ᠬᠤᠲᠠ ᠶᠢᠨ ᠵᠠᠰᠠᠭ ᠤᠨ ᠣᠷᠳᠣᠨ 2022 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/1
     2 ᠰᠠᠷ᠎ᠠ ᠶᠢᠨ 25᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ 2022 ᠣᠨ ᠤ ᠳᠥᠷᠪᠡᠳᠦᠭᠡᠷ ᠤᠳᠠᠭ᠎ᠠ ᠶᠢᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠤᠰᠴᠤ᠂ ︽ᠤᠯᠠᠭᠠᠨᠬᠠᠳᠠ ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠰᠢᠨ᠎ᠡ ᠶᠢ ᠡᠭᠦᠳᠬᠦ ᠠᠵᠢᠯᠯᠠᠭ᠎ᠠ ᠶᠢᠨ ᠲᠥᠰᠦᠯ︾᠎ ᠢ ᠬᠢᠨᠠᠨ ᠵᠥᠪᠯᠡᠵᠦ ᠪᠠᠲᠤᠯᠠᠨ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠵᠡᠩᠨᠡᠯᠲᠡ ᠠᠷᠠᠯᠵᠢᠶᠠᠨ ᠤ ᠲᠡᠷᠢᠭᠦᠨ ᠤ ᠣᠷᠴᠢᠨ ᠲᠣᠭᠤᠷᠢᠨ ᠪᠣᠯ ᠨᠢᠭᠡ ᠬᠤᠳᠠ ᠶᠢᠨ ᠬᠠᠮᠤᠭ ᠤᠨ ᠭᠤᠣᠯᠯᠠᠭᠴᠢ ᠦᠷᠢᠰᠦᠯᠳᠦᠬᠦ ᠬᠦᠴᠦᠨ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭ ᠢᠶᠠᠷ ᠲᠣᠯᠢ ᠪᠣᠯᠭᠠᠨ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠡᠬᠡ ᠲᠠᠩᠰᠠ ᠪᠠᠶᠢᠭᠤᠯᠵᠤ᠂ ᠡᠯ᠎ᠡ ᠲᠥᠷᠥᠯ ᠤᠨ ᠠᠰᠠᠭᠤᠳᠠᠯ ᠢ ᠴᠢᠩᠭ᠎ᠠ ᠪᠥᠭᠡᠳ ᠲᠦᠷᠭᠡᠨ᠂ ᠭᠦᠨᠵᠡᠭᠡᠶ ᠪᠥᠭᠡᠳ ᠪᠣᠳᠠᠲᠠᠶ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ︔ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠶᠠᠪᠤᠴᠠ ᠶᠢ ᠲᠠᠬᠢᠨ ᠲᠣᠬᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠢᠯᠢᠳᠡᠭᠵᠢᠭᠦᠯᠬᠦ ᠶᠢᠨ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠥᠭᠡᠷᠡᠴᠢᠯᠡᠬᠦ ᠪᠠᠷ ᠬᠡᠷᠡᠭᠵᠢᠭᠦᠯᠬᠦ ᠶᠢ ᠠᠬᠢᠭᠤᠯᠬᠤ᠂ ᠥᠭᠡᠷᠡᠴᠢᠯᠡᠬᠦ ᠪᠠᠷ ᠳᠠᠪᠰᠢᠯᠲᠠ ᠶᠢ ᠠᠬᠢᠭᠤᠯᠬᠤ᠂ ᠥᠭᠡᠷᠡᠴᠢᠯᠡᠬᠦ ᠪᠠᠷ ᠬᠤᠪᠢᠷᠠᠭᠤᠯᠬᠤ ᠶᠢ ᠠᠬᠢᠭᠤᠯᠬᠤ ᠶᠢ ᠪᠡᠶᠡᠯᠡᠭᠦᠯᠵᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠳᠤᠲᠠᠭᠤᠳᠠᠯ ᠢ ᠪᠦᠬᠦ ᠲᠠᠯ᠎ᠠ ᠪᠠᠷ ᠨᠥᠬᠦᠪᠥᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ︽ᠤᠯᠠᠭᠠᠨᠬᠠᠳᠠ ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ  ᠰᠢᠨ᠎ᠡ ᠶᠢ ᠡᠭᠦᠳᠬᠦ ᠠᠵᠢᠯᠯᠠᠭ᠎ᠠ ᠶᠢᠨ ᠲᠥᠰᠦᠯ︾᠎ ᠳᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠳᠠᠲᠠᠶ ᠡᠭᠦᠷᠭᠡ ᠪᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠲᠠᠩᠰᠠ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠠᠪᠤᠴᠠ ᠶᠢᠨ ᠨᠠᠷᠢᠨ ᠲᠠᠩᠰᠠ ᠪᠠᠷ ᠭᠠᠷᠳᠠᠴᠠ ᠪᠣᠯᠭᠠᠵᠤ᠂ ᠨᠠᠶᠢᠳᠠᠪᠤᠷᠢᠵᠢᠭᠤᠯᠬᠤ ᠰᠢᠰᠲ᠋ᠧᠮ ᠢ ᠪᠠᠶᠢᠭᠤᠯᠵᠤ᠂ ᠬᠠᠷᠠᠯᠲᠠ ᠡᠭᠦᠷᠭᠡ ᠶᠢ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠲᠣᠭᠲᠠᠭᠠᠵᠤ᠂ ︽1+N︾ ᠠᠵᠢᠯ ᠤᠨ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠯᠳᠦᠭᠦᠯᠵᠦ᠂ ᠴᠠᠭ ᠪᠣᠯᠤᠨ ᠵᠠᠮ ᠤᠨ ᠲᠥᠯᠦᠪᠯᠡᠭᠡ ᠶᠢ ᠲᠣᠳᠣᠷᠬᠠᠶᠢᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠬᠤᠲᠠ ᠬᠤᠰᠢᠭᠤᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠱᠠᠭᠠᠷᠳᠠᠨ ᠪᠠᠶᠢᠴᠠᠭᠠᠵᠤ ᠬᠢᠨᠠᠨ ᠰᠢᠯᠭᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠠᠳᠬᠤᠵᠤ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠠᠩᠬᠠᠷᠴᠤ᠂ ᠲᠣᠭᠲᠠᠮᠠᠯ ᠬᠥᠷᠥᠩᠭᠡ ᠶᠢᠨ ᠳᠡᠭᠡᠳᠦ ᠬᠢᠵᠠᠭᠠᠷ ᠢ ᠨᠢᠭᠡᠳᠦᠯ ᠳᠤ ᠣᠷᠣᠭᠤᠯᠬᠤ ᠶᠠᠪᠤᠳᠠᠯ ᠢ ᠴᠢᠩᠭ᠎ᠠ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶ᠎ᠡ᠂ ᠬᠤᠪᠢᠳᠠᠨ ᠬᠠᠮᠢᠶᠠᠷᠴᠤ ᠪᠠᠶᠢᠭ᠎ᠠ ᠲᠥᠷᠥᠯ ᠵᠦᠢᠯ ᠤᠨ ᠲᠥᠯᠦᠪᠵᠢᠭᠦᠯᠭᠡ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠯᠪᠣᠭᠠᠯᠠᠨ ᠬᠥᠳᠡᠯᠦᠯᠴᠡᠵᠦ ᠲᠣᠬᠢᠷᠠᠭᠤᠯᠬᠤ ᠪᠠᠨ ᠴᠢᠩᠭᠠᠳᠬᠠᠨ᠂ ᠲᠤᠰᠬᠠᠢ ᠠᠩᠭᠢ ᠪᠠᠷ ᠠᠬᠢᠭᠤᠯᠵᠤ᠂ ᠲᠦᠷᠦ ᠶᠢᠨ ᠪᠤᠳᠤᠯᠭ᠎ᠠ ᠶᠢ ᠰᠤᠳᠤᠯᠬᠤ᠂ ᠲᠦᠷᠦᠯ ᠵᠦᠢᠯ ᠢ ᠲᠥᠯᠥᠪᠵᠢᠭᠦᠯᠬᠦ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠬᠥᠮᠦᠷᠭᠡᠯᠡᠬᠦ ᠶᠢ ᠵᠣᠯᠭᠠᠭᠤᠯᠬᠤ ᠶᠢ ᠪᠡᠶᠡᠯᠡᠭᠦᠯᠵᠦ᠂ ᠠᠷᠠᠯᠵᠢᠶᠠᠴᠢᠨ ᠤᠷᠢᠬᠤ ᠶᠢᠨ ᠳᠠᠭᠠᠤ ᠨᠥᠬᠦᠪᠦᠷᠢᠯᠡᠵᠦ᠂ ᠳᠡᠭᠦᠯᠳᠡᠷᠵᠢᠭᠦᠯᠵᠦ᠂ ᠳᠡᠭᠡᠭᠰᠢᠯᠡᠭᠦᠯᠬᠦ ᠪᠠ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠪᠠᠶᠢᠷᠢᠰᠢᠯ ᠢ ᠪᠦᠷᠢᠯᠳᠦᠭᠦᠯᠵᠦ᠂ ᠬᠥᠭᠵᠢᠯᠲᠡ ᠶᠢ ᠠᠩᠬᠠᠷᠴᠤ ᠬᠢᠬᠦ᠂ ᠲᠦᠷᠦᠯ ᠵᠦᠢᠯ ᠤᠨ ᠲᠣᠭᠤᠷᠢᠨ ᠳᠤ ᠠᠵᠢᠯᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠦᠨᠡᠨᠬᠦ ᠪᠤᠢ ᠪᠣᠯᠭᠠᠵᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠪᠠᠰᠠ ᠮᠥᠩᠭᠦᠨ ᠭᠦᠢᠯᠭᠡᠭᠡᠨ ᠤ ᠬᠦᠷᠢᠶᠡᠨ ᠤ ᠲᠤᠰᠬᠠᠢ ᠴᠡᠭᠴᠡᠯᠡᠯᠲᠡ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠨᠢ ᠲᠦᠷᠰᠦᠲᠦ ᠨᠡᠪᠲᠡᠷᠡᠭᠦᠯᠭᠡ ᠶᠢᠨ ᠬᠡᠯᠪᠡᠷᠢ ᠪᠠᠷ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠶᠢᠨ ᠱᠧᠩ ᠰᠢᠶᠣᠣ ᠶᠢᠥ᠂ ᠬᠤ᠋ ᠴᠢᠩ ᠹᠧᠩ᠂ ᠰᠦᠨ ᠬᠠᠶ ᠲᠤᠤ᠂ ᠭᠦᠸᠧ ᠰᠢ᠂ ᠶᠠᠩ ᠮᠥ᠂ ᠮᠧᠩ ᠰᠢᠶᠤᠤ ᠪᠢᠩ᠂ ᠵᠣᠣ ᡁᠢ ᠭᠠᠩ᠂ ᠸᠠᠩ ᠯᠢ ᠧᠨ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠵᠠᠰᠠᠭ ᠤᠨ ᠭᠤᠤᠯ ᠤᠳᠤᠷᠢᠳᠤᠯᠭ᠎ᠠ ᠨᠠᠷ ᠬᠤᠷᠠᠯ ᠳᠤ ᠣᠷᠤᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ