︽ᠤᠯᠠᠭᠠᠨᠬᠠᠳᠠ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/3/28
 ︽ᠤᠯᠠᠭᠠᠨᠬᠠᠳᠠ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ                                     ᠤᠯᠠᠭᠠᠨᠬᠠᠳᠠ ᠵᠠᠰᠠᠭ ᠲᠠᠷᠬᠠᠭᠠᠭᠰᠠᠨ ﹇2022﹈ 33 ᠳ᠋ᠤᠭᠠᠷ ᠲᠣᠭᠠᠲᠤᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠳᠤ᠄     ︽ᠤᠯᠠᠭᠠᠨᠬᠠᠳᠠ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                                             2022 ᠣᠨ ᠤ 3 ᠰᠠᠷ᠎ᠠ ᠶᠢᠨ 24                                                         ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠤᠯᠠᠭᠠᠨᠬᠠᠳᠠ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ      ᠨᠢᠭᠡᠳᠦᠭᠡᠷ ᠪᠦᠯᠦᠭ  ᠵᠡᠷᠦᠩᠬᠡᠶ ᠲᠦᠷᠢᠮ      ᠨᠢᠭᠡᠳᠦᠭᠡᠷ ᠵᠦᠢᠯ  ᠪᠦᠬᠦ ᠬᠤᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ᠂ ᠡᠵᠡᠩᠨᠡᠯᠲᠡ᠂ ᠬᠡᠷᠡᠭᠯᠡᠯᠲᠡ᠂ ᠬᠠᠮᠢᠶᠠᠷᠤᠯᠲᠠ ᠪᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠶᠢ ᠴᠢᠩᠭᠠᠳᠬᠠᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠪᠠᠭᠠᠰᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠲᠠᠷᠢᠶᠠᠯᠠᠩ ᠤᠨ ᠪᠣᠬᠢᠷᠲᠤᠯ ᠦᠭᠡᠶ ᠴᠢᠨᠠᠷ ᠰᠠᠶᠢᠲᠠᠶ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︽ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠳᠥᠷᠢᠮ ᠤᠨ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ  ᠲᠣᠰ ᠠᠷᠭ᠎ᠠ ᠶᠢ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ᠂ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠡᠵᠡᠩᠨᠡᠯᠲᠡ ᠶᠢᠨ ᠭᠤᠤᠯ ᠴᠣᠭᠴᠠ᠂ ᠬᠤᠪᠢ ᠬᠥᠮᠦᠨ ᠵᠢᠴᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠡᠷᠡᠭᠯᠡᠨ᠎ᠡ᠃     ᠭᠤᠷᠪᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠭᠡᠳᠡᠭ ᠨᠢ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠭᠠᠵᠠᠷ ᠤᠨ ᠭᠠᠳᠠᠷᠭᠤ ᠶᠢ ᠪᠦᠷᠬᠦᠬᠦ ᠨᠢᠮᠭᠡᠨ ᠪᠦᠷᠬᠦᠭᠦᠯ ᠪᠠ ᠫᠧᠩ ᠤᠨ ᠪᠦᠷᠬᠦᠪᠴᠢ ᠶᠢ ᠵᠢᠭᠠᠵᠤ ᠪᠤᠢ᠃     ᠳᠥᠷᠪᠡᠳᠦᠭᠡᠷ ᠵᠦᠢᠯ  ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠠᠶᠤᠯᠭᠦᠶ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠡᠵᠡᠩᠨᠡᠯᠲᠡ᠂ ᠡᠭᠡᠭᠦᠯᠦᠨ ᠬᠤᠷᠢᠶᠠᠵᠤ ᠬᠡᠷᠡᠭᠯᠡᠬᠦ ᠪᠥᠬᠦ ᠬᠡᠯᠬᠢᠶ᠎ᠡ᠂ ᠡᠯ᠎ᠡ ᠭᠤᠭᠴᠤᠭ᠎ᠠ ᠳᠤ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃     ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ      ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠪᠣᠳᠠᠲᠠᠶ ᠪᠠᠶᠢᠷᠢᠯᠠᠭᠤᠯᠬᠤ ᠶᠢ ᠬᠠᠷᠢᠭᠤᠴᠠᠵᠤ᠂ ᠬᠠᠷᠠᠯᠲᠠᠲᠤ ᠬᠠᠷᠢᠭᠤᠴᠠᠯᠭ᠎ᠠ ᠶᠢ ᠨᠠᠷᠢᠯᠢᠬᠵᠢᠭᠤᠯᠤᠨ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠲᠣᠭᠲᠠᠭᠠᠨ᠎ᠠ᠃     ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠬᠦ᠂ ᠡᠭᠡᠭᠦᠯᠦᠨ ᠬᠤᠷᠢᠶᠠᠬᠤ ᠭᠤᠭᠴᠤᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃     ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ︽ᠬᠡᠨ ᠬᠤᠳᠠᠯᠳᠤᠨ ᠠᠪᠤᠪᠠᠯ ᠬᠡᠨ ᠬᠡᠷᠡᠭᠯᠡᠬᠦ᠂ ᠬᠡᠨ ᠬᠡᠷᠡᠭᠯᠡᠪᠡᠯ ᠬᠡᠨ ᠬᠤᠷᠢᠶᠠᠬᠤ︾ ᠵᠠᠷᠴᠢᠮ ᠢ ᠵᠢᠷᠤᠮᠯᠠᠨ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠲᠣᠭᠲᠠᠭᠠᠬᠤ ᠪᠠᠷ ᠳᠠᠮᠵᠢᠭᠤᠯᠤᠨ᠂ ᠦᠨᠡᠨᠬᠦ ᠪᠦᠲᠦᠮᠵᠢᠲᠡᠶ ᠭᠡᠷᠡᠲᠦ ᠬᠠᠮᠢᠶᠠᠷᠤᠯᠲᠠ ᠶᠢᠨ ᠲᠦᠷᠢᠮ ᠪᠠ ᠡᠬᠡ ᠲᠠᠩᠰᠠ ᠶᠢ ᠪᠠᠶᠢᠭᠤᠯᠵᠤ᠂ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠬᠦ ᠪᠠ ᠪᠤᠴᠠᠭᠠᠨ ᠬᠤᠷᠢᠶᠠᠬᠤ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ᠃     ᠲᠠᠪᠤᠳᠤᠭᠠᠷ ᠵᠦᠢᠯ  ᠬᠤᠰᠢᠭᠤ ᠰᠢᠶᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠤᠯᠤᠰ ᠤᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ ᠢ ᠵᠢᠯᠣᠭᠤᠳᠬᠤ ᠠᠵᠢᠯ ᠢ ᠬᠠᠷᠢᠭᠤᠴᠠᠨ᠎ᠠ᠃     ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ᠂ ᠡᠵᠡᠩᠨᠡᠯᠲᠡ ᠭᠦᠢᠯᠭᠡᠭᠡᠨ ᠤ ᠬᠦᠷᠢᠶ᠎ᠡ ᠵᠡᠷᠭᠡ ᠵᠠᠬ᠎ᠠ ᠳᠡᠯᠭᠡᠭᠦᠷ ᠤᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠵᠢᠴᠢ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃     ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ ᠵᠢᠯᠣᠭᠤᠳᠤᠨ᠎ᠠ᠃     ᠬᠤᠰᠢᠭᠤ ᠰᠢᠶᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠬᠤ᠂ ᠳᠠᠬᠢᠨ ᠠᠰᠢᠭᠯᠠᠬᠤ ᠶᠠᠪᠤᠴᠠ ᠳᠤ ᠪᠣᠶ ᠪᠣᠯᠤᠭᠰᠠᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃     ᠬᠤᠶᠠᠳᠤᠭᠠᠷ ᠪᠦᠯᠦᠭ  ᠦᠢᠯᠡᠳᠪᠦᠷᠢᠯᠡᠵᠦ ᠡᠵᠡᠩᠨᠡᠬᠦ ᠪᠠ ᠬᠡᠷᠡᠭᠯᠡᠬᠦ     ᠵᠢᠷᠭᠤᠳᠤᠭᠠᠷ ᠵᠦᠢᠯ  ᠤᠯᠤᠰ ᠠᠴᠠ ᠲᠣᠳᠣᠷᠬᠠᠶ ᠵᠠᠷᠯᠢᠭ ᠢᠶᠠᠷ ᠴᠠᠭᠠᠵᠠᠯᠠᠭᠰᠠᠨ ᠪᠤᠶᠤ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠳᠤ ᠥᠯᠥ ᠨᠡᠶᠢᠴᠡᠬᠦ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠶᠢ ᠴᠠᠭᠠᠵᠠᠯᠠᠨ᠎ᠠ᠃ ᠥᠨᠳᠥᠷ ᠳᠠᠭᠠᠭᠠᠴᠠ ᠲᠠᠢ ᠰᠦᠯᠢᠶᠣᠣ ᠪᠦᠷᠬᠦᠪᠴᠢ ᠪᠠ ᠠᠮᠢᠳᠤ ᠪᠣᠳᠠᠰ ᠤᠨ ᠪᠥᠬᠦ ᠵᠠᠳᠠᠷᠠᠭᠤᠯᠤᠯᠲᠠ ᠶᠢᠨ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢ ᠦᠢᠯᠡᠳᠪᠦᠷᠢᠯᠡᠬᠦ ᠪᠠ ᠬᠡᠷᠡᠭᠯᠡᠬᠦ ᠶᠢ ᠳᠡᠮᠵᠢᠨ ᠵᠣᠷᠢᠭᠵᠢᠭᠤᠯᠤᠨ᠎ᠠ᠃     ᠳᠣᠯᠣᠳᠤᠭᠠᠷ ᠵᠦᠢᠯ  ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ ᠤᠨ ᠪᠡᠶᠡᠴᠢ ᠴᠣᠭᠴᠠ ᠨᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠠᠵᠢᠯ ᠲᠦᠷᠦᠯ ᠤᠨ ᠵᠢᠷᠤᠮᠵᠢᠯ ᠤᠨ ᠲᠤᠬᠠᠶ ᠤᠯᠤᠰ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢ ᠬᠡᠷᠡᠭᠵᠢᠭᠦᠯᠵᠦ᠂ ᠦᠢᠯᠡᠳᠬᠦᠨ ᠤ ᠶᠠᠰᠤ ᠴᠢᠨᠠᠷ ᠢ ᠪᠠᠲᠤᠯᠠᠬᠤ ᠬᠡᠷᠡᠭᠲᠡᠢ᠃     ᠨᠠᠢᠮᠠᠳᠤᠭᠠᠷ ᠵᠦᠢᠯ  ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ ᠤᠨ ᠪᠡᠶᠡᠴᠢ ᠴᠣᠭᠴᠠ ᠨᠢ ᠭᠠᠵᠠᠷ ᠤᠨ ᠪᠦᠷᠬᠦᠭᠦᠯ ᠤᠨ ᠡᠪᠬᠡᠮᠡᠯ ᠪᠦᠷᠢ᠂ ᠫᠧᠩ ᠤᠨ ᠪᠦᠷᠭᠦᠭᠦᠯ ᠤᠨ ᠤᠷᠲᠤ ᠶᠢᠨ ᠮᠧᠲᠷ ᠪᠦᠷᠢ ᠳᠡᠭᠡᠷ᠎ᠡ ᠢᠯᠭᠠᠨ ᠲᠠᠨᠢᠵᠤ ᠪᠣᠯᠬᠤ ᠠᠵᠤ ᠠᠬᠤᠶᠢᠯᠠᠯ ᠤᠨ ᠢᠯᠡᠳᠬᠡᠮᠵᠢ ᠲᠡᠮᠳᠡᠭ ᠢ ᠨᠡᠮᠡᠵᠦ᠂ ᠦᠢᠯᠡᠳᠬᠦᠨ ᠢ ᠮᠥᠷᠳᠡᠬᠦ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠲᠦᠬᠦᠮ ᠦᠵᠡᠭᠦᠯᠬᠦ ᠬᠡᠷᠡᠭᠲᠡᠶ᠃     ᠶᠢᠰᠦᠳᠦᠭᠡᠷ ᠵᠦᠢᠯ  ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ ᠤᠨ ᠪᠡᠶᠡᠴᠢ ᠴᠣᠭᠴᠠ ᠨᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠦᠢᠯᠡᠳᠪᠦᠷᠢ ᠠᠴᠠ ᠭᠠᠷᠭᠠᠵᠤ ᠪᠣᠷᠣᠯᠠᠭᠤᠯᠤᠭᠰᠠᠨ ᠲᠡᠮᠳᠡᠭᠯᠡᠯ ᠤᠨ ᠲᠦᠷᠢᠮ ᠢ ᠬᠠᠤᠯᠢ ᠶᠣᠰᠣᠭᠠᠷ ᠪᠠᠶᠢᠭᠤᠯᠵᠤ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠨᠡᠷᠡᠶᠢᠳᠦᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠵᠥᠪᠰᠢᠶᠡᠷᠡᠭᠰᠡᠨ ᠳ᠋ᠤᠭᠠᠷ᠂ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠮᠡᠳᠡᠭᠡ ᠵᠠᠩᠭᠢ᠂ ᠪᠠᠷᠠᠭ᠎ᠠ ᠬᠤᠳᠠᠯᠳᠤᠨ ᠠᠪᠤᠭᠴᠢ ᠶᠢᠨ ᠨᠡᠷᠡᠶᠢᠳᠦᠯ ᠵᠢᠴᠢ ᠲᠡᠭᠦᠨ ᠲᠠᠢ ᠬᠠᠷᠢᠯᠴᠠᠬᠤ ᠠᠷᠭ᠎ᠠ ᠮᠠᠶ᠋ᠢᠭ᠂ ᠡᠵᠡᠩᠨᠡᠭᠰᠡᠨ ᠡᠳᠦᠷ ᠬᠤᠭᠤᠴᠠᠭ᠎ᠠ ᠵᠡᠷᠭᠡ ᠠᠭᠤᠯᠭ᠎ᠠ ᠶᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ᠃ ᠦᠢᠯᠡᠳᠪᠦᠷᠢ ᠠᠴᠠ ᠭᠠᠷᠤᠭᠰᠠᠨ ᠡᠵᠡᠩᠨᠡᠯᠲᠡ ᠶᠢᠨ ᠲᠡᠮᠳᠡᠭᠯᠡᠯ ᠢ ᠠᠳᠠᠭ ᠲᠠᠭᠠᠨ ᠬᠤᠶᠠᠷ ᠵᠢᠯ ᠬᠠᠳᠠᠭᠠᠯᠠᠬᠤ ᠬᠡᠷᠡᠭᠲᠡᠶ᠃     ᠠᠷᠪᠠᠳᠤᠭᠠᠷ ᠵᠦᠢᠯ  ᠦᠢᠯᠡᠳᠪᠦᠷᠢ ᠠᠴᠠ ᠭᠠᠷᠭᠠᠵᠤ ᠪᠣᠷᠣᠯᠠᠭᠤᠯᠬᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠬᠦᠨ ᠳᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠨᠡᠮᠯᠡᠯ ᠢ ᠬᠠᠤᠯᠢ ᠶᠣᠰᠣᠭᠠᠷ ᠳᠠᠭᠠᠯᠳᠤᠭᠤᠯᠵᠤ᠂ ᠲᠠᠨᠢᠯᠴᠠᠭᠤᠯᠤᠨ ᠬᠡᠷᠡᠭᠯᠡᠭᠦᠯᠬᠦ ᠴᠠᠭ ᠵᠡᠷᠭᠡ ᠠᠭᠤᠯᠭ᠎ᠠ ᠶᠢ ᠲᠣᠳᠣᠷᠬᠠᠶ ᠪᠢᠴᠢᠬᠦ ᠬᠡᠷᠡᠭᠲᠡᠶ᠃ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠢᠷᠢ ᠲᠡᠩᠴᠡᠭᠰᠡᠨ ᠦᠨᠡᠮᠯᠡᠯ ᠤᠨ ᠢᠯᠡᠷᠬᠡᠶ ᠭᠠᠵᠠᠷ ᠲᠤ ︽ᠬᠡᠷᠡᠭᠯᠡᠭᠰᠡᠨ ᠤ ᠳᠠᠷᠠᠭ᠎ᠠ ᠡᠭᠡᠭᠦᠯᠦᠨ ᠬᠤᠷᠢᠶᠠᠵᠤ ᠠᠰᠢᠭᠯᠠᠭᠠᠳ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠶ᠎ᠠ︾ ᠭᠡᠰᠡᠨ ᠬᠢᠲᠠᠳ ᠦᠰᠦᠭ ᠢ ᠬᠠᠳᠠᠬᠤ ᠬᠡᠷᠡᠭᠲᠡᠶ ᠃ ᠠᠮᠢᠳᠤ ᠪᠣᠳᠠᠰ ᠤᠨ ᠪᠦᠬᠦ ᠵᠠᠳᠠᠷᠠᠭᠤᠯᠤᠯᠲᠠ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠳᠤ ᠬᠢᠷᠢ ᠲᠡᠩᠴᠡᠭᠰᠡᠨ ᠦᠨᠡᠮᠯᠡᠯ ᠤᠨ ᠢᠯᠡᠷᠬᠡᠶ ᠪᠠᠶᠢᠷᠢᠨ ᠳᠤ ︽ᠠᠮᠢᠳᠤ ᠪᠣᠳᠠᠰ ᠤᠨ ᠪᠦᠬᠦ ᠵᠠᠳᠠᠷᠠᠭᠤᠯᠤᠯᠲᠠ ᠶᠢᠨ ᠨᠢᠮᠭᠡᠨ ᠪᠦᠷᠬᠦᠭᠦᠯ ᠢ ᠬᠡᠷᠡᠭᠯᠡᠬᠦ ᠨᠥᠬᠦᠴᠡᠯ ᠢ ᠠᠩᠬᠠᠷᠬᠤ ᠬᠡᠷᠡᠭᠲᠡᠶ︾ ᠭᠡᠰᠡᠨ ᠥᠰᠥᠭ ᠢ ᠬᠠᠳᠠᠬᠤ ᠬᠡᠷᠡᠭᠲᠡᠶ᠃     ᠠᠷᠪᠠᠨ ᠨᠢᠭᠡᠳᠦᠭᠡᠷ ᠵᠦᠢᠯ  ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠡᠵᠡᠩᠨᠡᠭᠴᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠬᠦᠨ ᠤ ᠪᠣᠭᠤᠳᠠᠯ ᠪᠠᠭᠯᠠᠭ᠎ᠠ᠂ ᠱᠣᠰᠢᠭ᠎ᠠ᠂ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠨ ᠰᠢᠯᠭᠠᠬᠤ ᠬᠡᠷᠡᠭᠲᠡᠶ ᠂ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠳᠤ ᠦᠯᠦ ᠬᠦᠷᠦᠭᠰᠡᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠤᠳᠠᠯᠳᠤᠨ ᠠᠪᠬᠤ ᠪᠠ ᠡᠵᠡᠩᠨᠡᠵᠦ ᠪᠣᠯᠬᠤ ᠦᠭᠡᠢ᠂ ᠲᠠᠷᠢᠶᠠᠯᠠᠩ ᠳᠤ ᠬᠡᠷᠡᠭᠯᠡᠬᠦ ᠪᠤᠰᠤ ᠨᠢᠮᠭᠡᠨ ᠪᠦᠷᠬᠦᠭᠦᠯ ᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠡᠷᠡᠭᠯᠡᠭᠴᠢ ᠳᠤ ᠬᠤᠳᠠᠯᠳᠤᠨ ᠥᠭᠴᠦ ᠪᠣᠯᠬᠤ ᠦᠭᠡᠢ᠃     ᠠᠷᠪᠠᠨ ᠬᠤᠶᠠᠳᠤᠭᠠᠷ ᠵᠦᠢᠯ  ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠡᠵᠡᠩᠨᠡᠭᠴᠢ ᠬᠠᠤᠯᠢ ᠶᠣᠰᠣᠭᠠᠷ ᠡᠵᠡᠩᠨᠡᠯᠲᠡ ᠶᠢᠨ ᠡᠭᠡ ᠲᠠᠩᠰᠠ ᠪᠠᠶᠢᠭᠤᠯᠵᠤ᠂ ᠡᠵᠡᠩᠨᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠨᠡᠷᠡᠶᠢᠳᠦᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ᠂ ᠦᠢᠯᠡᠳᠪᠦᠷᠢᠯᠡᠯ ᠤᠨ ᠪᠡᠶᠡᠴᠢ ᠴᠣᠭᠴᠠ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠪᠠᠷᠠᠭ᠎ᠠ ᠬᠠᠩᠭᠠᠭᠴᠢ ᠶᠢᠨ ᠨᠡᠷᠡᠶᠢᠳᠦᠯ ᠵᠢᠴᠢ ᠲᠡᠭᠦᠨ ᠲᠠᠢ ᠬᠠᠷᠢᠯᠴᠠᠬᠤ ᠠᠷᠭ᠎ᠠ ᠮᠠᠶ᠋ᠢᠭ᠂ ᠪᠠᠷᠠᠭ᠎ᠠ ᠣᠷᠣᠭᠤᠯᠤᠭᠰᠠᠨ ᠡᠳᠦᠷ ᠬᠤᠭᠤᠴᠠᠭ᠎ᠠ ᠵᠡᠷᠭᠡ ᠠᠭᠤᠯᠭ᠎ᠠ ᠶᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ᠃ ᠡᠵᠡᠩᠨᠡᠯᠲᠡ ᠶᠢᠨ ᠡᠭᠡ ᠲᠡᠩᠰᠠ ᠶᠢ ᠠᠳᠠᠭ ᠲᠠᠭᠠᠨ ᠬᠤᠶᠠᠷ ᠵᠢᠯ ᠬᠠᠳᠠᠭᠠᠯᠠᠬᠤ ᠬᠡᠷᠡᠭᠲᠡᠶ᠃     ᠠᠷᠪᠠᠨ ᠭᠤᠷᠪᠠᠳᠤᠭᠠᠷ ᠵᠦᠢᠯ  ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠭᠴᠢ ᠬᠡᠷᠡᠭᠯᠡᠬᠦ ᠭᠠᠵᠠᠷ ᠤᠨ ᠪᠠᠶᠢᠭ᠎ᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠳᠤ ᠬᠦᠷᠴᠦ ᠪᠦᠷᠢᠳᠬᠡᠨ ᠲᠡᠮᠳᠡᠭᠯᠡᠵᠦ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠤᠳᠠᠯᠳᠤᠨ ᠠᠪᠤᠭᠰᠠᠨ ᠵᠠᠮ ᠮᠥᠷ᠂ ᠪᠦᠷᠬᠦᠭᠦᠯ ᠭᠠᠵᠠᠷ ᠵᠢᠴᠢ ᠭᠠᠳᠠᠷᠭᠤ ᠶᠢᠨ ᠲᠠᠯᠠᠪᠠᠶ᠂ ᠬᠠᠷᠢᠯᠴᠠᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠨᠠᠷᠢᠨ ᠲᠡᠮᠳᠡᠭᠯᠡᠵᠦ᠂ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠭᠰᠡᠨ ᠤ ᠳᠠᠷᠠᠭ᠎ᠠ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠴᠠᠭ ᠲᠤᠬᠠᠶ ᠳᠤᠨᠢ ᠴᠡᠪᠡᠷᠯᠡᠨ ᠡᠭᠡᠭᠦᠯᠦᠨ ᠬᠤᠷᠢᠶᠠᠬᠤ᠂ ᠪᠦᠷᠬᠦᠭᠦᠯ ᠲᠠᠢ ᠲᠠᠷᠢᠶᠠᠯᠠᠬᠤ᠂ ᠳᠤᠷ᠎ᠠ ᠪᠠᠷ ᠢᠶᠠᠨ ᠬᠠᠶᠠᠬᠤ᠂ ᠪᠤᠯᠠᠬᠤ ᠪᠤᠶᠤ ᠬᠡᠭᠡᠷ᠎ᠡ ᠭᠠᠳᠠᠨ᠎ᠠ ᠲᠠᠷᠢᠶᠠᠨ ᠭᠠᠵᠠᠷ ᠲᠤ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠭᠰᠡᠨ ᠲᠡᠮᠳᠡᠭᠯᠡᠯ ᠢ ᠨᠠᠭᠠᠳᠤ ᠵᠠᠬ᠎ᠠ ᠳᠠᠭᠠᠨ ᠬᠤᠶᠠᠷ ᠵᠢᠯ ᠬᠠᠳᠠᠭᠠᠯᠠᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠬᠡᠷᠡᠭᠲᠡᠶ᠃     ᠠᠷᠪᠠᠨ ᠳᠥᠷᠪᠡᠳᠦᠭᠡᠷ ᠵᠦᠢᠯ  ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠡᠷᠡᠭᠯᠡᠯᠲᠡ ᠶᠢ ᠡᠵᠡᠮᠳᠡᠬᠦ ᠶᠢ ᠴᠢᠩᠭᠠᠳᠬᠠᠵᠤ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠵᠣᠬᠢᠴᠠᠬᠤ ᠴᠢᠨᠠᠷ ᠤᠨ ᠪᠦᠷᠬᠦᠭᠦᠯ ᠤᠨ ᠦᠨᠡᠯᠡᠯᠲᠡ ᠶᠢ ᠥᠷᠨᠢᠭᠦᠯᠵᠦ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠡᠷᠡᠭᠯᠡᠭᠴᠢ ᠳᠤ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠬᠠᠩᠭᠠᠵᠤ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠦᠷᠬᠦᠭᠦᠯ ᠢ ᠣᠷᠣᠯᠠᠭᠤᠯᠬᠤ ᠮᠡᠷᠭᠡᠵᠢᠯ ᠪᠠ ᠦᠢᠯᠡᠳᠬᠦᠨ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠵᠣᠷᠢᠭᠵᠢᠭᠤᠯᠤᠨ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃     ᠭᠤᠷᠪᠠᠳᠤᠭᠠᠷ ᠪᠦᠯᠦᠭ  ᠡᠭᠡᠭᠦᠯᠦᠨ ᠬᠤᠷᠢᠶᠠᠬᠤ ᠪᠠ ᠲᠠᠬᠢᠨ ᠠᠰᠢᠭᠯᠠᠬᠤ     ᠠᠷᠪᠠᠨ ᠲᠠᠪᠤᠳᠤᠭᠠᠷ ᠵᠦᠢᠯ  ᠪᠦᠬᠦ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠢᠯᠠᠯ ᠳᠤ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠢᠲᠡᠭᠡᠮᠵᠢᠲᠦ ᠵᠢᠭᠡᠯᠡᠯᠭᠡ ᠵᠡᠷᠭᠡ ᠲᠠᠯ᠎ᠠ ᠪᠠᠷ ᠬᠠᠷᠠᠭᠠᠯᠵᠠᠯ ᠦᠵᠡᠭᠦᠯᠬᠦ ᠪᠤᠶᠤ ᠪᠡᠯᠡ ᠮᠥᠩᠭᠦᠨ ᠤ ᠨᠥᠬᠦᠪᠥᠷᠢ ᠥᠭᠬᠦ ᠬᠡᠷᠡᠭᠲᠡᠶ᠃ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠭᠦᠯ ᠢ ᠲᠠᠬᠢᠨ ᠠᠰᠢᠭᠯᠠᠬᠤ ᠠᠵᠢᠯ ᠢ ᠡᠷᠬᠢᠯᠡᠵᠦ ᠪᠠᠶᠢᠭ᠎ᠠ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠢ ᠲᠡᠳᠬᠦᠨ ᠲᠡᠮᠵᠢᠨ᠎ᠠ᠃     ᠠᠷᠪᠠᠨ ᠵᠢᠷᠭᠤᠳᠤᠭᠠᠷ ᠵᠦᠢᠯ  ᠪᠦ᠋ᠬᠦ ᠬᠤᠳᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠮᠠᠰᠢᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢ ᠬᠥᠷᠲᠡᠭᠡᠭᠰᠡᠨ ᠰᠠᠭᠤᠷᠢᠨ ᠳᠡᠭᠡᠷ᠎ᠡ᠂ ᠣᠷᠣᠨ ᠨᠤᠲᠤᠭ ᠤᠨ ᠴᠢᠨᠠᠷᠲᠠᠶ ᠨᠥᠬᠦᠪᠥᠷᠢ ᠶᠢᠨ ᠡᠷᠴᠢᠮ ᠢ ᠪᠠᠰᠠ ᠵᠣᠬᠢᠬᠤ ᠬᠡᠮᠵᠢᠶ᠎ᠡ ᠪᠠᠷ ᠴᠢᠩᠭᠠᠷᠠᠭᠤᠯᠬᠤ ᠬᠡᠷᠡᠭᠲᠡᠶ᠃ ᠲᠠᠷᠢᠶᠠᠯᠠᠩ ᠳᠤ ᠬᠤᠯᠪᠣᠭᠳᠠᠬᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠠᠳᠠᠯᠢ ᠨᠥᠬᠦᠴᠡᠯ ᠤᠨ ᠳᠣᠤᠷ᠎ᠠ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠪᠠᠷᠢᠮᠵᠢᠶᠠᠲᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠤᠷᠢᠳᠠᠪᠠᠷ ᠬᠤᠳᠠᠯᠳᠤᠨ ᠠᠪᠬᠤ ᠬᠡᠷᠡᠭᠲᠡᠶ᠃     ᠠᠷᠪᠠᠨ ᠳᠣᠯᠣᠳᠤᠭᠠᠷ ᠵᠦᠢᠯ  ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠪᠦᠷᠬᠦᠭᠦᠯᠬᠦ᠂ ᠨᠢᠭᠡᠳᠦᠯᠲᠡᠶ ᠡᠭᠡᠭᠦᠯᠦᠨ ᠬᠤᠷᠢᠶᠠᠬᠤ ᠶᠢ ᠥᠷᠨᠢᠭᠦᠯᠦᠭᠰᠡᠨ ᠲᠠᠷᠢᠮᠠᠯ ᠤᠨ ᠲᠣᠮᠣ ᠡᠷᠦᠬᠡ᠂ ᠲᠤᠰᠬᠠᠶ ᠠᠵᠢᠯ ᠤᠨ ᠬᠤᠷᠰᠢᠶ᠎ᠠ ᠵᠡᠷᠭᠡ ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠡᠳ᠋ᠰᠢᠭᠦᠯᠬᠦ ᠠᠵᠤ ᠠᠬᠤᠶᠢᠯᠠᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠨ ᠪᠣᠷᠣᠯᠠᠭᠤᠯᠬᠤ ᠴᠡᠭ᠂ ᠬᠠᠶᠠᠭᠳᠠᠮᠠᠯ ᠡᠳ᠋ ᠢ ᠬᠤᠳᠠᠯᠳᠤᠨ ᠠᠪᠬᠤ ᠴᠡᠭ ᠵᠡᠷᠭᠡ ᠶᠢ ᠢᠳᠡᠪᠬᠢᠲᠡᠶ ᠪᠠᠷ ᠵᠣᠬᠢᠴᠠᠭᠤᠯᠤᠨ ᠬᠤᠳᠠᠯᠳᠤᠨ ᠠᠪᠬᠤ ᠲᠣᠤᠷ ᠴᠡᠭ ᠪᠠᠶᠢᠭᠤᠯᠵᠤ᠂ ᠭᠠᠴᠠᠭ᠎ᠠ ᠲᠣᠰᠬᠤᠨ ᠳᠤ ︽ᠲᠤᠰᠬᠠᠶ ᠬᠥᠮᠦᠨ ᠲᠠᠢ᠂ ᠲᠠᠯᠠᠪᠤᠷ ᠭᠠᠵᠠᠷ ᠲᠠᠢ᠂ ᠮᠠᠰᠢᠨ ᠪᠠᠭᠠᠵᠢ ᠲᠠᠢ︾ ︽ᠭᠤᠷᠪᠠ ᠶᠢ ᠪᠦᠷᠢᠯᠳᠦᠭᠦᠯᠦᠭᠰᠡᠨ︾ ᠬᠤᠳᠠᠯᠳᠤᠨ ᠠᠪᠬᠤ ᠲᠣᠤᠷ ᠴᠡᠭ ᠪᠠᠶᠢᠭᠤᠯᠬᠤ ᠶᠢ ᠦᠨᠡᠨᠬᠦ ᠪᠠᠲᠤᠯᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠪᠡᠶᠡᠯᠡᠭᠦᠯᠬᠦ ᠬᠡᠷᠡᠭᠲᠡᠶ᠃     ᠠᠷᠪᠠᠨ ᠨᠠᠢᠮᠠᠳᠤᠭᠠᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠲᠠᠷᠢᠶᠠᠨ ᠭᠠᠵᠠᠷ ᠠᠴᠠ ᠰᠠᠯᠭᠠᠬᠤ ᠠᠷᠭ᠎ᠠ ᠬᠡᠮᠵᠢᠶ᠎ᠡ ᠠᠪᠬᠤ ᠯᠤᠭ᠎ᠠ ᠬᠠᠷᠢᠯᠴᠠᠨ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠲᠤᠭᠲᠠᠭᠠᠬᠤ ᠬᠡᠷᠡᠭᠲᠡᠢ᠃     ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠠᠶᠠᠭᠳᠠᠮᠠᠯ ᠬᠠᠭᠤᠴᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠶᠢᠨ ᠪᠠᠯᠠ ᠮᠥᠩᠭᠦ ᠴᠤᠭᠯᠠᠭᠤᠯᠬᠤ᠂ ᠲᠥᠰᠦᠪ ᠢ ᠨᠠᠶᠢᠷᠠᠭᠤᠯᠤᠨ ᠵᠣᠬᠢᠶᠠᠬᠤ ᠪᠠ ᠪᠠᠯᠠ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃     ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠬᠠᠶᠠᠭᠳᠠᠮᠠᠯ ᠬᠠᠭᠤᠴᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠢ ᠣᠷᠴᠢᠯ ᠠᠵᠤ ᠠᠬᠤᠶ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠬᠤ ᠶᠢᠨ ᠬᠠᠮᠲᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠬᠡᠷᠡᠭᠲᠡᠶ᠃     ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ 0.015mm ᠵᠢᠴᠢ ᠲᠡᠭᠦᠨ ᠠᠴᠠ ᠳᠡᠭᠡᠭᠰᠢᠬᠢ ᠵᠤᠵᠠᠭᠠᠨ ᠪᠥᠭᠡᠳ ᠥᠨᠳᠥᠷ ᠳᠠᠭᠠᠭᠠᠴᠠ ᠲᠠᠢ ᠰᠦᠯᠢᠶᠣᠣ ᠪᠦᠷᠬᠦᠪᠴᠢ ᠪᠠ ᠠᠮᠢᠳᠤ ᠪᠣᠳᠠᠰ ᠤᠨ ᠪᠥᠬᠦ ᠵᠠᠳᠠᠷᠠᠭᠤᠯᠤᠯᠲᠠ ᠶᠢᠨ ᠰᠦᠯᠢᠶᠣᠣ ᠪᠦᠷᠬᠦᠪᠴᠢ ᠶᠢ ᠬᠡᠷᠡᠭᠯᠡᠭᠰᠡᠨ ᠬᠡᠷᠡᠭᠯᠡᠭᠴᠢ ᠳᠤ ᠪᠠᠯᠠ ᠮᠥᠩᠭᠦ ᠶᠢᠨ ᠨᠥᠬᠦᠪᠥᠷᠢ ᠤᠯᠭᠤᠬᠤ ᠬᠡᠷᠡᠭᠲᠡᠢ᠃     ᠠᠷᠪᠠ ᠶᠢᠰᠦᠳᠦᠭᠡᠷ ᠵᠦᠢᠯ  ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠶᠢᠯᠠᠯ ᠨᠢ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠯᠦᠭᠡ ᠬᠠᠶᠠᠭᠳᠠᠮᠠᠯ ᠬᠠᠭᠤᠴᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠬᠤ᠂ ᠡᠬᠢ ᠪᠠᠶᠠᠯᠢᠭᠵᠢᠭᠤᠯᠤᠨ ᠠᠰᠢᠭᠯᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠬᠠᠶᠠᠭᠳᠠᠮᠠᠯ ᠬᠠᠭᠤᠴᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠬᠤ ᠬᠡᠮᠵᠢᠶ᠎ᠡ᠂ ᠡᠭᠡᠭᠦᠯᠦᠨ ᠬᠤᠷᠢᠶᠠᠬᠤ ᠪᠠᠷᠢᠮᠵᠢᠶ᠎ᠠ᠂ ᠡᠭᠡᠭᠦᠯᠦᠨ ᠬᠤᠷᠢᠶᠠᠬᠤ ᠦᠨ᠎ᠡ ᠬᠠᠩᠰᠢ ᠵᠢᠴᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠬᠡᠷᠡᠭᠲᠡᠶ᠃     ᠬᠤᠷᠢᠳᠤᠭᠠᠷ ᠵᠦᠢᠯ  ᠡᠭᠡᠭᠦᠯᠦᠨ ᠬᠤᠷᠢᠶᠠᠬᠤ ᠠᠵᠤ ᠠᠬᠤᠶᠢᠯᠠᠯ ᠨᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠪᠠᠷ ᠥᠨᠳᠥᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠠᠨ ᠮᠡᠷᠭᠡᠰᠢᠯ᠂ ᠲᠤᠨᠤᠭ ᠲᠥᠬᠦᠭᠡᠷᠦᠮᠵᠢ ᠶᠢ ᠬᠡᠷᠡᠭᠯᠡᠵᠦ᠂ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠭᠦᠯ ᠢ ᠪᠣᠯᠪᠠᠰᠤᠷᠠᠭᠤᠯᠤᠨ ᠠᠰᠢᠭᠯᠠᠵᠤ᠂ ᠶᠡᠷᠦᠩᠬᠡᠶᠢᠯᠡᠨ ᠠᠰᠢᠭᠯᠠᠬᠤ ᠪᠠ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃     ᠳᠥᠷᠪᠡᠳᠦᠭᠡᠷ ᠪᠦᠯᠦᠭ  ᠬᠢᠨᠠᠯᠲᠠ ᠲᠠᠯᠪᠢᠵᠤ ᠪᠠᠶᠢᠴᠠᠭᠠᠬᠤ ᠪᠠ ᠰᠢᠳᠬᠡᠬᠦ     ᠬᠤᠷᠢᠨ ᠨᠢᠭᠡᠳᠦᠭᠡᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠡᠵᠡᠩᠨᠡᠬᠦ᠂ ᠬᠡᠷᠡᠭᠯᠡᠬᠦ ᠪᠠ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠭᠦᠯ ᠢ ᠬᠤᠷᠢᠶᠠᠨ ᠠᠪᠬᠤ᠂ ᠪᠣᠯᠪᠠᠰᠤᠷᠠᠭᠤᠯᠬᠤ ᠲᠠᠯᠠᠪᠤᠷ ᠭᠠᠵᠠᠷ ᠲᠤ ᠬᠠᠤᠯᠢ ᠶᠣᠰᠣᠭᠠᠷ ᠪᠠᠶᠢᠴᠠᠭᠠᠯᠲᠠ ᠬᠢᠵᠦ ᠪᠣᠯᠤᠨ᠎ᠠ᠃ ᠬᠤᠳᠠᠯᠳᠤᠨ ᠠᠪᠬᠤ ᠪᠠ ᠡᠵᠡᠩᠨᠡᠬᠦ ᠨᠢ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠨᠡᠶᠢᠴᠡᠬᠦ ᠥᠬᠡᠶ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠮᠠᠭᠤ ᠦᠢᠯᠡᠳᠬᠦᠨ ᠳᠤ ᠴᠣᠬᠢᠯᠲᠠ ᠥᠭᠬᠦ ᠶᠢ ᠲᠤᠰᠬᠠᠶᠢᠯᠠᠨ ᠵᠠᠰᠠᠬᠤ ᠬᠡᠪᠴᠢᠶᠡᠨ ᠳᠤ ᠣᠷᠣᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ ᠪᠠ ᠡᠵᠡᠩᠨᠡᠯᠲᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃     ᠬᠤᠷᠢᠨ ᠬᠤᠶᠠᠳᠤᠭᠠᠷ ᠵᠦᠢᠯ  ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠪᠥᠭᠡᠭᠡᠨᠡᠷᠡᠯ ᠡᠲ᠋ᠧᠨ ᠢ ᠦᠯᠢᠶᠡᠨ ᠱᠤᠭᠤᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠭᠠᠳᠠᠷᠭᠤ ᠶᠢᠨ ᠪᠦᠷᠬᠦᠴᠡ ᠶᠢᠨ ᠨᠢᠮᠭᠡᠨ ᠪᠦᠷᠬᠦᠭᠦᠯ︾ ︵GB 13735 — 2017︶ ᠳᠤ ᠥᠯᠥ ᠨᠡᠶᠢᠴᠡᠬᠦ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠭᠦᠯ ᠤᠨ ᠦᠢᠯᠡᠳᠪᠦᠷᠢᠯᠡᠯ ᠤᠨ ᠠᠵᠤ ᠠᠬᠤᠶᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠤᠯᠤᠰ ᠠᠴᠠ ᠢᠯᠡ ᠪᠠᠷ ᠵᠠᠷᠯᠢᠭᠳᠠᠨ ᠴᠠᠭᠠᠵᠠᠯᠠᠭᠰᠠᠨ ᠪᠤᠶᠤ ᠡᠵᠡᠩᠨᠡᠯᠲᠡ ᠶᠢ ᠨᠢ ᠵᠣᠭᠰᠣᠭᠠᠭᠰᠠᠨ ᠪᠠᠶᠢᠪᠠᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠠᠤᠯᠢ ᠠᠴᠠ ᠵᠥᠷᠢᠴᠡᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠤᠯᠢ ᠶᠣᠰᠣᠭᠠᠷ ᠢᠲᠡᠭᠡᠮᠵᠢ ᠶᠢᠨ ᠢᠯᠡ ᠨᠡᠶᠢᠲᠡᠯᠡᠬᠦ ᠰᠢᠰᠲ᠋ᠧᠮ ᠳᠤ ᠣᠷᠣᠭᠤᠯᠵᠤ᠂ ᠢᠲᠡᠭᠡᠮᠵᠢ ᠶᠢᠨ ᠵᠡᠷᠭᠡ ᠳᠡᠰ ᠢ ᠪᠠᠭᠤᠷᠠᠭᠤᠯᠬᠤ ᠬᠡᠷᠡᠭᠲᠡᠶ᠃ ᠴᠠᠬᠢᠮ ᠬᠤᠳᠠᠯᠳᠤᠭᠠᠨ ᠤ ᠶᠠᠪᠤᠳᠠᠯ ᠪᠤᠶᠤ ᠰᠦᠯᠵᠢᠶᠡᠨ ᠤ ᠠᠷᠠᠯᠵᠢᠶ᠎ᠠ ᠶᠢᠨ ᠲᠠᠪᠴᠠᠩ ᠢᠶᠠᠷ ᠳᠡᠮᠵᠢᠨ ᠬᠢᠷᠢ ᠲᠡᠩᠴᠡᠭᠦ ᠥᠬᠡᠶ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠬᠦᠨ ᠢ ᠣᠷᠣᠭᠤᠯᠬᠤ ᠳᠤ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ ︽ᠰᠦᠯᠵᠢᠶᠡᠨ ᠤ ᠠᠷᠠᠯᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃     ᠬᠤᠷᠢᠨ ᠭᠤᠷᠪᠠᠳᠤᠭᠠᠷ ᠵᠦᠢᠯ  ᠶᠠᠮᠠᠷᠪᠠ ᠠᠵᠤ ᠠᠬᠤᠶᠢᠯᠠᠯ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ ᠬᠤᠳᠠᠯ ᠢᠶᠠᠷ ᠮᠡᠳᠡᠭᠦᠯᠵᠦ᠂ ᠬᠠᠭᠤᠷᠮᠠᠭᠯᠠᠨ ᠮᠡᠬᠡᠯᠡᠨ ᠠᠪᠴᠤ ᠪᠣᠯᠬᠤ ᠦᠭᠡᠢ᠃ ᠡᠳ᠋ ᠤᠨ ᠵᠠᠰᠠᠭ ᠤᠨ ᠨᠥᠬᠦᠪᠥᠷᠢ ᠶᠢ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠠᠭᠠᠵᠠᠯᠠᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠬᠦ ᠶᠢᠨ ᠬᠠᠮᠲᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠬᠤᠷᠢᠨ ᠳᠥᠷᠪᠡᠳᠦᠭᠡᠷ ᠵᠦᠢᠯ  ᠲᠦᠷᠦ ᠶᠢᠨ ᠠᠵᠢᠯᠳᠠᠨ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠭᠦᠯ ᠢ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠲᠡᠭᠦᠨ ᠤ ᠠᠵᠢᠯᠯᠠᠵᠤ ᠪᠠᠶᠢᠭ᠎ᠠ ᠨᠢᠭᠡᠴᠡ ᠪᠤᠶᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠬᠤᠷᠢᠨ ᠲᠠᠪᠤᠳᠤᠭᠠᠷ ᠵᠦᠢᠯ  ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠶᠢ ᠬᠡᠷᠡᠭᠯᠡᠭᠴᠢ ︽ᠬᠡᠨ ᠬᠡᠷᠡᠭᠯᠡᠪᠡᠯ ᠬᠡᠨ ᠴᠡᠪᠡᠷᠯᠡᠬᠦ᠂ ᠬᠡᠨ ᠪᠣᠬᠢᠷᠲᠤᠭᠤᠯᠪᠠᠯ ᠬᠡᠨ ᠵᠠᠰᠠᠬᠤ︾ ᠲᠣᠭᠲᠠᠭᠠᠯ ᠶᠣᠰᠣᠭᠠᠷ ᠲᠠᠷᠢᠶᠠᠯᠠᠩ ᠳᠤ ᠬᠡᠷᠡᠭᠯᠡᠬᠦ ᠬᠠᠶᠠᠭᠳᠠᠮᠠᠯ ᠬᠠᠭᠤᠴᠢᠨ ᠨᠢᠮᠭᠡᠨ ᠪᠦᠷᠬᠦᠭᠦᠯ ᠶᠢ ᠬᠤᠷᠢᠶᠠᠨ ᠠᠪᠤᠭᠰᠠᠨ ᠦᠭᠡᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠨᠠᠶᠠᠨ ᠨᠠᠢᠮᠠᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠳᠬᠡᠨ᠎ᠡ᠃     ᠲᠠᠪᠤᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ     ᠬᠤᠷᠢᠨ ᠵᠢᠷᠭᠤᠳᠤᠭᠠᠷ ᠵᠦᠢᠯ  ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃    
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ