| | ᠭᠤᠣᠯ ᠡᠭᠦᠷᠭᠡ ᠬᠠᠷᠢᠭᠤᠴᠠᠯᠭ᠎ᠠ᠄ | ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠬᠡᠷᠡᠭᠵᠢᠭᠦᠯᠵᠦ᠂ ᠪᠦᠬᠦ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠠᠬᠢᠴᠠ ᠳᠠᠬᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠲᠤᠬᠢᠷᠠᠭᠤᠯᠤᠯᠳᠠ ᠪᠠ ᠰᠢᠯᠢᠳᠡᠭᠵᠢᠭᠦᠯᠦᠨ ᠲᠡᠰ | ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ | ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠤᠷᠢᠳᠴᠢᠯᠠᠨ | ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠮᠡᠳᠡᠭᠡ ᠵᠠᠩᠭᠢ ᠨᠡᠶᠢᠲᠡᠯᠡᠬᠦ ᠪᠠ ᠬᠥᠲᠥᠯᠦᠨ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠤ | ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ | ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠤᠮᠳᠠᠬᠢ ᠨᠡᠭᠦᠷᠡᠰᠦ ᠴᠠᠬᠢᠯᠭᠠᠨ ᠲᠤᠰᠤ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ᠃ ᠴᠠᠬᠢᠯᠭᠠᠨ ᠭᠠᠷᠭᠠᠬᠤ ᠠᠵᠤ ᠠᠬᠤᠶᠢᠯᠠᠯ ᠤᠨᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠬᠠᠷᠠᠯᠲᠠ ᠶᠢ ᠲᠣᠬᠢᠷᠠᠭᠤᠯᠤᠨ ᠡᠵᠡᠮᠳᠡᠵᠦ᠂ | ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠥᠳᠥᠭᠡᠨ ᠪᠠᠶᠢᠭᠤᠯᠤᠯᠲᠠ ᠶᠢᠨ ᠲᠥᠰᠦᠯ ᠬᠢᠭᠡᠳ ᠣᠨ ᠤ ᠬᠡᠷᠡᠭᠵᠢᠭᠦᠯᠬᠦ ᠲᠥᠯᠥᠪᠯᠡᠭᠡ ᠶᠢ ᠲᠤᠭᠤᠷᠪᠢᠨ ᠲᠣᠭᠲᠠᠭᠠᠵᠤ | ᠨᠠᠶᠢᠳᠠᠪᠤᠷᠢᠵᠢᠭᠤᠯᠤᠨ᠎ᠠ᠃ | ᠪᠥᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ | ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ | ᠳᠤᠷᠠᠳᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠯᠠ | ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠳᠤ ᠬᠠᠷᠢᠶᠠᠯᠠᠭᠳᠠᠬᠤ ᠲᠥᠷᠥᠯ ᠵᠦᠢᠯ ᠢ ᠮᠡᠳᠡᠭᠦᠯᠦᠨ ᠬᠦᠷᠭᠡᠵᠦ ᠬᠢᠨᠠᠨ | ᠬᠠᠷᠭᠤᠭᠤᠯᠵᠤ᠂ ᠪᠥᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠵᠦ ᠳᠠᠩᠰᠠᠯᠠᠭᠤᠯᠤᠨ᠎ᠠ᠃ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠠᠵᠤ | ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠥᠬᠦᠶ ᠠᠵᠢᠯ ᠢ | ᠬᠠᠷᠢᠭᠤᠴᠠᠨ᠎ᠠ᠃ | ᠪᠥᠬᠦ ᠬᠤᠲᠠ ᠶᠢᠨ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠰᠢᠨ᠎ᠡ | ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢᠨ ᠰᠠᠨᠠᠯ ᠢ ᠰᠤᠳᠤᠯᠤᠨ ᠳᠤᠷᠠᠳᠪᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠣᠨ ᠤ | ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠳᠤ | ᠣᠷᠣᠬᠤ ᠵᠥᠪᠰᠢᠶᠡᠷᠡᠯ ᠤᠨ ᠲᠦᠷᠢᠮ ᠢ ᠲᠣᠭᠲᠠᠭᠠᠵᠤ᠂ ᠠᠵᠤ ᠦᠢᠯᠡᠳᠪᠦᠷᠢ ᠶᠢᠨ ᠪᠠᠶᠢᠷᠢᠰᠢᠯ ᠤᠨ ᠲᠤᠬᠢᠷᠠᠭᠤᠯᠤᠯᠳᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠳᠠᠪᠤᠰᠤᠨ ᠤ ᠦᠢᠯᠡᠰ ᠤᠨ ᠭᠤᠤᠯᠴᠢᠯᠠᠨ | ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃ | ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠪᠥᠬᠦ ᠬᠤᠲᠠ ᠶᠢᠨ ᠠᠵᠤ ᠦᠢᠯᠡᠳᠪᠦᠷᠢ ᠶᠢᠨ ᠡᠨᠧᠷᠭᠢ ᠶᠢ ᠠᠷᠪᠢᠯᠠᠬᠤ᠂ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠵᠢᠴᠢ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠲᠤᠯ ᠥᠬᠡᠶ | ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ | ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠠᠵᠢᠯ ᠤᠨ ᠬᠢᠨᠠᠨ | ᠪᠠᠶᠢᠴᠠᠭᠠᠬᠤ ᠶᠢ ᠬᠠᠷᠢᠭᠤᠴᠠᠨ᠎ᠠ᠃ | ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ᠂ ᠰᠤᠷᠭᠠᠭᠤᠯᠢ᠂ ᠰᠣᠳᠤᠯᠭᠠᠨ᠂ ᠬᠡᠷᠡᠭᠯᠡᠯᠲᠡ ᠶᠢ ᠬᠠᠷᠢᠯᠴᠠᠨ ᠤᠶᠠᠯᠳᠤᠭᠤᠯᠬᠤ ᠶᠢ | ᠲᠥᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠤᠯᠤᠰ᠂ ᠣᠷᠣᠨ ᠨᠤᠲᠤᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠥᠷᠦᠯ ᠵᠦᠢᠯ ᠳᠤ ᠣᠷᠣᠯᠴᠠᠵᠤ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ | ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ | ᠨᠠᠷᠠᠲᠤ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃ | ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠰᠤᠳᠤᠯᠵᠤ | ᠲᠥᠯᠥᠪᠯᠡᠨ ᠲᠣᠭᠲᠠᠭᠠᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠬᠢᠭᠡᠳ ᠠᠵᠢᠯ ᠲᠥᠷᠥᠯ ᠤᠨ ᠲᠤᠭ᠎ᠠ ᠪᠠᠷᠢᠮᠲᠠ᠂ ᠨᠡᠶᠢᠭᠡᠮ ᠤᠨ ᠲᠤᠭ᠎ᠠ ᠪᠠᠷᠢᠮᠲᠠ ᠶᠢᠨ | ᠠᠭᠤᠰᠤᠯᠴᠠᠯ ᠢ ᠠᠬᠢᠭᠤᠯᠤᠨ᠂ ᠲᠣᠮᠣ ᠳ᠋ᠠᠶᠢᠲ᠋ᠠ ᠬᠢᠭᠡᠳ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠭᠤᠯᠬᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ | ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠤᠨ ᠦᠢᠯᠡᠰ᠂ ᠮᠡᠳᠡᠭᠡ ᠵᠠᠩᠭᠢ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠣᠷ ᠰᠦᠯᠵᠢᠶ᠎ᠡ ᠪᠠ ᠮᠡᠳᠡᠭᠡ | ᠵᠠᠩᠭᠢ ᠶᠢᠨ ᠠᠮᠤᠷ ᠲᠦᠪᠰᠢᠨ ᠢ ᠬᠠᠷᠢᠭᠤᠴᠠᠨ᠎ᠠ᠃ ᠮᠡᠳᠡᠭᠡ ᠬᠤᠯᠪᠣᠭᠠᠨ ᠤ ᠰᠦᠯᠵᠢᠶ᠎ᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠵᠢᠯᠤᠭᠤᠳᠤᠨ᠎ᠠ᠃ | ᠲᠣᠨᠣᠭᠯᠠᠯ ᠦᠢᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠲᠧᠭᠨᠢᠭ ᠮᠡᠷᠭᠡᠵᠢᠯ ᠤᠨ ᠲᠤᠨᠤᠭ | ᠲᠥᠬᠦᠭᠡᠷᠦᠮᠵᠢ ᠶᠢ ᠬᠥᠭᠵᠢᠭᠦᠯᠬᠦ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠦᠷᠤ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠵᠤ᠂ ᠭᠤᠣᠯᠳᠠᠯᠭ᠎ᠠ ᠲᠠᠢ ᠢᠨᠵᠧᠨᠧᠷᠢᠩ ᠤᠨ ᠪᠦᠳᠤᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠶ | ᠲᠥᠷᠦᠯ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠴᠢᠬᠤᠯᠠ ᠶᠡᠭᠡ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠤᠯᠤᠰ ᠲᠠᠭᠠᠨ ᠦᠢᠯᠡᠳᠪᠦᠷᠢᠯᠡᠬᠦ | ᠶᠠᠪᠤᠳᠠᠯ ᠢ ᠲᠦᠯᠬᠢᠨ ᠠᠬᠢᠭᠤᠯᠵᠤ᠂ ᠭᠠᠳᠠᠭᠠᠳᠤ ᠠᠴᠠ ᠣᠷᠣᠭᠤᠯᠤᠭᠰᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠰᠢᠩᠭᠡᠭᠡᠨ ᠠᠪᠴᠤ ᠰᠢᠨ᠎ᠡ ᠶᠢ | ᠡᠭᠦᠳᠬᠦ ᠶᠠᠪᠤᠳᠠᠯ ᠢ ᠵᠢᠯᠤᠭᠤᠳᠤᠨ᠎ᠠ᠃ | ᠪᠦᠬᠦ ᠬᠤᠲᠠ ᠶᠢᠨ ᠳᠤᠮᠳᠠ ᠪᠠᠭ᠎ᠠ ᠠᠵᠤ ᠠᠬᠤᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠤᠷᠸ᠎ᠠ | ᠡᠵᠡᠮᠳᠡᠯ ᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ | ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ | ᠪᠥᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠤᠨ ᠠᠵᠢᠯ ᠢ | ᠵᠢᠯᠣᠭᠤᠳᠤᠨ ᠬᠢᠨᠠᠯᠲᠠ ᠲᠠᠯᠪᠢᠬᠤ ᠶᠢ ᠬᠠᠷᠢᠭᠤᠴᠠᠵᠤ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ | ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠤᠨ ᠬᠤᠯᠪᠣᠭᠳᠠᠯ ᠪᠥᠬᠦᠶ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠵᠤ ᠦᠢᠯᠡᠳᠪᠦᠷᠢ ᠶᠢᠨ | ᠬᠦᠷᠢᠶᠡᠨ ᠳᠠᠬᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠬᠥᠭᠵᠢᠯᠲᠡ ᠶᠢ ᠲᠦᠯᠬᠢᠨ ᠠᠬᠢᠭᠤᠯᠵᠤ᠂ ᠮᠡᠳᠡᠭᠡ ᠬᠤᠯᠪᠣᠭᠠᠨ ᠤ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠰᠦᠯᠵᠢᠶᠡᠨ ᠤ | ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ | ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠠᠴᠠ ᠪᠥᠬᠦ ᠬᠤᠲᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ | ᠬᠥᠭᠵᠢᠯᠲᠡ ᠶᠢᠨ ᠠᠵᠢᠯ ᠢ ᠲᠦᠷᠦᠭᠦᠯᠡᠨ ᠬᠠᠷᠢᠭᠤᠴᠠᠵᠤ᠂ ᠪᠥᠬᠦ ᠬᠤᠲᠠ ᠶᠢᠨ ᠮᠡᠳᠡᠭᠡ ᠵᠠᠩᠭᠢᠵᠢᠯᠲᠠ ᠶᠢᠨ ᠠᠵᠢᠯ ᠢ ᠠᠬᠢᠭᠤᠯᠤᠨ᠎ᠠ᠃ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠯᠤᠭ᠎ᠠ ᠶᠢᠨ ᠬᠤᠯᠪᠣᠭᠳᠠᠯ ᠪᠥᠬᠦᠶ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠬᠤᠳᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ︵ᠬᠤᠳᠠ ᠶᠢᠨ ᠡᠨᠧᠷᠭᠢ ᠶᠢᠨ ᠲᠣᠪᠴᠢᠶ᠎ᠠ︶ ᠬᠠᠮᠲᠤᠪᠠᠷ ᠪᠦᠬᠦ ᠬᠤᠳᠠ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ | ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠬᠠᠷᠠᠯᠲᠠ ᠶᠢᠨ ᠲᠤᠬᠢᠷᠠᠭᠤᠯᠤᠯ ᠡᠵᠡᠮᠳᠡᠯ ᠪᠠ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠳᠦᠭᠡᠨ | ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠬᠠᠮᠠᠭᠠᠯᠠᠨ᠎ᠠ᠃ | | ᠬᠠᠷᠢᠭᠤᠴᠠᠯᠭᠠᠲᠠᠨ᠄ ᠯᠢᠦ ᠰᠢᠶᠠᠩ | | ᠠᠵᠢᠯᠯᠠᠬᠤ ᠬᠠᠶ᠋ᠢᠭ᠄ ᠨᠠᠮ ᠵᠠᠰᠠᠭ ᠤᠨ ᠪᠠᠶᠢᠭᠤᠯᠤᠯᠭ᠎ᠠ ᠶᠢᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ 527 | ᠬᠠᠷᠢᠯᠴᠠᠬᠤ ᠬᠡᠯᠪᠡᠷᠢ᠄ 8331028 | ᠠᠵᠢᠯᠯᠠᠬᠤ ᠴᠠᠭ᠄ ᠠᠵᠢᠯᠯᠠᠬᠤ ᠡᠳᠦᠷ 8᠄ 30 — 12᠄ 00 14᠄ 30 — 17᠄ 30 |