ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠴᠢᠬᠤᠯᠠ ᠵᠠᠷᠯᠠᠯ ᠨᠡᠶᠢᠲᠡᠯᠡᠪᠡ
ᠨᠡᠶᠢᠲᠡᠯᠡᠭᠰᠡᠨ ᠴᠠᠭ᠄
2022/3/18
     ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠰᠦᠯᠵᠢᠶᠡᠨ ᠳᠡᠭᠡᠷᠡᠬᠢ ᠴᠤᠤᠷᠬᠠᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ  ᠳᠤ ᠬᠠᠤᠯᠢ ᠶᠣᠰᠣᠭᠠᠷ ᠴᠣᠬᠢᠯᠲᠠ ᠥᠭᠬᠦ ᠲᠤᠬᠠᠶ ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ‍ᠤᠨ‌ᠵᠠᠷᠯᠠᠯ                                      ᠤᠯᠠᠭᠠᠨᠬᠠᠳᠠ‌‍ᠰᠡᠷᠭᠡᠶᠢᠯᠡᠬᠦ ᠵᠢᠯᠣᠭᠤᠳᠬᠤ ᠦᠰᠦᠭᠲᠦ ﹇2022﹈ 37 ᠳ᠋ᠤᠭᠠᠷ ᠲᠣᠭᠠᠲᠤ    ᠣᠳᠣᠬᠠᠨ ᠳᠤ ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠭ᠎ᠠ ᠪᠣᠯᠪᠠᠴᠤ ᠬᠡᠰᠡᠭ ᠰᠦᠯᠵᠢᠶᠡᠨ ᠤ  ᠬᠡᠷᠡᠭᠯᠡᠭᠴᠢᠳ ᠮᠥᠨ ᠬᠦ ᠰᠦᠯᠵᠢᠶᠡᠨ ᠳᠡᠭᠡᠷ᠎ᠡ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠨᠡᠶᠢᠲᠡᠯᠡᠵᠦ᠂ ᠳᠠᠮᠵᠢᠭᠤᠯᠤᠨ ᠲᠠᠷᠬᠠᠭᠠᠵᠤ᠂ ᠣᠯᠠᠨ ᠨᠡᠶᠢᠲᠡ ᠶᠢ ᠠᠳᠡᠭᠦᠷᠡᠭᠦᠯᠵᠦ᠂ ᠨᠡᠶᠢᠭᠡᠮ ᠳᠤ ᠮᠠᠭᠤ ᠨᠥᠯᠥᠭᠡ ᠭᠠᠷᠭᠠᠵᠤ ᠪᠠᠶᠢᠨ᠎ᠠ᠃ ᠰᠦᠯᠵᠢᠶᠡᠨ ᠤ  ᠰᠣᠨᠢᠨ ᠮᠡᠳᠡᠭᠡ ᠶᠢᠨ ᠲᠠᠷᠬᠠᠭᠠᠯᠲᠠ ᠶᠢᠨ ᠡᠮᠬᠢ ᠳᠢᠭᠯᠢᠮ ᠢ ᠦᠨᠡᠨᠬᠦ ᠵᠢᠷᠤᠮᠵᠢᠭᠤᠯᠵᠤ᠂ ᠰᠦᠯᠵᠢᠶᠡᠨ ᠤ ᠠᠬᠤᠶ ᠣᠷᠴᠢᠨ ᠢ ᠴᠡᠪᠡᠷᠰᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠵᠢᠯ ᠤᠨ ᠪᠦᠲᠦᠮᠵᠢᠲᠡᠶ ᠶᠠᠪᠤᠭᠳᠠᠬᠤ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠰᠦᠯᠵᠢᠶᠡᠨ ᠳᠡᠭᠡᠷᠡᠬᠢ ᠴᠤᠤᠷᠬᠠᠯ ᠪᠠ ᠰᠦᠯᠵᠢᠶᠡᠨ ᠤ ᠬᠦᠴᠦᠷᠬᠡᠭᠯᠡᠯ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠴᠡᠭᠴᠡᠯᠡᠨ ᠵᠠᠰᠠᠬᠤ ᠲᠤᠬᠠᠶ ᠳᠣᠤᠷᠠᠬᠢ ᠮᠡᠲᠦ ᠵᠠᠷᠯᠠᠶ᠎ᠠ᠄         ᠨᠢᠭᠡ᠂ ᠮᠡᠳᠡᠭᠡ ᠵᠠᠩᠭᠢ ᠶᠢ ᠢᠯᠭᠠᠨ ᠳᠣᠲᠣᠯᠠᠬᠤ ᠴᠢᠳᠠᠪᠤᠷᠢ ᠶᠢ  ᠢᠶᠠᠨ ᠳᠡᠭᠡᠭᠰᠢᠭᠦᠯᠬᠦ ᠬᠡᠷᠡᠭᠲᠡᠢ᠃ ᠬᠢᠵᠢᠭ ᠲᠤ ᠬᠤᠯᠪᠣᠭᠳᠠᠭᠰᠠᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠪᠥᠬᠦ ᠬᠤᠲᠠ ᠶᠢᠨ ᠡᠯ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠤᠨ ᠠᠯᠪᠠᠨ ᠤ ᠲᠠᠯ᠎ᠠ ᠶᠢᠨ ᠡᠷᠬᠡ ᠰᠦᠷᠲᠦ ᠮᠡᠳᠡᠭᠡ ᠵᠠᠩᠭᠢ ᠪᠠᠷ ᠪᠠᠷᠢᠮᠵᠢᠶ᠎ᠠ ᠪᠣᠯᠭᠠᠵᠤ᠂ ᠭᠡᠷᠡᠴᠢᠯᠡᠭᠰᠡᠨ ᠥᠬᠡᠶ ᠮᠡᠳᠡᠭᠡ ᠵᠠᠩᠭᠢ ᠶᠢ  ᠨᠡᠶᠢᠲᠡᠯᠡᠬᠦ ᠥᠬᠡᠶ᠂ ᠳᠠᠮᠵᠢᠭᠤᠯᠤᠨ ᠲᠠᠷᠬᠠᠭᠠᠬᠤ ᠥᠬᠡᠶ ᠪᠠᠶᠢᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠬᠤ ᠢᠷᠭᠡᠨ ᠪᠣᠯᠵᠣ᠂ ᠴᠤᠤᠷᠬᠠᠯ ᠲᠠᠯᠪᠢᠬᠤ ᠥᠬᠡᠶ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ ᠪᠠᠶᠢᠵᠤ᠂ ᠡᠷᠡᠭᠦᠯ ᠪᠥᠭᠡᠳ ᠡᠮᠬᠢ ᠵᠢᠷᠤᠮ ᠲᠠᠢ ᠰᠦᠯᠵᠢᠶᠡᠨ ᠤ ᠣᠷᠴᠢᠨ ᠲᠣᠭᠤᠷᠢᠨ ᠪᠠ ᠨᠡᠶᠢᠭᠡᠮ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠬᠡᠷᠡᠭᠲᠡᠢ᠃         ᠬᠤᠶᠠᠷ᠂ ᠰᠦᠯᠵᠢᠶᠡᠨ ᠳᠡᠭᠡᠷᠡᠬᠢ ᠴᠤᠤᠷᠬᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠬᠡᠷᠡᠭᠲᠡᠢ᠃ ᠸᠢᠴᠠᠲ ᠶᠢᠨ ᠪᠦᠯᠦᠭ᠂ ᠸᠢᠴᠠᠲ ᠶᠢᠨ ᠨᠠᠶᠢᠵᠠ ᠶᠢᠨ ᠲᠣᠭᠤᠷᠢᠭ᠂ ᠲᠢᠭ ᠲᠤᠭ᠂ ᠺᠤᠸᠠᠢ ᠱᠧᠦ ᠵᠢᠴᠢ ᠪᠤᠰᠤᠳ ᠰᠦᠯᠵᠢᠶᠡᠨ ᠤ ᠲᠠᠪᠴᠠᠩ ᠳᠤ ᠳᠠᠮᠵᠢᠭᠤᠯᠤᠨ ᠲᠠᠷᠬᠠᠭᠠᠵᠤ ᠪᠠᠶᠢᠭ᠎ᠠ ᠡᠷᠬᠡ ᠰᠦᠷᠲᠦ ᠪᠣᠰᠤ ᠵᠢᠩᠬᠢᠨᠢ ᠢᠷᠡᠯᠲᠡ ᠥᠬᠡᠶ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠥᠰᠥᠭ ᠪᠢᠴᠢᠭ᠂  ᠭᠡᠷᠡᠯ ᠵᠢᠷᠤᠭ᠂ ᠳᠦᠷᠰᠦ ᠰᠢᠩᠭᠡᠭᠡᠯᠲᠡ᠂ ᠳᠠᠭᠤᠤ ᠰᠢᠩᠭᠡᠭᠡᠯᠲᠡ ᠵᠡᠷᠭᠡ ᠮᠡᠳᠡᠭᠡ ᠵᠠᠩᠭᠢ ᠶᠢᠨ ᠠᠭᠤᠯᠭ᠎ᠠ ᠶᠢ ᠳᠤᠷ᠎ᠠ ᠪᠠᠷ ᠢᠶᠠᠨ ᠳᠠᠮᠵᠢᠭᠤᠯᠤᠨ ᠲᠠᠷᠬᠠᠭᠠᠵᠤ ᠪᠣᠯᠬᠤ ᠥᠬᠡᠶ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠣᠯᠵᠤ ᠮᠡᠳᠡᠪᠡᠯ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠬᠡᠷᠡᠭᠲᠡᠶ᠃         ᠭᠤᠷᠪᠠ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠨᠠᠶᠢᠷᠠᠭᠤᠯᠤᠨ ᠲᠠᠷᠬᠠᠭᠠᠬᠤ ᠶᠢ ᠴᠢᠩᠭ᠎ᠠ  ᠴᠠᠭᠠᠵᠠᠯᠠᠬᠤ ᠬᠡᠷᠡᠭᠲᠡᠢ᠃ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠭᠡᠷᠡᠴᠢᠯᠡᠭᠳᠡᠭᠰᠡᠨ ᠥᠬᠡᠶ ᠮᠡᠳᠡᠭᠡ ᠵᠠᠩᠭᠢ ᠵᠢᠴᠢ ᠭᠠᠵᠠᠷ ᠣᠷᠣᠨ ᠨᠢ ᠲᠣᠳᠣᠷᠬᠠᠶ ᠥᠬᠡᠶ᠂ ᠴᠢᠭᠯᠡᠯ ᠨᠢ ᠲᠣᠳᠣᠷᠬᠠᠶ ᠥᠬᠡᠶ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠥᠬᠡᠶ᠂ ᠲᠠᠷᠬᠠᠭᠠᠬᠤ ᠥᠬᠡᠶ᠂ ᠰᠢᠭᠦᠮᠵᠢ ᠨᠡᠶᠢᠲᠡᠯᠡᠬᠦ ᠥᠬᠡᠶ᠃ ᠨᠢᠭᠡᠨᠲᠡ ᠨᠡᠶᠢᠲᠡᠯᠡᠭᠰᠡᠨ᠂ ᠳᠠᠮᠵᠢᠭᠤᠯᠤᠨ ᠲᠠᠷᠬᠠᠭᠠᠭᠰᠠᠨ ᠪᠤᠶᠤ ᠰᠢᠭᠦᠮᠵᠢ ᠨᠡᠶᠢᠲᠡᠯᠡᠭᠰᠡᠨ ᠬᠤᠳᠠᠯ ᠬᠠᠭᠤᠷᠮᠠᠭ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠰᠤᠵᠤ᠂ ᠨᠡᠶᠢᠭᠡᠮ ᠤᠨ ᠮᠠᠭᠤ ᠨᠥᠯᠥᠭᠡ ᠶᠢ ᠰᠠᠨᠠᠭᠠᠴᠢᠯᠠᠭ᠎ᠠ ᠠᠴᠠ ᠪᠠᠨ ᠠᠷᠢᠯᠭᠠᠬᠤ ᠬᠡᠷᠡᠭᠲᠡᠶ᠃ ᠬᠠᠰᠤᠬᠤ ᠶᠢᠨ ᠠᠷᠭ᠎ᠠ ᠦᠭᠡᠢ ᠪᠣᠯ ᠴᠤᠤᠷᠬᠠᠯ ᠢ ᠴᠠᠭ ᠲᠤᠬᠠᠢ ᠳᠤᠨᠢ ᠨᠢᠴᠤᠭᠠᠵᠤ᠂ ᠰᠠᠨᠠᠭᠠᠴᠢᠯᠠᠭ᠎ᠠ ᠠᠴᠠ ᠪᠠᠨ ᠤᠯᠠᠨ ᠨᠡᠶᠢᠲᠡ ᠳᠤ ᠪᠠᠶᠢᠳᠠᠯ ᠢ ᠲᠣᠳᠣᠷᠬᠠᠶᠢᠯᠠᠬᠤ ᠬᠡᠷᠡᠭᠲᠡᠢ᠃        ᠲᠦᠷᠪᠡ᠂ ᠬᠤᠪᠢ ᠶᠢᠨ ᠨᠢᠭᠤᠴᠠ ᠶᠢ ᠬᠦᠨᠳᠦᠳᠬᠡᠵᠦ ᠬᠦᠴᠦᠷᠬᠡᠭᠯᠡᠯ ᠢ ᠲᠡᠪᠴᠢᠬᠦ ᠬᠡᠷᠡᠭᠲᠡᠢ᠃ ᠰᠦᠯᠵᠢᠶ᠎ᠡ ᠶᠢ ᠠᠰᠢᠭᠯᠠᠨ ᠠᠷᠠᠳ ᠢᠷᠭᠡᠨ ᠤ ᠬᠤᠪᠢ ᠬᠥᠮᠦᠨ ᠤ ᠨᠢᠭᠤᠴᠠ ᠳᠤ ᠬᠤᠯᠪᠣᠭᠳᠠᠭᠰᠠᠨ ᠮᠡᠳᠡᠭᠡ ᠵᠠᠩᠭᠢ ᠶᠢ ᠨᠡᠶᠢᠲᠡᠯᠡᠬᠦ ᠪᠠ ᠤᠯᠠᠮᠵᠢᠯᠠᠨ ᠲᠠᠷᠬᠠᠭᠠᠵᠤ ᠪᠣᠯᠬᠤ ᠦᠭᠡᠢ᠂ ᠪᠤᠰᠤᠳ ᠤᠨ ᠨᠡᠷ᠎ᠡ ᠲᠦᠷᠦ᠂ ᠬᠤᠪᠢ ᠶᠢᠨ ᠨᠢᠭᠤᠴᠠ ᠳᠤ ᠬᠠᠯᠳᠠᠭᠰᠠᠨ ᠰᠦᠯᠵᠢᠶᠡᠨ ᠤ ᠬᠠᠤᠯᠢ ᠪᠤᠰᠤ ᠠᠵᠢᠯᠯᠠᠭ᠎ᠠ ᠶᠢ ᠬᠢᠵᠦ ᠪᠣᠯᠬᠤ ᠦᠭᠡᠢ᠂  ᠰᠦᠯᠵᠢᠶ᠎ᠡ ᠶᠢ ᠠᠰᠢᠭᠯᠠᠨ ᠪᠤᠰᠤᠳ ᠢ ᠭᠦᠳᠬᠡᠵᠦ ᠂ ᠬᠠᠷᠢᠶᠠᠵᠤ᠂ ᠰᠦᠷᠳᠡᠭᠦᠯᠵᠦ ᠪᠣᠯᠬᠤ ᠦᠭᠡᠢ᠃ ᠪᠤᠰᠤᠳ ᠤᠨ ᠨᠡᠷ᠎ᠡ ᠲᠦᠷᠦ ᠳᠤ ᠬᠠᠯᠳᠠᠵᠤ᠂ ᠪᠤᠰᠤᠳ ᠤᠨ ᠬᠤᠪᠢ ᠶᠢᠨ ᠨᠢᠭᠤᠴᠠ ᠶᠢ ᠲᠠᠷᠬᠠᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠬᠥᠮᠦᠰ ᠤᠨ ᠬᠠᠤᠯᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃         ᠲᠠᠪᠤ᠂ ᠰᠦᠯᠵᠢᠶᠡᠨ ᠳᠡᠭᠡᠷᠡᠬᠢ ᠴᠤᠤᠷᠬᠠᠯ ᠳᠤ ᠡᠷᠡᠰ ᠴᠣᠬᠢᠯᠲᠠ  ᠥᠭᠬᠦ ᠬᠡᠷᠡᠭᠲᠡᠢ᠃ ᠰᠦᠯᠵᠢᠶ᠎ᠡ ᠶᠢ ᠠᠰᠢᠭᠯᠠᠨ ᠬᠤᠳᠠᠯ ᠬᠠᠭᠤᠷᠮᠠᠭ ᠮᠡᠳᠡᠭᠡ ᠵᠠᠩᠭᠢ ᠶᠢ ᠨᠡᠶᠢᠲᠡᠯᠡᠬᠦ᠂ ᠤᠯᠠᠮᠵᠢᠯᠠᠨ ᠲᠠᠷᠬᠠᠭᠠᠬᠤ᠂ ᠵᠣᠷᠢᠭᠤᠳᠠ ᠰᠦᠯᠵᠢᠶᠡᠨ ᠳᠡᠭᠡᠷᠡᠬᠢ ᠴᠤᠤᠷᠬᠠᠯ ᠢ ᠵᠣᠬᠢᠶᠠᠨ ᠲᠠᠷᠬᠠᠭᠠᠵᠤ᠂ ᠨᠡᠶᠢᠭᠡᠮ ᠳᠤ ᠮᠠᠭᠤ ᠨᠥᠯᠥᠭᠡ ᠭᠠᠷᠭᠠᠭᠰᠠᠨ ᠪᠠᠶᠢᠪᠠᠯ ᠡᠷᠡᠰ ᠴᠣᠬᠢᠯᠲᠠ ᠥᠭᠴᠦ ᠰᠢᠢᠳᠪᠦᠷᠢᠯᠡᠵᠦ᠂ ᠨᠡᠶᠢᠲᠡᠯᠡᠭᠴᠢ᠂ ᠳᠠᠮᠵᠢᠭᠤᠯᠤᠨ ᠲᠠᠷᠬᠠᠭᠠᠭᠴᠢ᠂ ᠬᠠᠮᠢᠶᠠᠷᠤᠭᠴᠢ ᠵᠡᠷᠭᠡ ᠬᠤᠯᠪᠣᠭᠳᠠᠯ ᠪᠦᠬᠦᠢ ᠬᠥᠮᠦᠰ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃         ᠰᠦᠯᠵᠢᠶᠡᠨ ᠤ ᠣᠷᠣᠨ ᠵᠠᠶ ᠨᠢ ᠬᠠᠤᠯᠢ ᠠᠴᠠ  ᠭᠠᠳᠠᠭᠤᠷᠬᠢ ᠭᠠᠵᠠᠷ ᠪᠢᠰᠢ᠃ ︽ᠡᠷᠡᠭᠦᠤ ᠶᠢᠨ ᠬᠠᠤᠯᠢ︾ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ︽ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠬᠤᠶ ᠣᠷᠴᠢᠨ ᠤ ᠵᠠᠰᠠᠯᠲᠠ ᠶᠢᠨ ᠲᠣᠭᠲᠠᠭᠠᠯ︾ ︽ᠢᠨᠲ᠋ᠧᠷ ᠰᠦᠯᠵᠢᠶᠡᠨ ᠤ ᠨᠡᠶᠢᠲᠡ ᠪᠦᠯᠦᠭ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ︽ᠢᠨᠲ᠋ᠧᠷ ᠰᠦᠯᠵᠢᠶᠡᠨ ᠤ ᠳᠠᠭᠠᠯᠲᠠ ᠰᠢᠭᠦᠮᠵᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ︽ᠢᠨᠲ᠋ᠧᠷ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ  ᠤᠳ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠲᠠᠷᠬᠠᠯᠲᠠ ᠳᠠᠮᠵᠢᠯᠲᠠ ᠶᠢᠨ ᠬᠠᠮᠢᠶᠠᠷᠤᠯᠲᠠ ᠶᠢᠨ ᠵᠢᠷᠤᠮᠯᠠᠬᠤ  ᠴᠢᠬᠤᠯᠠᠲᠠᠢ ᠬᠠᠤᠯᠢ ᠲᠦᠷᠢᠮ ᠶᠤᠮ᠂ ᠬᠥᠮᠦᠨ ᠪᠦᠬᠦᠨ ᠡᠷᠬᠡᠪᠰᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠷᠢᠭ᠎ᠠ ᠱᠤᠭᠤᠮ ᠢ ᠵᠢᠷᠤᠮᠯᠠᠬᠤ ᠬᠡᠷᠡᠭᠲᠡᠢ᠃         ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠠᠩᠭᠢᠯᠠᠭ᠎ᠠ ᠶᠢᠨ ᠦᠶ᠎ᠡ ᠳᠤ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠤᠶ ᠪᠣᠯᠭᠠᠵᠤ᠂ ᠢᠯᠭᠠᠨ ᠲᠠᠨᠢᠬᠤ ᠴᠢᠳᠠᠪᠤᠷᠢ ᠪᠠᠨ ᠨᠡᠮᠡᠭᠳᠡᠭᠦᠯᠦᠨ᠂ ᠯᠠᠪᠳᠠᠭᠤᠨ ᠲᠣᠭᠲᠠᠭᠤᠨ ᠪᠥᠭᠡᠳ ᠤᠬᠠᠭᠠᠯᠢᠭ ᠪᠠᠶᠢᠵᠤ᠂ ᠰᠦᠯᠵᠢᠶᠡᠨ ᠳᠡᠭᠡᠷᠡᠬᠢ ᠴᠤᠤᠷᠬᠠᠯ ᠢ ᠬᠠᠮᠲᠤ ᠪᠠᠷ ᠡᠰᠡᠷᠭᠦᠴᠡᠨ ᠬᠤᠷᠢᠭᠯᠠᠵᠤ᠂  ᠲᠦᠮᠡᠨ‌ᠣᠯᠠᠨ ᠨᠢᠭᠲᠠᠷᠠᠵᠤ᠂ ᠬᠦᠴᠢᠷ ᠪᠡᠷᠬᠡ ᠶᠢ ᠬᠠᠮᠲᠤ ᠪᠠᠷ ᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠵᠢᠯ ᠢ ᠬᠠᠮᠲᠤ ᠪᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠥᠷᠭᠡᠨ ᠣᠯᠠᠨ ᠰᠦᠯᠵᠢᠶᠡᠨ ᠤ ᠠᠷᠠᠳ ᠲᠤ ᠰᠠᠨᠠᠭᠤᠯᠵᠤ ᠪᠠᠶᠢᠨ᠎ᠠ᠃                                                                       2022 ᠣᠨ ᠤ 3 ᠰᠠᠷ᠎ᠠ ᠶᠢᠨ 17  ᠤ ᠡᠳᠦᠷ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ