| 3 ᠰᠠᠷ᠎ᠠ ᠶᠢᠨ 13 ᠤ ᠡᠳᠦᠷ᠂ ᠤᠯᠠᠭᠠᠨᠬᠠᠳᠠ ᠬᠤᠲᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠬᠤᠷᠠᠯ ᠠᠴᠠ ᠮᠠᠨ ᠤ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠶᠡᠷᠦᠩᠬᠡᠶ ᠪᠠᠶᠢᠳᠠᠯ ᠢ ᠮᠡᠳᠡᠭᠳᠡᠭᠰᠡᠨ ᠪᠥᠭᠡᠳ | ᠵᠠᠭᠤᠴᠢᠯᠠᠭᠤᠷ ᠪᠠ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | 2022 ᠣᠨ ᠤ 3 ᠰᠠᠷ᠎ᠠ ᠶᠢᠨ 13 ᠤ ᠡᠳᠦᠷ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ | ᠬᠥᠮᠦᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠡᠭᠡᠨ ᠨᠢᠭᠡ ᠰᠢᠨ᠎ᠡ ᠲᠢᠲᠢᠮᠯᠢᠭ ᠸᠢᠷᠦ᠋ᠰ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠶᠢ | ᠢᠯᠡᠷᠡᠭᠦᠯᠪᠡ᠃ | ᠲᠤᠰ ᠡᠪᠡᠳᠴᠢᠨ ᠤ ᠢᠯᠡᠷᠡᠯ ᠦᠭᠡᠶ ᠬᠠᠯᠳᠠᠪᠤᠷᠢᠯᠠᠭᠳᠠᠭᠴᠢ ᠴᠧᠩ ᠣᠪᠣᠭᠲᠤ᠂ ᠡᠮᠡᠭᠲᠡᠶ᠂ 25 ᠨᠠᠰᠤᠲᠠᠶ᠂ 2022 ᠣᠨ ᠤ 2 ᠰᠠᠷ᠎ᠠ ᠶᠢᠨ 20 ᠤ ᠡᠳᠦᠷ | ᠬᠢᠯᠢ ᠶᠢᠨ ᠭᠠᠳᠠᠨ᠎ᠠ ᠠᠴᠠ ᠢᠷᠡᠵᠦ᠂ 2 ᠰᠠᠷ᠎ᠠ ᠶᠢᠨ 20 ᠤ ᠡᠳᠦᠷ ᠪᠣᠭᠤᠮᠲᠠ ᠶᠢᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠳᠤ | ᠠᠷᠭ᠎ᠠ ᠴᠢᠨᠠᠷ ᠢᠯᠡᠷᠡᠪᠡ᠂ 2 ᠰᠠᠷ᠎ᠠ ᠶᠢᠨ 21 ᠤ ᠡᠳᠦᠷ ᠬᠢᠯᠢ ᠪᠠᠷ ᠣᠷᠤᠵᠤ ᠢᠷᠡᠭᠰᠡᠨ ᠲᠤᠬᠠᠢ ᠶᠢᠨ ᠭᠠᠵᠠᠷ ᠤᠨ ᠡᠮᠨᠡᠯᠭᠡ ᠶᠢᠨ ᠬᠤᠷᠢᠶᠠᠨ ᠳᠤ ᠣᠷᠣᠵᠤ | ᠡᠮᠨᠡᠭᠦᠯᠪᠡ᠂ 2 ᠰᠠᠷ᠎ᠠ ᠶᠢᠨ 23 ᠤ ᠡᠳᠦᠷ ᠡᠮᠨᠡᠯᠭᠡ ᠠᠴᠠ ᠭᠠᠷᠴᠤ ᠲᠤᠰᠠᠭᠠᠷᠯᠠᠬᠤ ᠭᠠᠵᠠᠷ ᠲᠤ ᠦᠷᠭᠦᠯᠵᠢᠯᠡᠨ ᠲᠤᠰᠠᠭᠠᠷᠯᠠᠵᠤ᠂ 3 ᠰᠠᠷ᠎ᠠ ᠶᠢᠨ 6 ᠤ ᠡᠳᠦᠷ | ᠲᠤᠰᠠᠭᠠᠷᠯᠠᠬᠤ ᠪᠠᠨ ᠪᠣᠯᠢᠵᠤ᠂ ᠲᠤᠬᠠᠶ ᠶᠢᠨ ᠡᠳᠦᠷ HO1035 ᠡᠭᠡᠯᠵᠢ ᠶᠢᠨ ᠨᠢᠰᠬᠡᠯ ᠳᠤ ᠰᠠᠭᠤᠵᠤ ᠱᠠᠩᠬᠠᠶ ᠠᠴᠠ ᠤᠯᠠᠭᠠᠨᠬᠠᠳᠠ ᠳᠤ ᠪᠤᠴᠠᠨ ᠢᠷᠡᠵᠦ᠂ 18: | 05 ᠮᠢᠨᠦ᠋ᠲ ᠳᠤ ᠤᠯᠠᠭᠠᠨᠬᠠᠳᠠ ᠶᠢᠨ ᠬᠠᠰ ᠯᠤᠤ ᠨᠢᠰᠬᠡᠯ ᠤᠨ ᠪᠠᠭᠤᠳᠠᠯ ᠳᠤ ᠬᠦᠷᠴᠦ ᠢᠷᠡᠭᠰᠡᠨ ᠤ ᠳᠠᠷᠠᠭ᠎ᠠ ᠰᠦᠩᠱᠠᠨ ᠲᠣᠭᠤᠷᠢᠭ ᠤᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠪᠢᠲᠡᠭᠦᠦ ᠬᠡᠯᠬᠢᠶ᠎ᠡ ᠪᠠᠷ ᠭᠡᠷ ᠪᠦᠯᠢ ᠶᠢᠨ ᠲᠤᠰᠠᠭᠠᠷᠯᠠᠯ ᠢᠶᠠᠷ ᠭᠡᠷ ᠲᠤᠨᠢ ᠬᠦᠷᠭᠡᠪᠡ᠃ 3 ᠰᠠᠷ᠎ᠠ ᠶᠢᠨ 7 ᠤ ᠡᠳᠦᠷ ᠪᠥᠭᠡᠮ | ᠬᠦᠴᠢᠯ ᠤᠨ ᠪᠠᠶᠢᠴᠠᠭᠠᠯᠲᠠ ᠳᠤ ᠪᠢᠯᠢᠭ ᠴᠢᠨᠠᠷᠲᠠᠶ ᠪᠠᠶᠢᠵᠤ᠂ 3 ᠰᠠᠷ᠎ᠠ ᠶᠢᠨ 13 ᠤ ᠡᠳᠦᠷ ᠤᠨ 0 ᠴᠠᠭ 13 ᠮᠢᠨᠦ᠋ᠲ ᠲᠤ ᠰᠦᠩᠱᠠᠨ ᠲᠣᠭᠤᠷᠢᠭ ᠤᠨ | ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ | ᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠳᠠᠬᠢᠨ ᠬᠠᠷᠭᠤᠭᠤᠯᠤᠯᠲᠠ ᠳᠤ ᠠᠷᠭ᠎ᠠ ᠴᠢᠨᠡᠷ ᠢᠯᠡᠷᠡᠵᠦ᠂ ᠬᠤᠲᠠ ᠶᠢᠨ ᠲᠤᠰᠬᠠᠶ | ᠮᠡᠷᠭᠡᠵᠢᠯᠲᠡᠨ ᠤ ᠳᠤᠭᠤᠶᠢᠯᠠᠩ ᠠᠴᠠ ᠰᠢᠨ᠎ᠡ ᠲᠢᠲᠢᠮᠯᠢᠭ ᠸᠢᠷᠦ᠋ᠰ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ ᠪᠠᠷ ᠣᠨᠤᠰᠢᠯᠠᠪᠠ᠃ 3 ᠰᠠᠷ᠎ᠠ ᠶᠢᠨ | 6 ᠤ ᠡᠳᠦᠷ ᠤᠯᠠᠭᠠᠨᠬᠠᠳᠠ ᠳᠤ ᠪᠤᠴᠠᠵᠤ ᠢᠷᠡᠭᠰᠡᠨ ᠠᠴᠠ 3 ᠰᠠᠷ᠎ᠠ ᠶᠢᠨ 13 ᠤ ᠡᠳᠦᠷ ᠤᠨ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ | ᠬᠤᠭᠤᠴᠠᠭᠠᠨ ᠳᠤ ᠴᠧᠩ ᠣᠪᠣᠭᠲᠤ ᠦᠷᠭᠦᠯᠵᠢ ᠭᠡᠷ ᠲᠡᠭᠡᠨ ᠰᠠᠭᠤᠵᠤ᠂ ᠭᠠᠳᠠᠭᠰᠢ ᠭᠠᠷᠤᠭᠰᠠᠨ ᠦᠭᠡᠶ ᠪᠥᠭᠡᠳ ᠲᠡᠷᠡ ᠳᠠᠷᠤᠶ ᠳᠤᠨᠢ ᠬᠤᠲᠠ ᠶᠢᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶᠠᠨ ᠳᠤ ᠬᠦᠷᠭᠡᠭᠳᠡᠨ ᠡᠮᠨᠡᠯᠡᠭᠦᠯᠦᠭᠰᠡᠨ ᠪᠠᠶᠢᠨ᠎ᠠ᠂ ᠣᠳᠣᠬᠠᠨ ᠳᠤ ᠴᠧᠩ ᠣᠪᠣᠭᠲᠤ ᠶᠢᠨ ᠪᠠᠶᠢᠳᠠᠯ ᠨᠡᠯᠢᠶᠡᠳ | ᠰᠠᠶᠢᠨ᠂ ᠢᠯᠡᠷᠬᠡᠶ ᠬᠡᠪ ᠤᠨ ᠪᠤᠰᠤ ᠪᠠᠶᠢᠳᠠᠯ ᠭᠠᠷᠤᠭᠰᠠᠨ ᠦᠭᠡᠶ᠂ ᠡᠮᠨᠡᠯᠭᠡ ᠶᠢᠨ ᠠᠪᠤᠷᠠᠨ ᠵᠠᠰᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ᠂ ᠰᠡᠳᠬᠢᠴᠡ ᠶᠢᠨ | ᠲᠠᠯ᠎ᠠ ᠪᠠᠷ ᠬᠥᠲᠥᠯᠥᠨ ᠵᠢᠯᠣᠭᠤᠳᠬᠤ ᠳᠤᠭᠤᠶᠢᠯᠠᠩ ᠴᠥᠮ ᠡᠮᠬᠢ ᠵᠢᠷᠤᠮ ᠲᠠᠢ ᠪᠠᠷ ᠠᠵᠢᠯᠯᠠᠵᠤ ᠪᠠᠶᠢᠨ᠎ᠠ᠃ | ᠬᠢᠵᠢᠭ ᠡᠭᠦᠰᠦᠭᠰᠡᠨ ᠤ ᠳᠠᠷᠠᠭ᠎ᠠ᠂ ᠤᠯᠠᠭᠠᠨᠬᠠᠳᠠ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠠᠰ ᠳᠡᠪᠰᠢᠨ ᠵᠢᠯᠣᠭᠤᠳᠴᠤ᠂ | ᠬᠤᠲᠠ᠂ ᠲᠣᠭᠤᠷᠢᠭ ᠤᠨ ᠵᠢᠯᠣᠭᠤᠳᠬᠤ ᠰᠢᠰᠲ᠋ᠧᠮ ᠳᠠᠪᠬᠤᠷᠭ᠎ᠠ ᠴᠥᠭᠡᠳᠡᠨ ᠠᠵᠢᠯᠯᠠᠬᠤ ᠶᠢ ᠬᠡᠷᠡᠭᠵᠢᠭᠦᠯᠪᠡ᠃ ᠰᠦᠩᠱᠠᠨ ᠲᠣᠭᠤᠷᠢᠭ ᠤᠨ ᠵᠠᠰᠠᠭ ᠤᠨ ᠣᠷᠳᠣᠨ | Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠨ ᠬᠡᠷᠡᠭᠵᠢᠭᠦᠯᠵᠦ᠂ ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠠᠴᠠ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ Ⅲ ᠳᠡᠰ ᠤᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠪᠡ᠃ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ ᠪᠠᠷ ᠳᠡᠮᠵᠢᠨ᠂ 87 ᠬᠥᠮᠦᠨ ᠢ ᠨᠢᠭᠲᠠ ᠣᠶᠢᠷᠠᠳᠤᠭᠰᠠᠳ ᠢᠶᠠᠷ ᠲᠣᠭᠲᠠᠭᠠᠵᠤ᠂ ᠡᠭᠦᠨ ᠳᠤ ᠤᠯᠠᠭᠠᠨᠬᠠᠳᠠ ᠬᠤᠲᠠ ᠶᠢᠨ ᠨᠢᠭᠲᠠ | ᠣᠶᠢᠷᠠᠲᠤᠭᠰᠠᠳ 62 ᠬᠥᠮᠦᠨ ᠪᠠᠶᠢᠵᠤ᠂ ᠪᠦᠬᠦᠨ ᠢ ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠪᠠᠷ ᠨᠠᠶᠢᠳᠠᠪᠤᠷᠢᠵᠢᠭᠤᠯᠵᠤ᠂ ᠪᠠᠶᠢᠴᠠᠭᠠᠯᠲᠠ ᠶᠢᠨ ᠦᠷ᠎ᠡ | ᠳ᠋ᠦᠩ ᠨᠢ ᠴᠥᠮ ᠪᠢᠯᠢᠭ ᠴᠢᠨᠡᠷ ᠪᠣᠯᠤᠨ᠎ᠠ᠃ ᠤᠯᠠᠭᠠᠨᠬᠠᠳᠠ ᠳᠤ ᠪᠠᠶᠢᠬᠤ ᠦᠭᠡᠢ 25 ᠨᠢᠭᠲᠠ ᠣᠶᠢᠷᠠᠲᠤᠭᠰᠠᠳ ᠲᠤ ᠬᠠᠮᠵᠢᠨ ᠪᠠᠶᠢᠴᠠᠭᠠᠬᠤ ᠵᠠᠬᠢᠳᠠᠯ ᠢ ᠨᠢᠭᠡᠨᠲᠡ | ᠴᠠᠭ ᠲᠤᠬᠠᠢ ᠳᠤᠨᠢ ᠬᠠᠷᠢᠶ᠎ᠠ ᠭᠠᠵᠠᠷ ᠲᠤᠨᠢ ᠬᠦᠷᠭᠡᠪᠡ᠃ ᠪᠦᠬᠦ ᠬᠤᠳᠠ ᠶᠢᠨ ᠬᠡᠪᠴᠢᠶᠡᠨ ᠳᠤ 814 ᠬᠦᠮᠦᠨ ᠢ ᠨᠢᠭᠲᠠ ᠣᠶᠢᠷᠠᠲᠤᠭᠰᠠᠳ ᠤᠨ | ᠣᠶᠢᠷᠠᠲᠤᠭᠰᠠᠳ ᠢᠶᠠᠷ ᠲᠣᠭᠲᠠᠭᠠᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 434 ᠬᠥᠮᠦᠨ ᠤ ᠪᠠᠶᠢᠴᠠᠭᠠᠭᠰᠠᠨ ᠦᠷ᠎ᠡ ᠳ᠋ᠦᠩ ᠨᠢ ᠪᠢᠯᠢᠭ ᠴᠢᠨᠠᠷᠲᠠᠢ ᠪᠠᠶᠢᠵᠤ᠂ | ᠦᠯᠡᠳᠡᠭᠰᠡᠨ ᠨᠢ ᠪᠠᠶᠢᠴᠠᠭᠠᠯᠲᠠ ᠶᠢᠨ ᠳ᠋ᠦᠩ ᠭᠠᠷᠴᠤ ᠢᠷᠡᠬᠦ ᠶᠢ ᠬᠦᠯᠢᠶᠡᠵᠦ ᠪᠠᠶᠢᠨ᠎ᠠ᠃ | ᠬᠢᠵᠢᠭ ᠤᠨ ᠠᠶᠤᠯ ᠲᠦᠭᠰᠢᠭᠦᠷᠢ ᠶᠢᠨ ᠦᠨᠡᠯᠡᠯᠲᠡ ᠶᠢ ᠦᠨᠳᠦᠰᠦᠯᠡᠨ᠂ ᠴᠧᠩ ᠣᠪᠣᠭᠲᠤ ᠲᠠᠢ ᠬᠠᠮᠲᠤ ᠨᠢᠭᠡ ᠠᠰᠠᠷ ᠲᠤ ᠰᠠᠭᠤᠵᠤ ᠪᠠᠶᠢᠭ᠎ᠠ ᠬᠥᠮᠦᠰ ᠲᠤ | ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ᠂ ᠴᠧᠩ ᠣᠪᠣᠭᠲᠤ ᠶᠢᠨ ᠰᠠᠭᠤᠵᠤ ᠪᠠᠶᠢᠭ᠎ᠠ ᠴᠢᠤᠸᠠᠨ ᠨᠢᠩ ᠵᠡᠭᠡᠯᠢ ᠭᠤᠳᠤᠮᠵᠢ ᠶᠢᠨ ᠹᠦ᠋ ᠰᠢᠩ ᠵᠢᠶᠠ | ᠴᠧᠩ A ᠲᠣᠭᠤᠷᠢᠭ ᠤᠨ 13 ᠳ᠋ᠤᠭᠠᠷ ᠠᠰᠠᠷ᠂ ᠴᠧᠩ ᠣᠪᠣᠭᠲᠤ ᠶᠢᠨ ᠨᠢᠭᠲᠠ ᠣᠶᠢᠷᠠᠲᠤᠭᠰᠠᠳ ᠤᠨ ᠰᠠᠭᠤᠵᠤ ᠪᠠᠶᠢᠭ᠎ᠠ ᠵᠢᠶ ᠮᠧᠶ ᠬᠤᠸᠠ ᠷᠦᠢ ᠶᠤᠸᠠᠨ ᠪᠠᠭ᠎ᠠ | ᠲᠣᠭᠤᠷᠢᠭ ᠤᠨ 7 ᠳ᠋ᠤᠭᠠᠷ ᠠᠰᠠᠷ ᠤᠨ 2 ᠳ᠋ᠤᠭᠠᠷ ᠣᠷᠤᠴᠠ ᠶᠢ ᠪᠢᠲᠡᠭᠦᠮᠵᠢᠯᠡᠨ ᠡᠵᠡᠮᠳᠡᠬᠦ ᠲᠣᠭᠤᠷᠢᠭ ᠪᠣᠯᠭᠠᠵᠤ᠂ ︽ᠣᠷᠣᠨ ᠪᠦᠰᠡ ᠪᠠᠷ ᠪᠢᠲᠡᠭᠦᠮᠵᠢᠯᠡᠨ᠂ | ᠬᠡᠷ ᠠᠴᠠ ᠪᠠᠨ ᠭᠠᠷᠴᠤ ᠪᠣᠯᠬᠤ ᠥᠬᠡᠶ᠂ ᠦᠢᠯᠡᠴᠢᠯᠡᠭᠡ ᠶᠢ ᠬᠡᠷ ᠲᠤᠨᠢ ᠬᠦᠷᠭᠡᠬᠦ︾ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠹᠦ᠋ ᠰᠢᠩ ᠤᠨ ᠵᠢᠶᠠ ᠴᠧᠩ ᠤᠨ A | ᠲᠣᠭᠤᠷᠢᠭ᠂ ᠵᠢᠶ ᠮᠧᠶ ᠬᠤᠸᠠ ᠷᠦᠢ ᠶᠤᠸᠠᠨ ᠰᠠᠭᠤᠭᠠᠯᠢ ᠲᠣᠭᠤᠷᠢᠭ ᠪᠣᠯᠤᠨ ᠴᠧᠩ ᠣᠪᠣᠭᠲᠤ ᠶᠢᠨ ᠨᠢᠭᠲᠠ ᠣᠶᠢᠷᠠᠲᠤᠭᠰᠠᠳ ᠤᠨ ᠠᠵᠢᠯ ᠤᠨ ᠨᠢᠭᠡᠴᠡ ᠪᠠᠶᠢᠭ᠎ᠠ | ᠸᠠᠩ ᠹᠦ᠋ ᠴᠡᠴᠡᠷᠯᠢᠭ ᠤᠨ ᠨᠢᠭᠡᠳᠦᠭᠡᠷ ᠬᠤᠭᠤᠴᠠᠭ᠎ᠠ ᠶᠢ ᠬᠠᠮᠢᠶᠠᠷᠤᠨ ᠡᠵᠡᠮᠳᠡᠬᠦ ᠲᠣᠭᠤᠷᠢᠭ ᠪᠣᠯᠭᠠᠵᠤ᠂ ︽ᠲᠣᠭᠤᠷᠢᠭ ᠠᠴᠠ ᠪᠠᠨ ᠭᠠᠷᠬᠤ ᠦᠭᠡᠢ᠂ ᠴᠤᠭᠯᠠᠷᠠᠬᠤ ᠶᠢ | ᠴᠢᠩᠭ᠎ᠠ ᠴᠠᠭᠠᠵᠠᠯᠠᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠪᠢᠲᠡᠭᠦᠮᠵᠢᠯᠡᠨ ᠡᠵᠡᠮᠳᠡᠬᠦ ᠲᠣᠭᠤᠷᠢᠭ᠂ ᠬᠠᠮᠢᠶᠠᠷᠤᠨ ᠡᠵᠡᠮᠳᠡᠬᠦ ᠲᠣᠭᠤᠷᠢᠭ ᠲᠤ ᠭᠤᠤᠯᠳᠠᠯᠭ᠎ᠠ ᠲᠠᠢ | ᠣᠷᠣᠨ ᠪᠦᠰᠡ ᠶᠢᠨ ᠬᠥᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠥᠷᠨᠢᠭᠦᠯᠵᠦ᠂ ᠣᠳᠣᠬᠠᠨ ᠳᠤ ᠨᠡᠶᠢᠲᠡ 14061 ᠬᠥᠮᠦᠨ ᠤ ᠥᠯᠢᠭᠡᠷ ᠬᠡᠪ ᠢ ᠠᠪᠴᠤ | ᠂ ᠦᠷ᠎ᠡ ᠳ᠋ᠦᠩ ᠨᠢ ᠴᠥᠮ ᠪᠢᠯᠢᠭ ᠴᠢᠨᠠᠷ ᠲᠠᠢ᠃ | ᠬᠠᠯᠳᠠᠪᠤᠷᠢᠲᠠᠢ ᠭᠡᠵᠦ ᠰᠤᠳᠤᠯᠤᠨ ᠮᠠᠭᠠᠳᠯᠠᠭᠰᠠᠨ ᠲᠠᠯᠠᠪᠤᠷ ᠲᠤ ᠡᠴᠦᠰ ᠤᠨ ᠠᠷᠢᠭᠤᠳᠬᠠᠯ ᠬᠢᠵᠦ᠂ ᠪᠤᠰᠤᠳ ᠠᠶᠤᠯ ᠲᠦᠭᠰᠢᠭᠦᠷᠢᠲᠡᠶ ᠭᠠᠵᠠᠷ ᠲᠤ | ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠯ ᠬᠢᠪᠡ᠃ | ᠣᠳᠣᠬᠠᠨ ᠳᠤ ᠪᠢᠲᠡᠭᠦᠮᠵᠢᠯᠡᠨ ᠡᠵᠡᠮᠳᠡᠭᠰᠡᠨ ᠲᠣᠭᠤᠷᠢᠭ᠂ ᠬᠠᠮᠢᠶᠠᠷᠤᠨ ᠡᠵᠡᠮᠳᠡᠭᠰᠡᠨ ᠲᠣᠭᠤᠷᠢᠭ ᠤᠨ ᠳᠣᠲᠣᠷᠠᠬᠢ ᠡᠮᠬᠢ ᠳᠢᠭᠯᠢᠮ ᠲᠣᠭᠲᠠᠭᠤᠨ ᠪᠠᠶᠢᠵᠤ᠂ | ᠰᠠᠭᠤᠭᠠᠯᠢ ᠠᠷᠠᠳ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠡᠯ᠎ᠡ ᠵᠦᠢᠯ ᠤᠨ ᠠᠮᠢᠳᠤᠷᠠᠯ ᠤᠨ ᠬᠡᠷᠡᠭᠰᠡᠯ ᠤᠨ | ᠪᠠᠲᠤᠯᠠᠭ᠎ᠠ ᠭᠦᠢᠴᠡᠳ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠡᠯᠡᠳᠬᠡᠯ ᠭᠦᠢᠴᠡᠳ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠤᠲᠠ ᠲᠣᠭᠤᠷᠢᠭ ᠬᠤᠶᠠᠷ ᠱᠠᠲᠤ ᠡᠷᠡᠰ ᠰᠢᠭᠤᠷᠬᠠᠶ ᠪᠠᠷ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠢᠷᠡᠯᠲᠡ ᠶᠢ ᠡᠷᠢᠬᠦ | ᠂ ᠪᠥᠭᠡᠮ ᠬᠦᠴᠢᠯ ᠤᠨ ᠪᠠᠶᠢᠴᠠᠭᠠᠯᠲᠠ᠂ ᠠᠷᠢᠭᠤᠳᠬᠠᠬᠤ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠬᠤᠷᠬᠠᠨ | ᠬᠤᠭᠤᠴᠠᠭᠠᠨ ᠳᠤ ᠲᠣᠰ ᠤᠳᠠᠭᠠᠨ ᠤ ᠬᠢᠵᠢᠭ ᠢ ᠰᠠᠶᠢᠲᠤᠷ ᠰᠢᠢᠳᠪᠦᠷᠢᠯᠡᠬᠦ ᠪᠠᠷ ᠴᠢᠷᠮᠠᠶᠢᠨ᠎ᠠ᠃ | | |