ᠬᠤᠲᠠ ᠶᠢᠨ ᠵᠠᠰᠠᠭ ᠤᠨ ᠣᠷᠳᠣᠨ 2022 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/22
     3 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ 2022 ᠣᠨ ᠤ ᠲᠠᠪᠤᠳᠤᠭᠠᠷ ᠤᠳᠠᠭ᠎ᠠ ᠶᠢᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠤᠯᠠᠭᠠᠨᠬᠠᠳᠠ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠶᠢᠨ ᠠᠵᠢᠯ ᠤᠨ ᠲᠥᠰᠦᠯ︾᠂ ︽ᠤᠯᠠᠭᠠᠨᠬᠠᠳᠠ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ︾᠂ ︽ᠤᠯᠠᠭᠠᠨᠬᠠᠳᠠ ᠬᠤᠳᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠠᠯᠬᠢᠨ ᠬᠦᠴᠦᠨ ᠤ ᠴᠠᠬᠢᠯᠭᠠᠨ ᠭᠡᠷᠡᠯ ᠸᠣᠯᠲ ᠤᠨ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠳᠤ ᠣᠷᠣᠯᠴᠠᠬᠤ ᠠᠵᠢᠯ ᠤᠨ ᠲᠥᠰᠦᠯ︾᠂ ︽ᠬᠤᠳᠠ ᠶᠢᠨ ᠵᠠᠰᠠᠭ ᠤᠨ ᠣᠷᠳᠣᠨ ᠤ 2022 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠵᠦᠢᠯᠡᠰ ᠤᠨ ᠭᠠᠷᠴᠠᠭ︾᠂ ︽ᠤᠯᠠᠭᠠᠨᠬᠠᠳᠠ ᠬᠤᠳᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ︔ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠲᠠᠭᠤ ᠲᠣᠨᠤᠭ ᠤᠨ ᠳᠤᠲᠠᠭᠤᠳᠠᠯ ᠢ ᠨᠥᠬᠦᠪᠥᠷᠢᠯᠡᠬᠦ᠂ ᠬᠢᠵᠢᠭ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ ᠡᠳ᠋ ᠪᠣᠳᠠᠰ ᠢ ᠨᠥᠭᠡᠴᠡᠯᠡᠬᠦ ᠵᠡᠷᠭᠡ ᠬᠤᠯᠪᠣᠭᠳᠠᠯ ᠪᠥᠬᠦᠶ ᠵᠦᠢᠯᠡᠰ ᠢ ᠰᠣᠳᠣᠯᠠᠪᠠ︔ ᠬᠤᠲᠠ ᠶᠢᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠶᠢᠳᠠᠯ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠰᠢᠨ᠎ᠡ ᠶᠢ ᠡᠭᠦᠳᠴᠦ ᠰᠢᠯᠢᠳᠡᠭᠵᠢᠭᠦᠯᠬᠦ ᠬᠠᠮᠢᠶ᠎ᠠ ᠪᠥᠬᠦᠶ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ᠂ ᠠᠶᠤᠯᠭᠦᠶ ᠦᠢᠯᠡᠳᠪᠦᠷᠢᠯᠡᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠳᠠᠭᠤᠰᠬᠤ ᠵᠢᠯ ᠳᠤ᠂ ᠠᠰᠠᠭᠤᠳᠠᠯ ᠢ ᠪᠦᠬᠦ ᠲᠠᠯ᠎ᠠ ᠪᠠᠷ ᠳ᠋ᠦᠩᠨᠡᠵᠦ᠂ ᠤᠯᠠᠮ ᠨᠢᠭᠡ ᠠᠯᠬᠤᠮ ᠲᠠᠶᠢᠴᠢᠯᠠᠨ ᠪᠠᠶᠢᠷᠢᠯᠠᠭᠤᠯᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢᠨ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠨ᠂ ᠤᠷᠢᠳᠠᠪᠠᠷ ᠬᠥᠳᠡᠯᠦᠯᠴᠡᠵᠦ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠲᠣᠭᠲᠠᠴᠠ ᠶᠢᠨ ᠰᠢᠨ᠎ᠡ ᠶᠢ ᠡᠭᠦᠳᠦᠨ᠂ ᠬᠤᠳᠠ ᠶᠢᠨ ᠲᠡᠰ ᠤᠨ ᠨᠢᠭᠡᠳᠬᠡᠨ ᠨᠡᠭᠡᠭᠡᠨ ᠠᠰᠢᠭᠯᠠᠬᠤ ᠲᠠᠪᠴᠠᠩ ᠢ ᠪᠠᠶᠢᠭᠤᠯᠵᠤ᠂ ᠪᠦᠬᠦ ᠬᠤᠳᠠ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠸᠣᠯᠲ ᠤᠨ ᠰᠢᠨ᠎ᠡ ᠡᠨᠧᠷᠭᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠵᠦ᠂ ᠡᠨᠧᠷᠭᠢ ᠶᠢᠨ ᠠᠵᠤ ᠦᠢᠯᠡᠰ ᠤᠨ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠭᠠᠷᠴᠠᠭᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠪᠣᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠯ ᠢ ᠠᠬᠢᠭᠤᠯᠬᠤ ᠶᠢᠨ ᠴᠢᠬᠤᠯᠠ ᠭᠠᠷᠳᠠᠴᠠ ᠮᠥᠨ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠦᠨ᠂ ᠬᠠᠮᠵᠢᠯᠴᠠᠬᠤ ᠶᠢ ᠴᠢᠩᠭᠠᠳᠬᠠᠵᠤ᠂ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠬᠠᠤᠯᠢ ᠶᠣᠰᠣᠭᠠᠷ ᠵᠢᠷᠤᠮᠵᠢᠭᠤᠯᠤᠨ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠪᠣᠯ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠠᠭᠠᠰᠬᠠᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠶᠡᠭᠡ ᠣᠷᠴᠢᠯ ᠤᠨ ᠤᠬᠠᠮᠰᠠᠷ ᠢᠶᠠᠨ ᠴᠢᠩᠭᠠᠳᠬᠠᠨ᠂ ᠬᠠᠮᠢᠶᠠᠷᠤᠯᠲᠠ ᠶᠢᠨ ᠠᠷᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠮᠠᠨ ᠤ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ ᠤᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠨᠢ ᠬᠦᠨᠳᠦ ᠨᠣᠴᠢᠲᠠᠢ ᠮᠥᠷᠲᠡᠭᠡᠨ ᠨᠠᠷᠢᠨ ᠪᠤᠳᠤᠯᠢᠶᠠᠨᠲᠠᠢ᠂ ᠵᠥᠭᠡᠯᠡᠨ ᠬᠠᠲᠠᠭᠤ ᠲᠣᠨᠤᠭ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠪᠣᠯ ᠣᠳᠣᠬᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠠᠢ ᠱᠠᠭᠠᠷᠳᠠᠯᠭ᠎ᠠ ᠪᠣᠯᠤᠨ᠎ᠠ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠵᠦᠶ ᠵᠣᠬᠢᠰᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠠᠨ ᠤ ᠬᠤᠲᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠲᠣᠭᠠᠴᠢᠯᠠᠭᠰᠠᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠬᠤ ᠪᠣᠯ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢᠨ ᠴᠢᠬᠤᠯᠠ ᠨᠥᠬᠦᠴᠡᠯ ᠪᠣᠯᠤᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠶᠢᠳᠠᠯ ᠢ ᠰᠢᠰᠲ᠋ᠧᠮ ᠲᠠᠢ ᠪᠠᠷ ᠡᠮᠬᠢᠯᠡᠨ ᠳᠢᠭᠯᠡᠵᠦ᠂ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠭ᠎ᠠ ᠬᠡᠮᠵᠢᠶ᠎ᠡ ᠠᠪᠴᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠠᠵᠢᠯᠯᠠᠭᠠᠨ ᠤ ᠲᠥᠰᠦᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃      ᠬᠤᠳᠠ ᠶᠢᠨ ᠳᠡᠳ᠋ ᠳᠠᠷᠤᠭ᠎ᠠ ᠱᠧᠩ ᠰᠢᠶᠣᠣ ᠶᠢᠦ᠂ ᠬᠤ᠋ ᠴᠢᠩ ᠹᠧᠩ᠂ ᠰᠦᠨ ᠬᠠᠢ ᠲᠤᠤ᠂ ᠭᠦᠸᠧ ᠰᠢ᠂ ᠶᠠᠩ ᠮᠦ᠂ ᠮᠧᠩ ᠰᠢᠶᠤᠤ ᠪᠢᠩ᠂ ᠵᠤᠤ ᡁᠢ ᠭᠠᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ