᠪᠠ 11.2% ᠢᠶᠠᠷ ᠨᠡᠮᠡᠭᠳᠡᠪᠡ᠃     ︵ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ᠃ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠲᠥᠪᠯᠡᠷᠡᠭᠰᠡᠨ ᠡᠷᠴᠢᠮᠵᠢᠭᠰᠡᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠪᠠ ᠶᠠᠰᠤ ᠴᠢᠨᠠᠷ ᠦᠷ᠎ᠡ ᠠᠰᠢᠭ ᠢ ᠲᠣᠭᠲᠠᠭᠤᠨ ᠢᠶᠠᠷ ᠲᠡᠭᠡᠭᠰᠢᠯᠡᠬᠦᠯᠪᠡ᠃ ᠪᠦᠬᠦ ᠵᠢᠯ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 70.2 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠲᠥᠬᠦᠭᠡᠷᠦᠮᠵᠢᠲᠦ ᠲᠠᠷᠢᠶᠠᠯᠠᠩ ᠤᠨ ᠲᠠᠯᠠᠪᠠᠢ ᠶᠢ 7.7 ᠲᠦᠮᠡᠨ ᠮᠦ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ᠂ ᠪᠦᠬᠦ ᠬᠤᠲᠠ ᠶᠢᠨ ᠠᠮᠤ ᠪᠤᠳᠠᠭᠠᠨ ᠤ ᠤᠨᠠᠯᠲᠠ ᠠᠷᠪᠠᠨ ᠵᠢᠯ ᠳᠠᠷᠠᠭᠠᠯᠠᠨ ᠵᠠᠭᠤᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠲᠥᠬᠦᠭᠡᠷᠦᠮᠵᠢᠲᠦ ᠲᠠᠷᠢᠶᠠᠯᠠᠩ ᠤᠨ ᠲᠠᠯᠠᠪᠠᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠤᠯᠤᠰ ᠤᠨ ᠲᠡᠰ ᠤᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠤᠷᠤᠭᠰᠢᠲᠠᠢ ᠶᠠᠪᠤᠭᠳᠠᠵᠤ᠂ ᠡᠷᠳᠡᠨᠢ ᠰᠢᠰᠢ᠂ ᠠᠯᠠᠰᠢᠨ ᠦᠬᠡᠷ᠂ ᠲᠡᠵᠢᠭᠡᠯ ᠡᠪᠡᠰᠦ᠂ ᠡᠯᠳᠡᠪ ᠠᠮᠤ ᠡᠯᠳᠡᠪ ᠪᠤᠷᠴᠠᠭ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠰᠡ ᠶᠢ ᠪᠤᠶᠢᠵᠢᠭᠤᠯᠬᠤ ᠠᠵᠢᠯ ᠯᠠᠪᠳᠠᠭᠤᠨ ᠢᠶᠠᠷ ᠠᠬᠢᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ 279 ᠳᠤ ᠬᠦᠷᠪᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠳᠠ ᠶᠢᠨ ᠦᠷ᠎ᠡ ᠪᠦᠲᠦᠮᠵᠢ ᠢᠯᠡᠷᠬᠡᠢ ᠪᠣᠯᠵᠤ᠂ ︽ᠤᠯᠠᠭᠠᠨᠬᠠᠳᠠ ᠶᠢᠨ ᠲᠥᠪᠡᠳ ᠬᠠᠰᠢ︾ ᠭᠤᠷᠪᠠᠳᠤᠭᠠᠷ ᠪᠦᠯᠦᠭ ᠤᠨ ᠥᠪᠥᠷ ᠮᠣᠩᠭᠤᠯ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠨᠡᠷᠡᠰ ᠲᠤ ᠣᠷᠣᠵᠤ᠂ ︽ᠤᠯᠠᠭᠠᠨᠬᠠᠳᠠ ᠶᠢᠨ ᠨᠠᠷᠢᠮᠤ︾ ᠶᠢᠨ ᠨᠡᠷᠡᠲᠦ ᠲᠡᠮᠳᠡᠭᠲᠦ ᠶᠢᠨ ᠥᠷᠲᠡᠭ 77.4 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠲᠠ ᠶᠢᠨ ᠪᠣᠬᠢᠷᠲᠤᠯ ᠦᠭᠡᠢ᠂ ᠣᠷᠭᠠᠨᠢᠭ ᠪᠠ ᠭᠠᠵᠠᠷ ᠵᠦᠢ ᠶᠢᠨ ᠲᠡᠮᠳᠡᠭ ᠢᠶᠠᠷ ᠭᠡᠷᠡᠴᠢᠯᠡᠭᠰᠡᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ 393 ᠳᠤ ᠬᠦᠷᠴᠡᠢ᠃ ᠪᠦᠬᠦ ᠵᠢᠯ ᠤᠨ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ 376 ᠳ᠋ᠦᠩᠰᠢᠭᠤᠷ ᠲᠥᠭᠦᠷᠢᠭ ᠲᠤ ᠬᠦᠷᠭᠡᠵᠦ᠂ 4% ᠪᠠᠷ ᠨᠡᠮᠡᠭᠳᠡᠬᠦᠯᠪᠡ᠃      ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠃ ᠠᠵᠤ ᠦᠢᠯᠡᠳᠪᠦᠷᠢ ᠶᠢᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠱᠠᠯᠠᠪᠳᠠᠨ ᠥᠷᠨᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠂ ᠪᠦᠬᠦ ᠵᠢᠯ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠦᠢᠯᠡᠳᠪᠦᠷᠢ 7᠂ ᠥᠪᠡᠷᠲᠡᠭᠡᠨ ᠵᠠᠰᠠᠬᠤ ᠣᠷᠣᠨ ᠤ ᠲᠡᠰ ᠤᠨ ᠣᠶᠤᠨᠴᠢ ᠦᠢᠯᠡᠳᠬᠦ ᠠᠵᠤ ᠠᠬᠤᠶᠢᠯᠠᠯ 2 ᠰᠢᠨ᠎ᠡ ᠪᠠᠷ ᠨᠡᠮᠡᠭᠳᠡᠵᠦ᠂ 135 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠢ ᠪᠦᠲᠦᠭᠡᠨ ᠪᠠᠶᠢᠭᠤᠯᠵᠤ ᠠᠮᠢᠳᠣᠯᠢᠭ ᠪᠣᠯᠭᠠᠪᠠ᠃ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠴᠢ ᠬᠤᠢ ᠶᠢᠨ ᠬᠥᠩᠭᠡᠨ ᠴᠠᠭᠠᠨ ᠤ ᠦᠢᠯᠡᠰ ᠤᠨ 650 ᠲᠦᠮᠡᠨ ᠲᠣᠨ ᠬᠥᠩᠭᠡᠨ ᠴᠠᠭᠠᠨ ᠤ ᠢᠰᠦᠯ᠂ ᠨᠢᠩ ᠪᠤᠤ ᠶᠢᠨ ᠲᠡᠮᠦᠷᠯᠢᠭ ᠬᠠᠶᠢᠯᠤᠭᠤᠯᠬᠤ 100 ᠲᠦᠮᠡᠨ ᠲᠣᠨ ᠲᠡᠮᠦᠷ ᠤᠨ ᠬᠠᠶᠢᠯᠤᠰᠢ ᠵᠡᠷᠭᠡ ᠭᠤᠣᠯᠳᠠᠯᠭ᠎ᠠ ᠲᠠᠢ ᠵᠦᠢᠯᠡᠰ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠵᠦᠩ ᠳᠠᠩ ᠲᠧ ᠭᠠᠩ ᠤᠨ 270 ᠲᠦᠮᠡᠨ ᠲᠣᠨ ᠣᠬᠢ ᠰᠢᠯᠢᠳᠡᠭ ᠪᠣᠯᠣᠳ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ᠂ ᠶᠤᠸᠠᠨ ᠯᠢᠶᠠᠨ ᠤ ᠪᠣᠯᠣᠳ ᠲᠡᠮᠦᠷ ᠤᠨ 200 ᠲᠦᠮᠡᠨ ᠲᠣᠨ ᠴᠠᠶᠢᠷ ᠥᠩᠭᠡᠯᠡᠭᠰᠡᠨ ᠬᠦᠢᠲᠡᠨ ᠢᠶᠠᠷ ᠬᠡᠪᠰᠢᠭᠦᠯᠬᠦ ᠪᠣᠯᠣᠳ ᠬᠤᠭᠤᠯᠠᠢ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠵᠡᠷᠭᠡ ᠭᠤᠣᠯᠳᠠᠯᠭ᠎ᠠ ᠲᠠᠢ ᠵᠦᠢᠯᠡᠰ ᠢ ᠪᠠᠶᠢᠭᠤᠯᠵᠤ ᠳᠠᠭᠤᠰᠬᠠᠪᠠ︔ ᠶᠤᠸᠠᠨ ᠱᠧᠩ ᠡᠮ ᠤᠨ ᠦᠢᠯᠡᠰ᠂ ᠰᠠᠢ ᠯᠢᠨ ᠲᠠᠢ ᠡᠮ ᠤᠨ ᠦᠢᠯᠡᠰ ᠤᠨ ᠰᠢᠨ᠎ᠡ ᠶᠢ ᠡᠭᠦᠳᠦᠭᠰᠡᠨ ᠪᠦᠲᠦᠭᠡᠭᠳᠡᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠠᠵᠢᠯ ᠢᠳᠡᠪᠬᠢᠲᠡᠢ ᠠᠬᠢᠯᠲᠠ ᠲᠠᠢ ᠪᠣᠯᠵᠤ᠂ ᠳ᠋ᠦᠩ ᠯᠢ ᠢᠮᠠᠭᠠᠨ ᠨᠣᠣᠯᠤᠷ᠂ ᠳ᠋ᠠ ᠪᠧᠢ ᠨᠦᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠠᠰᠢᠭᠯᠠᠯᠲᠠ ᠳᠤ ᠣᠷᠣᠪᠠ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠭᠠᠨ ᠳᠡᠪᠰᠢᠭᠦᠯᠬᠦ ᠠᠵᠢᠯ ᠤᠷᠤᠭᠰᠢᠲᠠᠢ ᠶᠠᠪᠤᠭᠳᠠᠵᠤ᠂ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠤᠩᠭᠢᠯ ᠤᠨ ᠴᠤᠭᠯᠠᠷᠠᠯ ᠤᠨ ᠦᠢᠯᠡᠳᠦᠯ ᠪᠠ ᠨᠥᠯᠥᠭᠡᠯᠡᠨ ᠳᠠᠶᠢᠴᠢᠯᠠᠬᠤ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠦᠷᠢᠮ ᠠᠴᠠ ᠵᠥᠷᠢᠴᠡᠭᠰᠡᠨ ︽ᠬᠤᠶᠠᠷ ᠦᠨᠳᠦᠷ︾ ᠲᠥᠷᠦᠯ ᠵᠦᠢᠯ ᠢ ᠲᠥᠷᠦᠯ ᠬᠤᠪᠢᠶᠠᠨ ᠰᠢᠢᠳᠪᠦᠷᠢᠯᠡᠬᠦ ᠪᠠ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠬᠤᠲᠠ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠡᠵᠡᠮᠰᠢᠯ ᠨᠢ ︽ᠬᠤᠶᠠᠷ ᠢ ᠨᠣᠭᠤᠭᠠᠷᠠᠭᠤᠯᠬᠤ︾ ᠬᠠᠷᠠᠯᠲᠠ ᠶᠢ ᠪᠡᠶᠡᠯᠡᠭᠦᠯᠪᠡ᠃ ᠪᠥᠬᠦ ᠵᠢᠯ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 478 ᠳ᠋ᠦᠩᠰᠢᠭᠤᠷ ᠲᠥᠭᠦᠷᠢᠭ ᠲᠤ ᠬᠦᠷᠴᠦ᠂ 4.2% ᠢᠶᠠᠷ ᠨᠡᠮᠡᠭᠳᠡᠪᠡ᠃     ︵ᠭᠤᠷᠪᠠ︶ ᠦᠢᠯᠡᠴᠢᠯᠡᠭᠡᠨ ᠤ ᠦᠢᠯᠡᠰ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠃ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠥᠭᠡᠷᠡᠴᠢᠯᠡᠨ ᠳᠡᠭᠡᠭᠰᠢᠯᠡᠭᠦᠯᠬᠦ ᠪᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠨ ᠬᠥᠭᠵᠢᠬᠦ ᠶᠢ ᠬᠦᠴᠦᠯᠡᠨ ᠠᠬᠢᠭᠤᠯᠵᠤ᠂ ᠶᠡᠭᠡ ᠵᠡᠭᠦᠨ ᠬᠤᠶᠢᠲᠤ ᠣᠷᠣᠨ ᠤ ᠪᠠᠭᠤᠳᠠᠯ ᠤᠨ ᠬᠡᠷᠡᠭᠰᠡᠯ ᠤᠨ ᠵᠠᠬ᠎ᠠ ᠳᠡᠯᠭᠡᠭᠦᠷ᠂ ᠰᠢᠨᠬᠤᠸᠠ ᠶᠠᠪᠠᠭᠠᠨ ᠵᠡᠭᠡᠯᠢ ᠶᠢ ᠥᠭᠡᠷᠡᠴᠢᠯᠡᠨ ᠳᠡᠭᠡᠭᠰᠢᠯᠡᠭᠦᠯᠬᠦ ᠵᠡᠷᠭᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠦᠩᠱᠠᠨ ᠤ ᠸᠠᠨ ᠳ᠋ᠠ ᠠᠭᠤᠳᠠᠮ ᠲᠠᠯᠠᠪᠠᠢ᠂ ᠸᠧᠢ ᠳ᠋ᠦᠸᠧ ᠯᠢ ᠮᠤᠯ ᠬᠤᠲᠠ᠂ ᠵᠤᠤ ᠤᠳᠠ ᠬᠠᠭᠤᠴᠢᠨ ᠵᠡᠭᠡᠯᠢ ᠡᠵᠡᠩᠨᠡᠯᠲᠡ ᠪᠠᠨ ᠡᠬᠢᠯᠡᠭᠦᠯᠪᠡ︔ ᠪᠦᠬᠦ ᠵᠢᠯ ᠳᠤ ᠠᠵᠤ ᠠᠬᠤᠶᠢᠯᠠᠯ ᠢ ᠵᠢᠯᠣᠭᠤᠳᠤᠨ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠨᠡᠶᠢᠲᠡ 1019 ᠤᠳᠠᠭ᠎ᠠ ᠥᠷᠨᠢᠭᠦᠯᠵᠦ᠂ ᠪᠣᠷᠣᠯᠠᠭᠤᠯᠤᠯᠲᠠ ᠶᠢᠨ ᠲᠤᠭ᠎ᠠ ᠶᠢ 24 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠳ᠋ᠦᠨ ᠬᠤᠸᠠᠩ ᠰᠦᠯᠵᠢᠶ᠎ᠡ᠂ ᠵᠢᠩ ᠳ᠋ᠦᠩ ᠵᠡᠷᠭᠡ ᠤᠯᠤᠰ ᠤᠨ ᠳᠣᠲᠣᠭᠠᠳᠤ ᠶᠢᠨ ᠨᠠᠷᠠᠲᠤ ᠲᠠᠪᠴᠠᠩ ᠲᠠᠢ ᠢᠳᠡᠪᠬᠢᠲᠡᠶ ᠵᠣᠯᠭᠠᠭᠤᠯᠤᠨ ᠬᠠᠮᠲᠤᠷᠠᠯᠴᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠪᠠ︔ ᠪᠥᠬᠦ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠩᠬᠠᠳᠠᠭᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ O 2 O ᠰᠦᠯᠵᠢᠶᠡᠨ ᠭᠠᠳᠠᠨᠠᠬᠢ ᠪᠡᠶᠡᠴᠢᠯᠡᠨ ᠣᠶᠢᠯᠠᠭᠠᠬᠤ ᠳᠡᠯᠭᠡᠭᠦᠷ ᠢ ᠠᠵᠢᠯ ᠡᠬᠢᠯᠡᠭᠦᠯᠦᠨ ᠡᠵᠡᠩᠨᠡᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠨᠡᠶᠢᠲᠡ 1.42 ᠲᠦᠮᠡᠨ ᠤᠳᠠᠭ᠎ᠠ ᠪᠡᠶᠡᠯᠡᠭᠦᠯᠪᠡ᠃ ᠰᠣᠶᠣᠯ ᠵᠢᠭᠤᠯᠴᠢᠯᠠᠯ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠬᠡᠰᠢᠭᠲᠡᠨ ᠤ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠷᠤᠭᠰᠢᠲᠠᠢ ᠶᠠᠪᠤᠭᠳᠠᠵᠤ᠂ ᠲᠡᠭᠡᠳᠦ ᠨᠡᠶᠢᠰᠯᠡᠯ ᠤᠨ ᠬᠢᠳᠠᠨ ᠤ ᠯᠢᠶᠣᠤ ᠣᠯᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠱᠠᠨ ᠷᠦᠩ ᠠᠶᠢᠮᠠᠭ ᠤᠨ ᠵᠢᠭᠤᠯᠴᠢᠯᠠᠯ ᠤᠨ ᠣᠷᠣᠨ ᠢ ᠤᠯᠤᠰ ᠤᠨ 3A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠨ ᠳᠡᠪᠰᠢᠭᠦᠯᠪᠡ︔ ᠤᠯᠠᠭᠠᠨᠬᠠᠳᠠ ᠬᠤᠲᠠ ᠶᠢᠨ ᠭᠤᠷᠪᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠠᠮᠵᠢᠯᠲᠠ ᠲᠠᠢ ᠶᠠᠪᠤᠭᠳᠠᠵᠤ᠂ ᠪᠦᠬᠦ ᠵᠢᠯ ᠳᠤ ᠵᠤᠭᠠᠴᠠᠭᠰᠠᠳ ᠢ 1693.1 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ 214.7 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰᠪᠣᠷᠢ 9.2% ᠪᠠ 6.8% ᠨᠡᠮᠡᠭᠳᠡᠵᠡᠢ᠃ ᠮᠥᠩᠭᠦᠨ ᠭᠦᠢᠯᠭᠡᠭᠡᠨ ᠤ ᠦᠢᠯᠡᠰ ᠤᠨ ᠪᠣᠳᠠᠲᠤ ᠴᠣᠭᠴᠠᠲᠤ ᠠᠵᠤ ᠠᠬᠤᠶ ᠳᠤ ᠦᠢᠯᠡᠴᠢᠯᠡᠬᠦ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠪᠥᠬᠦ ᠬᠤᠲᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠲᠤ ᠭᠠᠷᠤᠭᠰᠠᠨ᠂ ᠫᠠᠶᠢᠰᠠ ᠡᠯᠭᠦᠭᠰᠡᠨ ᠠᠵᠤ ᠠᠬᠤᠶᠢᠯᠠᠯ ᠤᠨ ᠶᠡᠷᠦᠩᠬᠡᠶ ᠲᠤᠭ᠎ᠠ 264 ᠪᠣᠯᠪᠠ︔ ᠮᠢᠨ ᠱᠧᠩ ᠪᠠᠩᠬᠢ ᠶᠢᠨ ᠮᠠᠨ ᠤ ᠬᠤᠲᠠ ᠳᠤ ᠣᠷᠣᠵᠤ ᠰᠠᠭᠤᠬᠤ ᠡᠮᠦᠨᠡᠬᠢ ᠬᠤᠭᠤᠴᠠᠭᠠᠨ ᠤ ᠠᠵᠢᠯ ᠯᠠᠪᠳᠠᠭᠤᠨ ᠢᠶᠠᠷ ᠠᠬᠢᠵᠤ᠂ ᠠᠩᠬᠠᠳᠠᠭᠴᠢ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠳᠤᠮᠳᠠ ᠵᠢᠵᠢᠭ ᠠᠵᠤ ᠠᠬᠤᠢᠯᠠᠯ ᠤᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠠᠵᠢᠯᠯᠠᠭᠠᠨ ᠨᠡᠯᠢᠶᠡᠳ ᠰᠠᠶᠢᠨ ᠪᠣᠯᠪᠠ︔ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 2852 ᠳ᠋ᠦᠩᠰᠢᠭᠤᠷ ᠲᠥᠭᠦᠷᠢᠭ᠂ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 2445 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ ᠲᠣᠰᠪᠣᠷᠢ 9.4% ᠪᠠ 13.5% ᠨᠡᠮᠡᠭᠳᠡᠵᠡᠢ᠃ ᠪᠦᠬᠦ ᠵᠢᠯ ᠳᠤ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 929 ᠳ᠋ᠦᠩᠰᠢᠭᠤᠷ ᠲᠥᠭᠦᠷᠢᠭ ᠲᠤ ᠬᠦᠷᠭᠡᠵᠦ᠂ 8.4% ᠪᠠᠷ ᠨᠡᠮᠡᠭᠳᠡᠬᠦᠯᠪᠡ᠃     ︵ᠳᠥᠷᠪᠡ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠪᠡ᠃ ᠭᠤᠷᠪᠠᠨ ᠠᠵᠤ ᠦᠢᠯᠡᠰ ᠤᠨ ᠪᠠᠶᠢᠳᠠᠯ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 26.6% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢ 15.8% ᠪᠠᠷ ᠨᠡᠮᠡᠭᠳᠡᠭᠦᠯᠵᠦ᠂ ᠡᠭᠦᠨ ᠳᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢ 15.7% ᠪᠠᠷ ᠨᠡᠮᠡᠭᠳᠡᠬᠦᠯᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 9.7% ᠪᠠᠷ ᠨᠡᠮᠡᠭᠳᠡᠪᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠠᠴᠠ ᠦᠵᠡᠪᠡᠯ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢᠯᠡᠷᠬᠡᠢ᠂ ᠪᠦᠬᠦ ᠬᠤᠲᠠ ᠶᠢᠨ ᠠᠷᠠᠳ ᠤᠨ ᠳᠤᠮᠳᠠᠬᠢ ᠪᠡᠯᠡ ᠣᠷᠣᠭᠤᠯᠤᠯᠲᠠ 9.3% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 63.5% ᠶᠢ ᠡᠵᠡᠯᠡᠪᠡ᠃ ᠲᠥᠷᠦᠯ ᠵᠦᠢᠯ ᠤᠨ ᠪᠦᠲᠦᠭᠡᠨ ᠪᠠᠶᠢᠭᠤᠯᠤᠯᠳᠠ ᠠᠴᠠ ᠦᠵᠡᠪᠡᠯ᠂ ᠪᠦᠬᠦ ᠬᠤᠲᠠ ᠶᠢᠨ 526 ᠭᠤᠣᠯᠳᠠᠯᠭ᠎ᠠ ᠲᠠᠢ ᠲᠥᠷᠦᠯ ᠵᠦᠢᠯ ᠢ ᠠᠵᠢᠯ ᠡᠬᠢᠯᠡᠭᠦᠯᠵᠦ᠂ 454.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ︔ ᠥᠪᠡᠷᠲᠡᠭᠡᠨ ᠵᠠᠰᠠᠬᠤ ᠣᠷᠣᠨ ᠠᠴᠠ ᠲᠤᠬᠢᠷᠠᠭᠤᠯᠤᠭᠰᠠᠨ 261 ᠴᠢᠬᠤᠯᠠ ᠶᠡᠭᠡ ᠲᠥᠷᠥᠯ ᠵᠦᠢᠯ ᠢ ᠠᠵᠢᠯ ᠡᠬᠢᠯᠡᠭᠦᠯᠦᠭᠰᠡᠨ ᠪᠠ ᠠᠵᠢᠯ ᠢ ᠨᠢ ᠰᠡᠷᠭᠦᠭᠡᠵᠦ᠂ 326.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠳ᠋ᠦᠩ ᠷᠠᠨ ᠴᠠᠬᠢᠯᠭᠠᠨ ᠬᠦᠴᠦᠨ ᠤ ᠰᠠᠯᠬᠢᠨ ᠴᠠᠬᠢᠯᠭᠠᠨ ᠤ ᠠᠵᠤ ᠦᠢᠯᠡᠰ ᠤᠨ ᠦᠢᠯᠡᠴᠢᠯᠡᠭᠡᠨ ᠤ ᠲᠥᠪ᠂ ᠪᠠᠶ ᠬᠤᠶ ᠲᠦᠭᠦᠬᠡᠢ ᠰᠣᠷᠭᠤᠭ ᠢᠰᠭᠡᠭᠦᠷ ᠦᠢᠯᠡᠳᠪᠦᠷᠢᠯᠡᠬᠦ ᠲᠠᠰᠤᠭ᠂ ᠤᠯᠠᠭᠠᠨᠬᠠᠳᠠ ᠶᠢᠨ ᠡᠮ ᠦᠢᠯᠡᠳᠬᠦ ᠳᠤᠮᠳᠠᠬᠢ ᠲᠤᠷᠰᠢᠯᠲᠠ ᠵᠢᠴᠢ ᠣᠯᠠᠨ ᠴᠢᠳᠠᠮᠵᠢᠲᠤ ᠦᠢᠯᠡᠳᠪᠦᠷᠢ ᠶᠢᠨ ᠲᠠᠰᠤᠭ᠂ ᠲᠢᠶᠠᠨ ᠴᠢ ᠡᠮ ᠦᠢᠯᠡᠳᠬᠦ ᠮᠣᠩᠭᠤᠯ ᠬᠢᠲᠠᠳ ᠡᠮ ᠤᠨ ᠦᠢᠯᠡᠳᠪᠦᠷᠢᠯᠡᠯ ᠤᠨ ᠱᠤᠭᠤᠮ ᠢ ᠥᠭᠡᠷᠡᠴᠢᠯᠡᠨ ᠲᠠᠰ ᠳᠡᠪᠰᠢᠭᠦᠯᠬᠦ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ︔ ᠬᠡᠰᠢᠭᠲᠡᠨ ᠬᠤᠰᠢᠭᠤᠨ ᠤ ᡁᠢ ᠷᠦᠢ 120 ᠲᠦᠮᠡᠨ ᠺᠢᠯᠣᠸᠠᠲ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠳ᠋ᠠ ᠳᠠᠩ ᠤᠨ ᠬᠡᠰᠢᠭᠲᠡᠨ ᠬᠤᠰᠢᠭᠤᠨ ᠤ ᠨᠡᠭᠦᠷᠡᠰᠦ ᠪᠠᠷ ᠪᠠᠶᠢᠭᠠᠯᠢ ᠶᠢᠨ ᠰᠢᠲᠠᠮᠠᠬᠠᠶ ᠬᠡᠢ ᠦᠢᠯᠡᠳᠬᠦ II ᠰᠢᠷᠢᠰ ᠪᠦᠷᠢᠨᠰᠢᠭᠦᠯᠦᠯᠳᠡ᠂ ᠵᠢᠦ ᠿᠢ ᠰᠢᠨ᠎ᠡ ᠮᠠᠲ᠋ᠧᠷᠢᠶᠠᠯ ᠤᠨ ᠭᠡᠷᠡᠯ ᠡᠭᠦᠰᠭᠡᠭᠴᠢ ᠶᠢᠨ ᠵᠠᠪᠰᠠᠷ ᠤᠨ ᠴᠣᠭᠴᠠ᠂ ᠧᠨ ᠸᠧ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠠᠬᠢᠭᠤᠯᠪᠠ︔ ᠢᠤᠨᠢᠺ ᠰᠢᠨ᠎ᠡ ᠮᠠᠲ᠋ᠧᠷᠢᠶᠠᠯ ᠤᠨ ᠬᠦᠷᠢᠨ ᠤ ᠭᠠᠳᠠᠨᠠᠬᠢ ᠲᠤᠶᠠᠭᠠᠨ ᠤ ᠰᠢᠩᠭᠡᠭᠡᠭᠴᠢ ᠶᠢᠨ ᠰᠢᠷᠢᠰ ᠪᠦᠲᠦᠭᠡᠭᠳᠡᠬᠦᠨ᠂ ᠳ᠋ᠦᠩ ᠬᠤᠢ ᠬᠢᠮᠢ ᠶᠢᠨ ᠠᠵᠤ ᠦᠢᠯᠡᠳᠪᠦᠷᠢ ᠶᠢᠨ 1000 ᠲᠣᠨ ᠭᠠᠪᠤᠷ ᠬᠦᠬᠦᠷ ᠤᠨ ᠬᠦᠴᠢᠯ᠂ ᠢ ᠫᠢᠨ ᠠᠮᠢᠳᠤ ᠪᠣᠳᠠᠰ ᠤᠨ ᠰᠢᠪᠲᠦᠷᠲᠦ ᠬᠦᠴᠢᠯ ᠤᠨ ᠨᠡᠶᠢᠯᠡᠯᠭᠡ ᠰᠢᠪᠲᠦᠷ ᠤᠨ ᠮᠡᠷᠭᠡᠵᠢᠯ ᠤᠨ ᠥᠭᠡᠷᠡᠴᠢᠯᠡᠯᠲᠡ᠂ ᠷᠧᠨ ᠯᠢ ᠰᠢᠤᠸᠠᠢ ᠯᠢᠶᠠᠨ ᠢᠮᠠᠭᠠᠨ ᠨᠣᠤᠯᠤᠭᠤᠷ ᠤᠨ ᠪᠦᠲᠦᠭᠡᠭᠳᠡᠬᠦᠨ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠭᠤᠯᠵᠤ ᠳᠠᠭᠤᠰᠬᠠᠪᠠ᠃     ︵ᠲᠠᠪᠤ︶ ᠣᠷᠣᠨ ᠪᠦᠰᠡ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠠᠬᠢᠴᠠ ᠶᠢᠨ ᠪᠠᠶᠢᠳᠠᠯ᠃ ᠯᠢᠶᠤᠤᠨᠢᠩ ᠤᠨ ᠪᠠᠷᠠᠭᠤᠨ ᠬᠡᠰᠡᠭ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠠᠬᠤᠢ ᠶᠢᠨ ᠣᠷᠣᠨ ᠤ ᠬᠤᠯᠪᠣᠭᠠᠲᠤ ᠴᠣᠭᠴᠠ ᠶᠢᠨ ᠪᠦᠷᠢᠯᠳᠦᠬᠦᠨ ᠬᠤᠲᠠ ᠯᠤᠭ᠎ᠠ ᠬᠠᠷᠢᠯᠴᠠᠨ ᠬᠥᠳᠡᠯᠦᠯᠴᠡᠬᠦ ᠶᠢ ᠢᠳᠡᠪᠬᠢᠲᠡᠢ ᠥᠷᠨᠢᠭᠦᠯᠵᠦ᠂ ᠠᠵᠤ ᠠᠬᠤᠢ ᠶᠢᠨ ᠬᠠᠮᠲᠤᠷᠠᠯᠴᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠬᠠᠷᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠨᠢ ᠤᠳᠠᠭᠠᠨ ᠲᠣᠭᠲᠠᠭᠤᠨ ᠬᠠᠮᠲᠤᠷᠠᠯᠴᠠᠭ᠎ᠠ ᠶᠢᠨ ᠬᠠᠷᠢᠴᠠᠭ᠎ᠠ ᠶᠢ ᠪᠠᠶᠢᠭᠤᠯᠤᠨ ᠪᠦᠷᠢᠯᠳᠦᠬᠦᠯᠪᠡ᠃ ᠥᠪᠡᠷᠲᠡᠭᠡᠨ ᠵᠠᠰᠠᠬᠤ ᠣᠷᠣᠨ ᠤ ︽ᠬᠤᠣᠰ ᠤᠳᠤᠨ ᠣᠷᠣᠨ︾ ᠢ ᠴᠣᠭᠴᠠᠯᠠᠬᠤ ᠲᠣᠬᠢᠷᠠᠭᠤᠯᠤᠯᠲᠠ ᠪᠠᠶᠢᠷᠢᠯᠠᠭᠤᠯᠤᠯᠳᠠ ᠶᠢ ᠭᠦᠨᠵᠡᠭᠡᠢ ᠨᠠᠶᠢᠳᠠᠪᠤᠷᠢᠵᠢᠭᠤᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ︽ᠬᠤᠶᠠᠷ ᠬᠤᠲᠠ ᠶᠢᠨ ᠲᠡᠮᠳᠡᠭᠯᠡᠯ︾ ᠢ ᠲᠠᠭᠤᠷᠢᠰᠣᠭᠤᠯᠵᠣ᠂ ︽ᠤᠯᠠᠭᠠᠨᠬᠠᠳᠠ᠂ ᠲᠦᠩᠯᠢᠶᠣᠤ ᠶᠢᠨ ᠬᠠᠮᠵᠢᠯᠴᠠᠨ ᠬᠥᠭᠵᠢᠬᠦ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠵᠢᠩᠬᠢᠨᠢ ᠪᠠᠷ ᠭᠠᠷ ᠤᠨ ᠦᠰᠦᠭ ᠵᠢᠷᠤᠵᠤ ᠬᠡᠷᠡᠭᠵᠢᠭᠦᠯᠪᠡ᠃ ᠣᠷᠣᠨ ᠪᠦᠰᠡ ᠠᠯᠤᠰᠯᠠᠨ ᠤᠰᠤ ᠬᠠᠩᠭᠠᠬᠤ ᠤᠯᠠᠭᠠᠨᠬᠠᠳᠠ ᠶᠢᠨ ᠰᠠᠯᠪᠤᠷᠢ ᠱᠤᠭᠤᠮ ᠤᠨ ᠢᠨᠵᠧᠨᠧᠷᠢᠩ᠂ ᠤᠯᠠᠭᠠᠨᠬᠠᠳᠠ ᠠᠴᠠ ᠲᠦᠩᠯᠢᠶᠣᠤ ᠬᠥᠷᠬᠦ 500 ᠺᠢᠯᠣᠸᠠᠲ ᠤᠨ ᠲᠣᠤᠷᠵᠢᠭᠤᠯᠬᠤ ᠢᠨᠵᠧᠨᠧᠷᠢᠩ᠂ ᠲᠦᠩᠯᠢᠶᠣᠤ ᠠᠴᠠ ᠤᠯᠠᠭᠠᠨᠬᠠᠳᠠ ᠬᠥᠷᠬᠦ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠳᠠᠮᠵᠢᠭᠤᠯᠬᠤ ᠬᠤᠭᠤᠯᠠᠶ ᠶᠢᠨ ᠢᠨᠵᠧᠨᠧᠷᠢᠩ᠂ ᠤᠯᠤᠰ ᠤᠨ ᠲᠠᠰ ᠤᠨ ᠠᠵᠤ ᠦᠢᠯᠡᠰ ᠤᠨ ᠰᠢᠯᠵᠢᠯᠲᠡ ᠶᠢ ᠬᠤᠯᠪᠣᠭᠠᠯᠠᠨ ᠭᠥᠯᠢᠶᠡᠨ ᠠᠪᠬᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠵᠡᠷᠭᠡ ᠬᠤᠶᠠᠷ ᠭᠠᠵᠠᠷ ᠤᠨ ᠬᠠᠮᠵᠢᠯᠴᠠᠨ ᠬᠥᠭᠵᠢᠬᠦ ᠳᠤ ᠬᠤᠯᠪᠣᠭᠳᠠᠬᠤ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠡᠭᠦᠳᠴᠦ᠂ ᠴᠢᠬᠤᠯᠠ ᠶᠡᠭᠡ ᠵᠦᠢᠯᠡᠰ ᠲᠤ ᠢᠳᠡᠪᠬᠢᠲᠡᠶ ᠠᠬᠢᠴᠠ ᠲᠠᠢ ᠪᠣᠯᠪᠠ᠃ ︽ᠪᠡᠭᠡᠵᠢᠩ ᠲᠢᠶᠠᠨᠵᠢᠨ ᠾᠧᠪᠧᠢ ᠳᠤ ᠠᠭᠤᠰᠤᠯᠴᠠᠵᠤ᠂ ᠪᠦᠸᠧᠬᠠᠢ ᠲᠠᠩᠭᠢᠰ ᠳᠠᠭᠠᠤ ᠣᠷᠣᠨ ᠲᠠᠢ ᠵᠣᠯᠭᠠᠯᠴᠠᠵᠤ᠂ ᠶᠡᠭᠡ ᠣᠷᠴᠢᠯ ᠳᠤ ᠠᠭᠤᠰᠤᠯᠴᠠᠬᠤ︾ ᠶᠢᠨ ᠲᠣᠭᠤᠷᠢᠨ ᠳᠤ᠂ ᠣᠳᠣ ᠶᠢᠨ ᠪᠠᠶᠢᠭ᠎ᠠ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠪᠠᠷ ᠭᠠᠷᠲᠠᠴᠠ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠭᠤᠣᠯᠳᠠᠯᠭ᠎ᠠ ᠲᠠᠢ ᠠᠵᠤ ᠦᠢᠯᠡᠰ ᠤᠨ ︽ᠬᠡᠯᠬᠢᠶ᠎ᠡ ᠶᠢᠨ ᠳᠠᠷᠤᠭ᠎ᠠ ᠶᠢᠨ ᠳᠦᠷᠢᠮ︾ ᠪᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ︽ᠲᠤᠰᠬᠠᠢ ᠠᠩᠭᠢ ᠶᠢᠨ ᠳᠦᠷᠢᠮ︾ ᠢ ᠶᠡᠬᠡᠪᠡᠷ ᠬᠡᠷᠡᠭᠵᠢᠭᠦᠯᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠳᠤ ᠬᠠᠨᠳᠤᠯᠭᠠᠲᠤ ᠴᠢᠨᠠᠷᠲᠠᠢ ᠪᠠᠷ ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ ᠤᠷᠢᠵᠤ ᠪᠡᠯᠡ ᠲᠠᠳᠠᠬᠤ ᠶᠢ ᠥᠷᠨᠢᠭᠦᠯᠵᠦ᠂ ᠪᠦᠬᠦ ᠵᠢᠯ ᠳᠤ 381 ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 330.6 ᠳ᠋ᠦᠩᠰᠢᠭᠤᠷ ᠲᠥᠭᠦᠷᠢᠭ ᠲᠤ ᠬᠦᠷᠪᠡ᠃ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠣᠨ︾ ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠶ ᠠᠬᠢᠭᠤᠯᠵᠤ᠂ ︽ᠮᠥᠩᠬᠡ ᠰᠤᠪᠠᠭ︾ APP ᠶᠢᠨ ᠳᠠᠩᠰᠠᠯᠠᠭᠰᠠᠨ ᠲᠤᠭ᠎ᠠ ᠪᠠ ᠰᠤᠷᠪᠤᠯᠵᠢᠯᠠᠭᠰᠠᠨ ᠬᠡᠮᠵᠢᠶ᠎ᠡ ᠪᠥᠬᠦ ᠣᠷᠣᠨ ᠳᠤ ᠨᠢᠭᠡᠳᠦᠭᠡᠷ — — ᠲᠤ ᠣᠷᠣᠵᠤ᠂ ︽12345︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠭᠤᠳ ᠤᠲᠠᠰᠤ ᠪᠥᠬᠦ ᠲᠠᠯ᠎ᠠ ᠪᠠᠷ ᠨᠡᠪᠳᠡᠷᠡᠪᠡ᠃      ︵ᠵᠢᠷᠭᠤᠭ᠎ᠠ︶ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠬᠠᠮᠵᠢᠯᠴᠠᠨ ᠬᠥᠭᠵᠢᠭᠰᠡᠨ ᠪᠠᠶᠢᠳᠠᠯ᠃ ᠣᠷᠣᠨ ᠪᠦᠰᠡ ᠶᠢᠨ ᠴᠢᠨᠠᠷᠲᠠᠢ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠤᠯᠠᠭᠠᠨᠬᠠᠳᠠ ᠬᠤᠲᠠ ᠶᠢᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠲᠥᠰᠦᠯ︾᠂ ︽ᠤᠯᠠᠭᠠᠨᠬᠠᠳᠠ ᠬᠤᠲᠠ ᠶᠢᠨ ᠲᠥᠪ ᠬᠤᠲᠠ ᠶᠢᠨ ᠠᠵᠤ ᠦᠢᠯᠡᠰ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠲᠦᠯᠦᠪᠵᠢᠬᠦᠯᠭᠡ︾ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ︽ᠤᠯᠠᠭᠠᠨᠬᠠᠳᠠ ᠬᠤᠲᠠ ᠶᠢᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠦᠯᠦᠪᠵᠢᠬᠦᠯᠭᠡ︾ ᠶᠢ ᠨᠠᠶᠢᠷᠠᠭᠤᠯᠤᠨ ᠵᠣᠬᠢᠶᠠᠬᠤ ᠶᠢ ᠱᠠᠯᠠᠪᠳᠠᠨ ᠠᠬᠢᠭᠤᠯᠪᠠ᠃ ᠳᠠᠭᠠᠭᠠᠬᠤ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠨᠡᠮᠡᠭᠳᠡᠭᠦᠯᠵᠦ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠲᠦᠬᠦᠭᠡᠷᠦᠮᠵᠢ ᠶᠢᠨ 228 ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 33.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠳᠤᠮᠳᠠ ᠲᠣᠭᠤᠷᠢᠯ ᠵᠠᠮ ᠤᠨ ᠲᠦᠷᠭᠡᠨ ᠪᠣᠯᠭᠠᠨ ᠥᠭᠡᠷᠡᠴᠢᠯᠡᠬᠦ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠳᠠᠬᠢᠯᠲᠠ ᠤᠰᠤᠨ ᠤ ᠬᠤᠲᠠ ᠲᠣᠭᠤᠷᠢᠭᠰᠠᠨ ᠤᠰᠤ ᠳᠠᠮᠵᠢᠭᠤᠯᠬᠤ ᠬᠤᠭᠤᠯᠠᠢ ᠶᠢᠨ ᠲᠣᠣᠷ ᠤᠨ ᠵᠦᠢᠯᠡᠰ ᠢ ᠲᠦᠷᠭᠡᠪᠴᠢᠯᠡᠨ ᠠᠬᠢᠭᠤᠯᠵᠤ᠂ ᠠᠵᠤ ᠠᠬᠤᠢ ᠶᠢᠨ ᠨᠡᠭᠡᠭᠡᠨ ᠬᠥᠭᠵᠢᠭᠦᠯᠬᠦ ᠣᠷᠣᠨ ᠤ ᠥᠪᠡᠰᠦᠪᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠢᠯᠴᠢ ᠬᠠᠩᠭᠠᠬᠤ ᠤᠷᠲᠤ ᠳᠠᠮᠵᠢᠭᠤᠯᠬᠤ ᠬᠤᠭᠤᠯᠠᠢ ᠶᠢᠨ ᠱᠤᠭᠤᠮ ᠢ ᠪᠠᠶᠢᠭᠤᠯᠵᠤ ᠳᠠᠭᠤᠰᠬᠠᠨ ᠠᠵᠢᠯᠯᠠᠭᠤᠯᠪᠠ︔ ᠪᠦᠬᠦ ᠵᠢᠯ ᠳᠤ ᠪᠣᠷᠣᠭᠠᠨ ᠤ ᠤᠰᠤ ᠪᠠ ᠪᠣᠬᠢᠷ ᠤᠰᠤ ᠶᠢ ᠬᠤᠪᠢᠶᠠᠷᠢᠯᠠᠨ ᠤᠷᠤᠰᠬᠠᠬᠤ ᠬᠤᠭᠤᠯᠠᠢ ᠲᠣᠣᠷ ᠢ 31.9 ᠺᠢᠯᠤᠮᠧᠲᠷ ᠥᠭᠡᠷᠡᠴᠢᠯᠡᠨ ᠵᠠᠰᠠᠵᠤ᠂ 35 ᠺᠢᠯᠤᠮᠧᠲᠷ ᠰᠢᠲᠠᠮᠠᠬᠠᠢ ᠬᠡᠢ ᠶᠢᠨ ᠬᠤᠭᠤᠯᠠᠢ ᠶᠢ ᠰᠢᠨ᠎ᠡ ᠪᠠᠷ ᠪᠠᠶᠢᠭᠤᠯᠤᠨ᠂ ᠭᠤᠣᠯ ᠬᠤᠲᠠ ᠲᠣᠭᠤᠷᠢᠭ ᠤᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠦᠷ᠎ᠡ ᠪᠦᠲᠦᠭᠡᠯ ᠢ ᠪᠠᠲᠤᠳᠬᠠᠨ ᠳᠡᠭᠡᠭᠰᠢᠯᠡᠭᠦᠯᠵᠦ᠂ ᠭᠤᠣᠯ ᠬᠤᠲᠠ ᠲᠣᠭᠤᠷᠢᠭ ᠤᠨ ︽ᠬᠤᠲᠠ ᠶᠢᠨ ᠵᠠᠮ ᠢ ᠤᠬᠤᠵᠤ ᠮᠠᠯᠲᠠᠬᠤ ᠬᠠᠮᠢᠶᠠᠷᠤᠯᠲᠠ ᠶᠢᠨ ᠠᠷᠭ᠎ᠠ︾᠂ ︽ᠵᠡᠭᠡᠯᠢ ᠳᠠᠭᠠᠤ ᠪᠠᠷᠢᠯᠭ᠎ᠠ ᠶᠢ ᠤᠯᠠᠭᠠᠨ ᠱᠤᠭᠤᠮ ᠠᠴᠠ ᠭᠠᠷᠭᠠᠬᠤ ᠣᠷᠣᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠲᠣᠭᠲᠠᠭᠠᠨ ᠨᠡᠶᠢᠳᠡᠯᠡᠵᠦ᠂ ᠵᠠᠮ ᠢ ᠴᠡᠪᠡᠷᠰᠢᠭᠦᠯᠬᠦ᠂ ᠭᠡᠷ ᠤᠨ ᠭᠠᠳᠠᠨᠠᠬᠢ ᠵᠠᠷ ᠮᠡᠳᠡᠭᠡ ᠪᠠ ᠠᠰᠠᠷ ᠤᠨ ᠣᠷᠣᠢ ᠳᠡᠭᠡᠷᠡᠬᠢ ᠦᠰᠦᠭᠲᠦ ᠫᠠᠶᠢᠰᠠ ᠢᠯᠡᠷᠭᠡᠶᠢᠯᠡᠯ ᠢ ᠵᠠᠰᠠᠬᠤ ᠵᠡᠷᠭᠡ ᠲᠤᠰᠬᠠᠢ ᠲᠥᠷᠥᠯ ᠤᠨ ᠠᠵᠢᠯᠯᠠᠭ᠎ᠠ ᠯᠠᠪᠳᠠᠭᠤᠨ ᠪᠠᠲᠤᠲᠠᠢ ᠠᠬᠢᠵᠤ᠂ ᠪᠦᠬᠦ ᠬᠤᠲᠠ ᠶᠢᠨ ᠬᠠᠤᠯᠢ ᠵᠥᠷᠢᠴᠡᠭᠰᠡᠨ 61.5 ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ ᠶᠢ ᠨᠤᠷᠠᠭᠠᠪᠠ︔ ︽ᠬᠠᠰ ᠯᠣᠣ ᠲᠡᠷᠭᠡ ᠵᠣᠭᠰᠣᠬᠤ︾ ᠣᠶᠤᠨᠴᠢ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ ᠳᠠᠭᠤᠰᠬᠠᠵᠤ᠂ ᠭᠤᠣᠯ ᠬᠤᠲᠠ ᠲᠣᠭᠤᠷᠢᠭ ᠤᠨ 3500 ᠲᠤᠰᠠᠯᠠᠬᠤ ᠳᠤᠭᠤᠢ ᠲᠡᠷᠭᠡ ᠶᠢ ᠠᠰᠢᠭᠯᠠᠯᠲᠠ ᠳᠤ ᠣᠷᠣᠭᠤᠯᠤᠨ᠂ ᠪᠠᠷᠢᠯᠭ᠎ᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠬᠵᠢᠭᠤᠯᠤᠨ ᠠᠰᠢᠭᠯᠠᠬᠤ᠂ ᠲᠣᠭᠤᠭᠠᠨ ᠭᠡᠷ ᠤᠨ ᠬᠤᠭ ᠨᠣᠪᠰᠢ ᠶᠢ ᠡᠬᠢ ᠪᠠᠶᠠᠯᠢᠬᠵᠢᠭᠤᠯᠤᠨ ᠠᠰᠢᠭᠯᠠᠬᠤ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠥᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠷᠤᠭᠰᠢᠲᠠᠢ ᠶᠠᠪᠤᠭᠳᠠᠵᠠᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠣᠭᠲᠠᠭᠤᠨ ᠢᠶᠠᠷ ᠬᠡᠷᠡᠭᠵᠢᠭᠦᠯᠵᠦ᠂ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠵᠦ᠂ ᠬᠤᠲᠠ ᠶᠢᠨ ᠱᠠᠲᠤᠨ ᠤ 14 ᠲᠤᠷᠰᠢᠯᠲᠠ ᠶᠢᠨ ᠲᠣᠰᠬᠤᠨ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦᠨ ᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠵᠤ ᠰᠠᠶᠢᠵᠢᠷᠠᠭᠤᠯᠬᠤ ᠠᠵᠢᠯᠯᠠᠭᠠᠨ ᠤ ᠲᠥᠰᠦᠯ ᠢ ᠲᠣᠭᠲᠠᠭᠠᠵᠤ᠂ ᠪᠦᠬᠦ ᠬᠤᠲᠠ ᠶᠢᠨ 995 ᠵᠠᠰᠠᠭ ᠵᠠᠬᠢᠷᠭᠠᠨ ᠤ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃      ︵ᠳᠣᠯᠤᠭ᠎ᠠ︶ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠡᠷᠴᠢᠮ ᠴᠢᠩᠭᠠᠷᠠᠪᠠ᠃ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠢ ᠵᠠᠰᠠᠨ ᠰᠡᠷᠭᠦᠭᠡᠬᠦ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠬᠤᠲᠠ ᠶᠢᠨ ︽ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠥᠰᠦᠯ︾ ᠢ ᠲᠣᠭᠲᠠᠭᠠᠨ ᠳᠠᠭᠤᠰᠬᠠᠵᠤ᠂ ᠪᠠᠷᠠᠭᠤᠨ ᠯᠢᠶᠣᠤ ᠾᠧ ᠭᠤᠤᠯ ᠤᠨ ᠴᠢᠬᠤᠯᠠ ᠡᠬᠢᠳᠤ ᠤᠷᠤᠰᠬᠠᠯ ᠤᠨ ᠣᠷᠣᠨ ᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠬᠢᠴᠠ ᠲᠦᠷᠭᠡᠳᠪᠡ︔ ᠪᠥᠬᠦ ᠵᠢᠯ ᠳᠤ 60.2 ᠲᠦᠮᠡᠨ ᠮᠥ ᠣᠶᠢᠵᠢᠭᠤᠯᠬᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢᠨ 3.9 ᠲᠦᠮᠡᠨ ᠮᠥ ᠨᠣᠭᠤᠭᠠᠷᠠᠭᠤᠯᠤᠯᠲᠠ ᠬᠢᠵᠦ᠂ ᠭᠤᠤᠯ ᠬᠤᠲᠠ ᠲᠣᠭᠤᠷᠢᠭ ᠤᠨ ᠭᠤᠤᠯ ᠤᠨ ᠵᠠᠮ ᠤᠨ ᠠᠮᠢ ᠠᠬᠤᠶ ᠶᠢᠨ ᠣᠷᠴᠢᠨ ᠲᠣᠭᠤᠷᠢᠨ ᠪᠠ ᠨᠣᠭᠤᠭᠠᠷᠠᠭᠤᠯᠤᠯᠲᠠ ᠶᠢᠨ ᠦᠵᠡᠮᠵᠢ ᠦᠷᠭᠦᠯᠵᠢᠯᠡᠨ ᠰᠠᠶᠢᠵᠢᠷᠠᠵᠤ᠂ ᠤᠰᠤ ᠨᠥᠬᠦᠪᠥᠷᠢᠯᠡᠬᠦ ᠬᠡᠮᠵᠢᠶ᠎ᠡ ᠨᠡᠶᠢᠲᠡ 5000 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠥᠷᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠨᠡᠩᠬᠦ ᠪᠠᠬᠢᠵᠢᠭᠦᠯᠵᠦ ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠪᠠ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠪᠠᠶᠢᠴᠠᠭᠠᠨ ᠦᠨᠡᠯᠡᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ︔ ᠪᠥᠬᠦ ᠬᠤᠲᠠ ᠶᠢᠨ ᠬᠥᠷᠥᠰᠥ ᠰᠢᠷᠣᠶ ᠶᠢᠨ ᠣᠷᠴᠢᠨ ᠲᠣᠭᠤᠷᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠲᠥᠪ ᠬᠤᠲᠠ ᠶᠢᠨ ᠣᠷᠴᠢᠨ ᠲᠣᠭᠤᠷᠢᠨ ᠤ ᠠᠭᠤᠷ ᠠᠮᠢᠰᠬᠤᠯ ᠤᠨ ᠰᠢᠯᠢᠳᠡᠭ ᠰᠠᠶᠢᠨ ᠡᠳᠦᠷ ᠤᠨ ᠲᠤᠭ᠎ᠠ 348 ᠡᠳᠦᠷ ᠪᠣᠯᠵᠣ᠂ ᠭᠠᠵᠠᠷ ᠳᠡᠭᠡᠷᠡᠬᠢ ᠤᠰᠤᠨ ᠤ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ 79.2% ᠲᠤ ᠬᠦᠷᠴᠦ᠂ ᠬᠤᠲᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ 100% ᠶᠢ ᠪᠠᠲᠤᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠵᠢᠴᠢ ︽ᠡᠷᠬᠢᠨ ᠬᠠᠷᠠᠬᠤ︾ ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠬᠡᠨ ᠪᠠᠶᠢᠭᠤᠯᠵᠤ᠂ ᠤᠯᠠᠭᠠᠨᠬᠠᠳᠠ ᠠᠴᠠ ᠳ᠋ᠠᠪᠠᠨ ᠬᠦᠷᠬᠦ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠨᠡᠪᠲᠡᠷᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠤᠯᠠᠭᠠᠨᠬᠠᠳᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ ᠣᠯᠠᠨ ᠨᠡᠶᠢᠲᠡᠴᠢᠯᠡᠵᠦ ᠡᠵᠡᠩᠨᠡᠬᠦ ᠶᠢ ᠪᠡᠶᠡᠯᠡᠭᠦᠯᠪᠡ᠃ ᠯᠢᠨᠳᠦ᠋ᠩ ᠠᠴᠠ ᠰᠢᠶᠠ ᠾᠦᠸᠧ ᠹᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠵᠤ᠂ ᠪᠢᠷᠠᠭᠤ ᠠᠴᠠ ᠤᠯᠠᠭᠠᠨᠪᠤᠲᠤᠩ ᠬᠦᠷᠬᠦ ᠲᠦᠷᠭᠡᠨ ᠤ ᠵᠠᠰᠠᠮᠠᠯ ᠵᠠᠮ᠂ ᠰᠢᠶᠣᠤ ᠴᠧᠩ ᠽᠢ ᠠᠴᠠ ᠫᠢᠩ ᠴᠢᠤᠸᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠵᠦ᠂ ᠭᠤᠷᠣᠬᠠᠨ ᠠᠴᠠ ᠪᠠᠯᠴᠢᠷᠤᠳ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ᠂ ᠪᠣᠷᠣᠬᠤᠲᠠ ᠠᠴᠠ ᠴᠢᠪᠠᠭ᠎ᠠ ᠬᠦᠷᠬᠦ ᠲᠦᠷᠭᠡᠨ ᠤ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠷᠤᠭᠰᠢᠲᠠᠢ ᠠᠬᠢᠪᠠ᠃ ᠯᠢᠨᠰᠢ ᠶᠢᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠯᠠᠪᠳᠠᠭᠤᠨ ᠪᠠᠲᠤᠲᠠᠢ ᠠᠬᠢᠵᠤ᠂ ᠤᠯᠠᠭᠠᠨᠬᠠᠳᠠ ᠶᠢᠨ ᠬᠠᠰ ᠯᠣᠣ ᠨᠢᠰᠬᠡᠯ ᠤᠨ ᠪᠠᠭᠤᠳᠠᠯ ᠤᠨ ᠥᠭᠡᠷᠡᠴᠢᠯᠡᠨ ᠥᠷᠭᠡᠳᠬᠡᠬᠦ ᠢᠨᠵᠧᠨᠧᠷᠢᠩ ᠤᠨ ᠭᠤᠣᠯ ᠴᠣᠭᠴᠠ ᠶᠢᠨ ᠠᠵᠢᠯ ᠳᠠᠭᠤᠰᠴᠤ᠂ ᠠᠷᠤ ᠬᠤᠷᠴᠢᠨ ᠬᠤᠰᠢᠭᠤᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠵᠢᠩᠬᠢᠨᠢ ᠪᠠᠷ ᠠᠶᠠᠯᠠᠯ ᠨᠡᠪᠲᠡᠷᠡᠪᠡ᠃ ᠳ᠋ᠦᠩ ᠲᠠᠶᠢᠰᠠ ᠤᠰᠤᠨ ᠴᠥᠭᠦᠷᠥᠮ᠂ ᠬᠥᠪ ᠤᠨ ᠭᠤᠤ ᠤᠰᠤᠨ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠴᠦ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠦᠲᠦᠭᠡᠨ ᠪᠠᠶᠢᠭᠤᠯᠵᠤ ᠢᠵᠢ ᠪᠦᠷᠢᠳᠦᠭᠦᠯᠬᠦ ᠪᠠ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠯᠠᠪᠳᠠᠭᠤᠨ ᠢᠶᠠᠷ ᠬᠡᠷᠡᠭᠵᠢᠭᠦᠯᠵᠦ᠂ ᠳ᠋ᠠ ᠱᠢ ᠮᠧᠨ ᠤᠰᠤᠨ ᠴᠥᠭᠦᠷᠥᠮ ᠳ᠋ᠦᠩ ᠲᠠᠶᠢᠰᠠ ᠤᠰᠤᠨ ᠴᠥᠭᠦᠷᠥᠮ ᠠᠴᠠ ᠭᠤᠣᠯ ᠬᠤᠲᠠ ᠲᠣᠭᠤᠷᠢᠭ ᠲᠤ ᠤᠰᠤ ᠲᠠᠲᠠᠵᠤ ᠬᠠᠩᠭᠠᠬᠤ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠤᠷᠤᠭᠰᠢᠲᠠᠶ ᠶᠠᠪᠤᠭᠳᠠᠪᠠ᠃ ᠴᠤᠤᠶᠠᠩ ᠠᠴᠠ ᠤᠯᠠᠭᠠᠨᠬᠠᠳᠠ ᠬᠦᠷᠬᠦ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠬᠤᠭᠤᠯᠠᠢ ᠶᠢᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ 2 × 35 ᠲᠦᠮᠡᠨ ᠺᠢᠯᠣᠸᠠᠲ ᠤᠨ ᠥᠪᠡᠷᠲᠡᠭᠡᠨ ᠪᠡᠯᠡᠳᠬᠡᠭᠰᠡᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠦᠬᠦ ᠬᠤᠲᠠ ᠶᠢᠨ ᠬᠤᠲᠠ ᠬᠥᠳᠡᠭᠡ ᠶᠢᠨ ᠴᠠᠬᠢᠯᠭᠠᠨ ᠲᠣᠣᠷ ᠤᠨ ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠠᠬᠢᠭᠤᠯᠪᠠ᠃     ︵ᠨᠠᠢᠮᠠ︶ ᠨᠡᠶᠢᠭᠡᠮ ᠤᠨ ᠦᠢᠯᠡᠰ ᠪᠣᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠶᠢᠳᠠᠯ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠵᠢᠯᠣᠭᠤᠳᠬᠤ ᠰᠠᠨᠠᠯ︾ ᠢ ᠲᠣᠭᠲᠠᠭᠠᠨ ᠨᠡᠶᠢᠲᠡᠯᠡᠵᠦ᠂ ᠪᠥᠬᠦ ᠬᠤᠲᠠ ᠶᠢᠨ ᠬᠥᠮᠥᠷᠭᠡ ᠳᠤ ᠣᠷᠣᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 51 ᠳᠤᠮᠳᠠ ᠵᠢᠵᠢᠭ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠰᠢᠨ᠎ᠡ ᠪᠠᠷ 6 ᠨᠡᠮᠡᠭᠳᠡᠭᠦᠯᠪᠡ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠬᠦᠴᠦᠯᠡᠨ ᠥᠷᠭᠡᠳᠬᠡᠵᠦ᠂ ᠭᠤᠷᠪᠠᠨ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠤᠨ ᠳᠡᠭᠡᠭᠰᠢᠯᠡᠭᠦᠯᠬᠦ ᠪᠠ ᠭᠤᠣᠯ ᠬᠤᠲᠠ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠰᠢᠶᠠ ᠸᠠ ᠽᠢ ᠬᠡᠦᠬᠡᠳ ᠤᠨ ᠴᠡᠴᠡᠷᠯᠢᠭ᠂ ᠰᠢᠶᠠ ᠸᠠ ᠽᠢ ᠪᠠᠭ᠎ᠠ ᠰᠤᠷᠭᠠᠭᠤᠯᠢ᠂ ᠪᠠ ᠵᠢᠶᠠ ᠪᠠᠭ᠎ᠠ ᠰᠤᠷᠭᠠᠭᠤᠯᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠱᠠᠨ ᠰᠢ ᠶᠢᠩ ᠳᠤᠮᠳᠠᠳᠤ ᠰᠤᠷᠭᠠᠭᠤᠯᠢ ᠶᠢᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠳᠤ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ 12 ᠬᠤᠰᠢᠭᠤ ᠰᠢᠶᠠᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠬᠥᠭᠵᠢᠭᠦᠯᠵᠦ ᠪᠦᠬᠦᠨ ᠢ ᠪᠠᠷᠢᠮᠵᠢᠶᠠᠨ ᠳᠤ ᠬᠦᠷᠭᠡᠨ᠂ ᠰᠦᠩᠱᠠᠨ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠲᠣᠭᠠᠴᠢᠭᠤᠯᠤᠭᠰᠠᠨ ᠰᠤᠷᠭᠠᠭᠤᠯᠢ ᠶᠢᠨ ᠬᠦᠷᠢᠶ᠎ᠡ ᠥᠪᠡᠷᠲᠡᠭᠡᠨ ᠵᠠᠰᠠᠬᠤ ᠣᠷᠣᠨ ᠤ ᠬᠡᠪ ᠳᠠᠭᠤᠷᠢᠶᠠᠯᠳᠤ ᠰᠤᠷᠭᠠᠭᠤᠯᠢ ᠪᠠᠷ ᠵᠥᠪᠰᠢᠶᠡᠷᠡᠭᠳᠡᠪᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠱᠠᠯᠠᠪᠳᠠᠨ ᠳᠡᠭᠡᠭᠰᠢᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠯᠳᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠬᠤᠲᠠ ᠶᠢᠨ ᠨᠢᠭᠡᠳᠦᠭᠡᠷ᠂ ᠬᠤᠶᠠᠳᠤᠭᠠᠷ ᠤᠳᠠᠭ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ︔ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠬᠦᠯᠵᠦ᠂ ᠣᠯᠠᠨ ᠨᠡᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠲᠠ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ᠂ ᠬᠤᠲᠠ ᠶᠢᠨ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ᠂ ᠬᠤᠲᠠ ᠶᠢᠨ ᠠᠵᠢᠯ ᠤᠨ ᠨᠥᠯᠥᠭᠡᠨ ᠤ ᠡᠪᠡᠳᠴᠢᠨ ᠢ ᠰᠡᠷᠬᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠤᠷᠤᠭᠤᠯᠪᠠ᠃ ᠣᠯᠠᠨ ᠨᠡᠶᠢᠳᠡ ᠶᠢᠨ ᠰᠣᠶᠣᠯ ᠲᠠᠮᠢᠷ ᠤᠨ ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠢᠨᠡᠴᠢᠯᠡᠵᠦ᠂ ᠣᠯᠠᠨ ᠨᠡᠶᠢᠳᠡ ᠶᠢᠨ ᠰᠣᠶᠣᠯ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠯᠢᠶᠣᠤ ᠶᠢᠨ ᠦᠶ᠎ᠡ ᠶᠢᠨ ᠲᠡᠦᠬᠡ ᠰᠣᠶᠣᠯ ᠤᠨ ᠮᠦᠽᠧᠢ ᠶᠢᠨ ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ᠂ ᠠᠷᠤ ᠬᠤᠷᠴᠢᠨ ᠬᠤᠰᠢᠭᠤᠨ ᠤ ᠮᠣᠩᠭᠤᠯ ᠨᠡᠭᠦᠳᠡᠯ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ᠶᠢ ᠥᠩᠭᠡᠷᠡᠭᠦᠯᠵᠦ᠂ ᠪᠦᠬᠦ ᠬᠤᠲᠠ ᠶᠢᠨ ᠡᠯ᠎ᠡ ᠲᠥᠷᠥᠯ ᠤᠨ ᠲᠣᠮᠣ ᠳᠤᠮᠳᠠ ᠵᠢᠵᠢᠭ ᠬᠡᠯᠪᠡᠷᠢ ᠶᠢᠨ ᠲᠠᠮᠢᠷ ᠤᠨ ᠣᠷᠳᠣᠨ ᠤ ᠡᠳᠦᠷ ᠪᠦᠷᠢ ᠶᠢᠨ ᠨᠡᠭᠡᠭᠡᠯᠲᠡ ᠶᠢᠨ ᠴᠠᠭ ᠨᠢ 12.5 ᠴᠠᠭ ᠲᠤ ᠬᠦᠷᠪᠡ᠃ ᠠᠵᠢᠯ ᠣᠯᠭᠤᠯᠲᠠ ᠦᠢᠯᠡᠰ ᠪᠣᠰᠬᠠᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠦ ᠂ ᠪᠦᠬᠦ ᠬᠤᠲᠠ ᠶᠢᠨ ᠬᠤᠲᠠ ᠪᠠᠯᠭᠠᠰᠤ ᠶᠢᠨ 1.96 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ 68.5 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠠᠵᠢᠯ ᠲᠠᠢ ᠬᠥᠮᠦᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠦᠭᠡᠢ ᠪᠣᠯᠭᠠᠬᠤ ᠶᠢ ᠪᠠᠲᠤᠯᠠᠪᠠ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠲᠥᠯᠥᠪᠯᠡᠭᠡ ᠶᠢ ᠭᠦᠨᠵᠡᠭᠡᠶ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠡᠯ᠎ᠡ ᠵᠦᠢᠯ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠭᠦᠢᠴᠡᠳ ᠣᠯᠭᠤᠵᠤ᠂ ᠠᠵᠢᠯ ᠮᠡᠷᠭᠡᠵᠢᠯ ᠤᠨ ᠣᠨ ᠤ ᠮᠥᠩᠭᠦ ᠶᠢ ᠴᠤᠭᠯᠠᠭᠤᠯᠤᠨ ᠳᠡᠭᠡᠭᠰᠢ ᠬᠤᠪᠢᠶᠠᠷᠢᠯᠠᠬᠤ ᠪᠠ ᠪᠠᠯᠠ ᠣᠷᠣᠭᠤᠯᠤᠨ ᠡᠵᠡᠩᠨᠡᠬᠦ ᠠᠵᠢᠯ ᠢ ᠤᠷᠤᠭᠰᠢᠲᠠᠶ ᠠᠬᠢᠭᠤᠯᠪᠠ᠃ ᠨᠡᠢᠭᠡᠮ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ ᠢ ᠨᠡᠢᠳᠬᠡᠨ ᠪᠠᠷᠢᠮᠵᠢᠶ᠎ᠠ ᠳᠤ ᠬᠦᠷᠭᠡᠵᠦ ᠳᠡᠰ ᠳᠡᠪᠰᠢᠭᠦᠯᠬᠦ ᠠᠵᠢᠯᠯᠠᠭᠠᠨ ᠢ ᠲᠦᠷᠭᠡᠳᠬᠡᠨ ᠠᠬᠢᠭᠤᠯᠵᠤ᠂ ︽ᠤᠯᠠᠭᠠᠨᠬᠠᠳᠠ ᠬᠤᠲᠠ ᠶᠢᠨ ︿ᠨᠢᠭᠡ ᠨᠠᠰᠤᠲᠠᠨ ᠨᠢᠭᠡ ᠬᠡᠦᠬᠡᠳ﹀ ᠢ ᠪᠦᠬᠦᠯᠢ ᠴᠣᠭᠴᠠ ᠪᠠᠷ ᠰᠢᠢᠳᠪᠦᠷᠢᠯᠡᠬᠦ ᠲᠥᠰᠦᠯ︾ ᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠪᠦᠬᠦ ᠬᠤᠲᠠ ᠶᠢᠨ ᠬᠤᠲᠠ ᠪᠠ ᠮᠠᠯᠵᠢᠬᠤ ᠲᠠᠷᠢᠶᠠᠯᠠᠬᠤ ᠣᠷᠣᠨ ᠤ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠶᠢ ᠲᠣᠰᠪᠣᠷᠢ 753 ᠲᠥᠭᠦᠷᠢᠭ / ᠰᠠᠷ᠎ᠠ ᠪᠠ 5512 ᠲᠥᠭᠦᠷᠢᠭ / ᠵᠢᠯ ᠪᠣᠯᠭᠠᠨ ᠳᠡᠭᠡᠭᠰᠢᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠱᠠᠲᠤᠨ ᠤ ᠵᠣᠯᠭᠠᠭᠤᠯᠬᠤ ᠲᠤᠰᠬᠠᠶ ᠪᠠᠯᠠ ᠮᠥᠩᠭᠦ ᠶᠢ ᠨᠡᠶᠢᠲᠡ 28.4 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠤᠷᠢᠳᠠᠪᠠᠷ ᠲᠤᠷᠰᠢᠯᠲᠠ ᠬᠢᠬᠦ ᠠᠶᠢᠮᠠᠭ ᠬᠤᠲᠠ ᠪᠠᠷ ᠲᠣᠭᠲᠠᠭᠠᠭᠳᠠᠵᠤ᠂ ᠪᠥᠬᠦ ᠣᠷᠣᠨ ᠤ ᠠᠩᠬᠠᠳᠠᠭᠴᠢ ᠶᠠᠳᠠᠭᠤᠷᠠᠬᠤ ᠠᠴᠠ ᠰᠡᠷᠭᠡᠶᠢᠯᠡᠬᠦ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠵᠢᠯᠯᠠᠭᠠᠨ ᠨᠡᠯᠢᠶᠡᠳ ᠰᠠᠶᠢᠨ ᠪᠠᠶᠢᠨ᠎ᠠ᠃ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠦ᠂ ᠬᠤᠲᠠ ᠪᠠᠯᠭᠠᠰᠤᠨ ᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 1258 ᠢᠵᠢ ᠥᠭᠡᠷᠡᠴᠢᠯᠡᠨ ᠵᠠᠰᠠᠬᠤ ᠠᠵᠢᠯ ᠢ ᠡᠬᠢᠯᠡᠭᠦᠯᠵᠦ᠂ 228 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠲᠦᠷᠢᠶᠡᠰᠦᠨ ᠨᠥᠬᠦᠪᠥᠷᠢ ᠶᠢ ᠨᠡᠶᠢᠲᠡ 482 ᠲᠦᠮᠡᠨ ᠲᠥᠭᠦᠷᠢᠭ ᠲᠠᠷᠬᠠᠭᠠᠪᠠ᠃ ᠪᠦᠬᠦ ᠬᠤᠲᠠ ᠶᠢᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠡᠮᠬᠢ ᠵᠢᠷᠤᠮ ᠲᠠᠢ ᠠᠬᠢᠵᠤ᠂ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠦᠷᠨᠢᠬᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠡᠮᠡᠴᠡᠯ ᠭᠦᠨᠵᠡᠭᠡᠶᠢᠷᠡᠨ ᠠᠬᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠠᠰᠤᠷᠠᠯᠲᠠ ᠦᠭᠡᠢ ᠬᠥᠭᠵᠢᠵᠦ᠂ ᠬᠠᠤᠯᠢ ᠪᠠᠷ ᠵᠠᠰᠠᠬᠤ ᠤᠯᠠᠭᠠᠨᠬᠠᠳᠠ᠂ ᠡᠶ᠎ᠡ ᠵᠣᠬᠢᠴᠠᠯ ᠲᠠᠢ ᠤᠯᠠᠭᠠᠨᠬᠠᠳᠠ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃     ᠢᠳᠡᠪᠬᠢᠲᠡᠶ ᠴᠢᠷᠮᠠᠶᠢᠯᠭ᠎ᠠ ᠪᠠᠷ ᠳᠡᠮᠵᠢᠨ᠂ 2021 ᠣᠨ ᠳᠤ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠡᠷᠦᠩᠬᠡᠶ ᠳᠡᠭᠡᠨ ᠲᠣᠭᠲᠠᠭᠤᠨ ᠢᠶᠠᠷ ᠰᠡᠷᠭᠦᠬᠦ ᠰᠠᠶᠢᠨ ᠰᠠᠶᠢᠬᠠᠨ ᠪᠠᠶᠢᠳᠠᠯ ᠢᠶᠠᠨ ᠦᠷᠭᠦᠯᠵᠢᠯᠡᠭᠦᠯᠦᠭᠰᠡᠨ ᠪᠣᠯᠪᠠᠴᠤ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠪᠠᠶᠢᠳᠠᠯ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠲᠣᠭᠲᠠᠪᠤᠷᠢ ᠥᠬᠡᠶ ᠴᠢᠨᠠᠷ ᠪᠠᠶᠢᠬᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠮᠠᠨ ᠤ ᠬᠤᠲᠠ ᠶᠢᠨ ᠠᠵᠤ ᠠᠬᠤᠶ ᠶᠢᠨ ᠪᠥᠬᠦ ᠲᠠᠯ᠎ᠠ ᠪᠠᠷ ᠰᠡᠷᠭᠦᠬᠦ ᠰᠠᠭᠤᠷᠢ ᠪᠠᠰᠠ ᠪᠠᠲᠤ ᠪᠠᠬᠢ ᠪᠢᠰᠢ ᠪᠠᠶᠢᠵᠤ᠂ ᠣᠨᠴᠠᠭᠠᠶ ᠠᠩᠬᠠᠷᠬᠤ ᠴᠢᠬᠤᠯᠠᠲᠠᠶ ᠵᠠᠷᠢᠮ ᠬᠦᠴᠢᠷᠳᠡᠯ ᠪᠠ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃     ᠬᠤᠷᠸ᠎ᠠ ᠣᠷᠴᠢᠨ ᠲᠣᠭᠤᠷᠢᠨ ᠠᠴᠠ ᠦᠵᠡᠪᠡᠯ᠄ ᠶᠡᠭᠡ ᠬᠡᠮᠵᠢᠶᠡᠨ ᠤ ᠲᠠᠸᠠᠷ ᠤᠨ ᠦᠨ᠎ᠡ ᠬᠠᠩᠰᠢ ᠥᠰᠦᠭᠰᠡᠨ ᠵᠢᠴᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠡᠷᠭᠢᠯᠲᠡ ᠰᠢᠯᠤᠭᠤᠨ ᠪᠤᠰᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠣᠳᠣᠬᠠᠨ ᠳᠤ ᠪᠣᠳᠠᠲᠤ ᠴᠣᠭᠴᠠ ᠶᠢᠨ ᠠᠵᠤ ᠠᠬᠤᠶ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠳᠤ ᠤᠴᠠᠷᠠᠵᠤ᠂ ᠬᠤᠷᠸ᠎ᠠ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠨᠡᠯᠢᠶᠡᠳ ᠶᠡᠭᠡ ᠪᠠᠶᠢᠨ᠎ᠠ︔ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠠᠴᠠ ᠪᠤᠯᠵᠤ ᠠᠷᠠᠯᠵᠢᠶᠠᠨ ᠤ ᠨᠡᠮᠡᠭᠳᠡᠯ ᠤᠨ ᠬᠥᠳᠡᠯᠭᠡᠬᠦ ᠴᠢᠳᠠᠮᠵᠢ ᠪᠠᠭᠤᠷᠠᠵᠤ᠂ ᠭᠠᠳᠠᠷ ᠲᠠᠯ᠎ᠠ ᠳᠤ ᠭᠠᠳᠠᠭᠠᠳᠤ ᠭᠠᠷᠭᠠᠯᠲᠠ ᠶᠢᠨ ᠬᠡᠷᠡᠭᠴᠡᠭᠡ ᠪᠠᠭᠤᠷᠠᠵᠤ᠂ ᠳᠣᠲᠣᠭᠠᠳᠤ ᠳᠤ ᠰᠠᠭᠤᠭᠠᠯᠢ ᠠᠷᠠᠳ ᠤᠨ ᠬᠡᠷᠡᠭᠯᠡᠭᠡ ᠪᠠᠭᠤᠷᠠᠢ ᠰᠡᠷᠭᠦᠯᠲᠡ ᠶᠢᠨ ᠪᠠᠶᠢᠳᠠᠯ ᠳᠤ ᠣᠷᠣᠰᠢᠵᠣ᠂ ᠪᠡᠯᠡ ᠣᠷᠣᠭᠤᠯᠤᠯᠲᠠ᠂ ᠬᠡᠷᠡᠭᠯᠡᠭᠡ ᠲᠣᠭᠲᠠᠭᠤᠨ ᠢᠶᠠᠷ ᠨᠡᠮᠡᠭᠳᠡᠬᠦ ᠬᠥᠳᠡᠯᠭᠡᠬᠦ ᠴᠢᠳᠠᠮᠵᠢ ᠬᠦᠷᠦᠯᠴᠡᠬᠦ ᠦᠭᠡᠢ ᠪᠠᠶᠢᠨ᠎ᠠ᠃ ᠲᠣᠰ ᠪᠡᠶ᠎ᠡ ᠶᠢᠨ ᠬᠥᠭᠵᠢᠯᠲᠡ ᠠᠴᠠ ᠦᠵᠡᠪᠡᠯ᠄ ᠮᠠᠨ ᠤ ᠬᠤᠲᠠ ᠶᠢᠨ ᠠᠵᠤ ᠠᠬᠤᠢ ᠶᠢᠨ ᠶᠡᠷᠦᠩᠬᠡᠢᠯᠡᠭᠰᠡᠨ ᠪᠣᠳᠠᠲᠤ ᠬᠦᠴᠦᠨ ᠪᠠᠰᠠ ᠲᠡᠶᠢᠮᠦ ᠴᠢᠩᠭ᠎ᠠ ᠪᠢᠰᠢ᠂ ᠠᠵᠤ ᠦᠢᠯᠡᠰ ᠤᠨ ᠪᠦᠲᠦᠴᠡ ᠵᠣᠬᠢᠰ ᠦᠭᠡᠢ︔ ᠡᠬᠢ ᠪᠠᠶᠠᠯᠢᠭ ᠤᠨ ᠬᠡᠯᠪᠡᠷᠢᠳᠦ ᠠᠵᠤ ᠦᠢᠯᠡᠰ ᠤᠨ ᠡᠵᠡᠯᠡᠬᠦ ᠬᠠᠷᠢᠴᠠᠯ ᠨᠡᠯᠢᠶᠡᠳ ᠶᠡᠭᠡ᠂ ᠲᠦᠭᠰᠢᠭᠦᠷᠢ ᠶᠢ ᠳᠠᠭᠠᠭᠠᠬᠤ ᠴᠢᠳᠠᠪᠤᠷᠢ ᠪᠠᠷ ᠬᠦᠷᠦᠯᠴᠡᠬᠦ ᠦᠭᠡᠶ ᠪᠠᠶᠢᠨ᠎ᠠ︔ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ᠂ ᠡᠬᠢ ᠪᠠᠶᠠᠯᠢᠭ ᠤᠨ ᠪᠤᠰᠤ ᠬᠡᠯᠪᠡᠷᠢᠳᠦ ᠠᠵᠤ ᠦᠢᠯᠡᠰ ᠤᠨ ᠡᠵᠡᠯᠡᠬᠦ ᠬᠠᠷᠢᠴᠠᠯ ᠨᠢ ᠨᠡᠯᠢᠶᠡᠳ ᠳᠣᠣᠷ᠎ᠠ᠂ ᠬᠤᠪᠢ ᠨᠡᠮᠡᠷᠢ ᠶᠢᠨ ᠨᠣᠷᠮ᠎ᠠ ᠨᠢ ᠥᠨᠳᠥᠷ ᠪᠤᠰᠤ ᠪᠠᠶᠢᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠬᠠᠷᠢᠴᠠᠩᠭᠤᠶ ᠬᠤᠴᠣᠷᠴᠤ ᠪᠠᠶᠢᠨ᠎ᠠ᠃ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠥᠷᠢᠲᠦᠯ ᠨᠡᠯᠢᠶᠡᠳ ᠤᠯᠠᠨ ᠪᠠᠶᠢᠵᠤ᠂ ᠠᠮᠢ ᠠᠬᠤᠢ ᠶᠢᠨ ᠣᠷᠴᠢᠨ ᠨᠥᠬᠦᠴᠡᠯ ᠡᠬᠢ ᠪᠠᠶᠠᠯᠢᠭ ᠤᠨ ᠪᠣᠭᠤᠮᠢ ᠬᠢᠵᠠᠭᠠᠷᠯᠠᠯ ᠴᠢᠩᠭᠠᠷᠠᠵᠤ ᠪᠠᠶᠢᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠮᠥᠨ ᠬᠦ ᠨᠡᠯᠢᠶᠡᠳ ᠳᠣᠣᠷ᠎ᠠ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠳᠠᠷᠤᠯᠲᠠ ᠨᠡᠯᠢᠶᠡᠳ ᠶᠡᠭᠡ ᠪᠠᠶᠢᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠭᠦᠷᠭᠡ ᠨᠦᠰᠡᠷ ᠬᠦᠨᠳᠦ ᠪᠠᠶᠢᠨ᠎ᠠ᠃ ᠡᠳᠡᠭᠡᠷ ᠬᠦᠴᠢᠷᠳᠡᠯ ᠪᠠ ᠠᠰᠠᠭᠤᠳᠠᠯ ᠳᠤ ᠡᠷᠬᠡᠪᠰᠢ ᠬᠢᠨᠠᠮᠠᠭᠠᠢ ᠬᠠᠨᠳᠤᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠴᠢᠷᠮᠠᠶᠢᠨ ᠰᠢᠢᠳᠪᠦᠷᠢᠯᠡᠬᠦ ᠬᠡᠷᠡᠭᠲᠡᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ