ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/3/25
   ᠭᠤᠣᠯ ᠡᠭᠦᠷᠭᠡ ᠬᠠᠷᠢᠭᠤᠴᠠᠯᠭ᠎ᠠ᠄    ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠠᠬᠢᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠲᠤᠬᠢᠷᠠᠭᠤᠯᠤᠯᠳᠠ ᠪᠠ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃    ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠮᠡᠳᠡᠭᠡ ᠵᠠᠩᠭᠢ ᠨᠡᠶᠢᠲᠡᠯᠡᠬᠦ ᠪᠠ ᠬᠥᠲᠥᠯᠦᠨ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ  ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠤᠮᠳᠠᠬᠢ ᠨᠡᠭᠦᠷᠡᠰᠦ ᠴᠠᠬᠢᠯᠭᠠᠨ ᠲᠤᠰᠤ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠴᠠᠬᠢᠯᠭᠠᠨ ᠭᠠᠷᠭᠠᠬᠤ ᠠᠵᠤ ᠠᠬᠤᠶᠢᠯᠠᠯ ‍ᠤᠨ‌ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠬᠠᠷᠠᠯᠲᠠ  ᠶᠢ ᠲᠣᠬᠢᠷᠠᠭᠤᠯᠤᠨ ᠡᠵᠡᠮᠳᠡᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠥᠳᠥᠭᠡᠨ ᠪᠠᠶᠢᠭᠤᠯᠤᠯᠲᠠ ᠶᠢᠨ ᠲᠥᠰᠦᠯ ᠬᠢᠭᠡᠳ ᠣᠨ ᠤ ᠬᠡᠷᠡᠭᠵᠢᠭᠦᠯᠬᠦ ᠲᠥᠯᠥᠪᠯᠡᠭᠡ ᠶᠢ ᠲᠤᠭᠤᠷᠪᠢᠨ ᠲᠣᠭᠲᠠᠭᠠᠵᠤ ᠨᠠᠶᠢᠳᠠᠪᠤᠷᠢᠵᠢᠭᠤᠯᠤᠨ᠎ᠠ᠃    ᠪᠥᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ  ᠳᠤᠷᠠᠳᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠯᠠ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠳᠤ ᠬᠠᠷᠢᠶᠠᠯᠠᠭᠳᠠᠬᠤ ᠲᠥᠷᠥᠯ ᠵᠦᠢᠯ ᠢ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠵᠤ᠂ ᠪᠥᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ ᠳᠠᠩᠰᠠᠯᠠᠭᠤᠯᠤᠨ᠎ᠠ᠃ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ᠃    ᠪᠥᠬᠦ ᠬᠤᠲᠠ ᠶᠢᠨ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ᠂ ᠠᠵᠤ  ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢᠨ ᠰᠠᠨᠠᠯ ᠢ ᠰᠤᠳᠤᠯᠤᠨ ᠳᠤᠷᠠᠳᠪᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠳᠤ ᠣᠷᠣᠬᠤ ᠵᠥᠪᠰᠢᠶᠡᠷᠡᠯ ᠤᠨ ᠲᠦᠷᠢᠮ ᠢ ᠲᠣᠭᠲᠠᠭᠠᠵᠤ᠂ ᠠᠵᠤ ᠦᠢᠯᠡᠳᠪᠦᠷᠢ ᠶᠢᠨ ᠪᠠᠶᠢᠷᠢᠰᠢᠯ ᠤᠨ ᠲᠤᠬᠢᠷᠠᠭᠤᠯᠤᠯᠳᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠳᠠᠪᠤᠰᠤᠨ ᠤ ᠦᠢᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ  ᠬᠡᠷᠡᠭᠵᠢᠭᠦᠯᠦᠨ᠎ᠡ᠃    ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠪᠥᠬᠦ ᠬᠤᠲᠠ ᠶᠢᠨ ᠠᠵᠤ ᠦᠢᠯᠡᠳᠪᠦᠷᠢ ᠶᠢᠨ ᠡᠨᠧᠷᠭᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠵᠢᠴᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ  ᠵᠦᠢᠯ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ  ᠶᠢᠨ ᠡᠨᠧᠷᠭᠢ ᠠᠷᠪᠢᠯᠠᠬᠤ ᠠᠵᠢᠯ ᠤᠨ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃    ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ  ᠠᠵᠤ ᠦᠢᠯᠡᠰ᠂ ᠰᠤᠷᠭᠠᠭᠤᠯᠢ᠂ ᠰᠣᠳᠤᠯᠭᠠᠨ᠂ ᠬᠡᠷᠡᠭᠯᠡᠯᠲᠡ ᠶᠢ ᠬᠠᠷᠢᠯᠴᠠᠨ ᠤᠶᠠᠯᠳᠤᠭᠤᠯᠬᠤ ᠶᠢ ᠲᠥᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠤᠯᠤᠰ᠂ ᠣᠷᠣᠨ ᠨᠤᠲᠤᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠥᠷᠦᠯ ᠵᠦᠢᠯ ᠳᠤ ᠣᠷᠣᠯᠴᠠᠵᠤ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠡᠮᠳᠡᠭᠲᠦ ᠶᠢ ᠪᠤᠶᠢᠵᠢᠭᠤᠯᠬᠤ ᠶᠢ  ᠵᠢᠯᠣᠭᠤᠳᠤᠨ᠎ᠠ᠃    ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠰᠤᠳᠤᠯᠵᠤ ᠲᠥᠯᠥᠪᠯᠡᠨ ᠲᠣᠭᠲᠠᠭᠠᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠬᠢᠭᠡᠳ ᠠᠵᠢᠯ ᠲᠥᠷᠥᠯ ᠤᠨ ᠲᠤᠭ᠎ᠠ ᠪᠠᠷᠢᠮᠲᠠ᠂ ᠨᠡᠶᠢᠭᠡᠮ ᠤᠨ ᠲᠤᠭ᠎ᠠ ᠪᠠᠷᠢᠮᠲᠠ ᠶᠢᠨ ᠠᠭᠤᠰᠤᠯᠴᠠᠯ ᠢ ᠠᠬᠢᠭᠤᠯᠤᠨ᠂ ᠲᠣᠮᠣ ᠳ᠋ᠠᠶᠢᠲ᠋ᠠ ᠬᠢᠭᠡᠳ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃    ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠭᠤᠯᠬᠤ ᠠᠵᠢᠯ  ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ  ᠠᠬᠢᠭᠤᠯᠤᠨ᠎ᠠ᠃ ᠠᠵᠤ ᠦᠢᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ  ᠬᠠᠷᠢᠭᠤᠴᠠᠨ᠎ᠠ᠃ ᠮᠡᠳᠡᠭᠡ ᠬᠤᠯᠪᠣᠭᠠᠨ ᠤ ᠰᠦᠯᠵᠢᠶ᠎ᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ  ᠵᠢᠯᠤᠭᠤᠳᠤᠨ᠎ᠠ᠃    ᠲᠣᠨᠣᠭᠯᠠᠯ ᠦᠢᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠬᠥᠭᠵᠢᠭᠦᠯᠬᠦ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠦᠷᠤ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠭᠤᠣᠯᠳᠠᠯᠭ᠎ᠠ ᠲᠠᠢ ᠢᠨᠵᠧᠨᠧᠷᠢᠩ ᠤᠨ ᠪᠦᠳᠤᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠶ ᠲᠥᠷᠦᠯ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠴᠢᠬᠤᠯᠠ ᠶᠡᠭᠡ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠤᠯᠤᠰ ᠲᠠᠭᠠᠨ ᠦᠢᠯᠡᠳᠪᠦᠷᠢᠯᠡᠬᠦ ᠶᠠᠪᠤᠳᠠᠯ ᠢ ᠲᠦᠯᠬᠢᠨ ᠠᠬᠢᠭᠤᠯᠵᠤ᠂ ᠭᠠᠳᠠᠭᠠᠳᠤ ᠠᠴᠠ ᠣᠷᠣᠭᠤᠯᠤᠭᠰᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠰᠢᠩᠭᠡᠭᠡᠨ ᠠᠪᠴᠤ ᠰᠢᠨ᠎ᠡ ᠶᠢ ᠡᠭᠦᠳᠬᠦ ᠶᠠᠪᠤᠳᠠᠯ ᠢ  ᠵᠢᠯᠤᠭᠤᠳᠤᠨ᠎ᠠ᠃    ᠪᠦᠬᠦ ᠬᠤᠲᠠ ᠶᠢᠨ ᠳᠤᠮᠳᠠ ᠪᠠᠭ᠎ᠠ ᠠᠵᠤ ᠠᠬᠤᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠤᠷᠸ᠎ᠠ ᠡᠵᠡᠮᠳᠡᠯ ᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃    ᠪᠥᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠬᠤ ᠶᠢ ᠬᠠᠷᠢᠭᠤᠴᠠᠵᠤ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ    ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠤᠨ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠵᠤ ᠦᠢᠯᠡᠳᠪᠦᠷᠢ ᠶᠢᠨ ᠬᠦᠷᠢᠶᠡᠨ ᠳᠠᠬᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠵᠤ᠂ ᠠᠵᠤ ᠦᠢᠯᠡᠳᠪᠦᠷᠢ ᠶᠢᠨ  ᠢᠨᠲ᠋ᠧᠷ ᠰᠦᠯᠵᠢᠶᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠮᠡᠳᠡᠭᠡ ᠬᠤᠯᠪᠣᠭᠠᠨ ᠤ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠰᠦᠯᠵᠢᠶᠡᠨ ᠤ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠠᠴᠠ ᠪᠥᠬᠦ ᠬᠤᠲᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠠᠵᠢᠯ ᠢ ᠲᠦᠷᠦᠭᠦᠯᠡᠨ ᠬᠠᠷᠢᠭᠤᠴᠠᠵᠤ᠂ ᠪᠥᠬᠦ ᠬᠤᠲᠠ ᠶᠢᠨ ᠮᠡᠳᠡᠭᠡ ᠵᠠᠩᠭᠢᠵᠢᠯᠲᠠ ᠶᠢᠨ ᠠᠵᠢᠯ ᠢ  ᠠᠬᠢᠭᠤᠯᠤᠨ᠎ᠠ᠃    ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠡᠨᠧᠷᠭᠢ ᠶᠢᠨ ᠲᠣᠪᠴᠢᠶ᠎ᠠ︶ ᠯᠤᠭ᠎ᠠ ᠶᠢᠨ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠬᠤᠳᠠ ᠶᠢᠨ ᠡᠨᠧᠷᠭᠢ ᠶᠢᠨ ᠲᠣᠪᠴᠢᠶ᠎ᠠ︶  ᠬᠠᠮᠲᠤᠪᠠᠷ ᠪᠦᠬᠦ ᠬᠤᠳᠠ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ  ᠬᠡᠮᠵᠢᠶ᠎ᠡ ᠶᠢᠨ ᠵᠢᠱᠢᠭᠰᠡᠨ ᠬᠠᠷᠠᠯᠲᠠ ᠶᠢᠨ ᠲᠤᠬᠢᠷᠠᠭᠤᠯᠤᠯ ᠡᠵᠡᠮᠳᠡᠯ ᠪᠠ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃        ᠬᠠᠷᠢᠭᠤᠴᠠᠯᠭᠠᠲᠠᠨ᠄ ᠯᠢᠦ ᠰᠢᠶᠠᠩ        ᠠᠵᠢᠯᠯᠠᠬᠤ ᠬᠠᠶ᠋ᠢᠭ᠄ ᠨᠠᠮ ᠵᠠᠰᠠᠭ ᠤᠨ ᠪᠠᠶᠢᠭᠤᠯᠤᠯᠭ᠎ᠠ ᠶᠢᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ 527    ᠬᠠᠷᠢᠯᠴᠠᠬᠤ ᠬᠡᠯᠪᠡᠷᠢ᠄ 8331028    ᠠᠵᠢᠯᠯᠠᠬᠤ ᠴᠠᠭ᠄ ᠠᠵᠢᠯᠯᠠᠬᠤ ᠡᠳᠦᠷ 8᠄ 30 — 12᠄ 00 14᠄ 30 — 17᠄ 30
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ