ᠬᠤᠲᠠ ᠶᠢᠨ ᠵᠠᠰᠠᠭ ᠤᠨ ᠣᠷᠳᠣᠨ 2022 ᠣᠨ ᠤ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/29
     3 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ 2022 ᠣᠨ ᠤ ᠵᠢᠷᠭᠤᠳᠤᠭᠠᠷ ᠤᠳᠠᠭ᠎ᠠ ᠶᠢᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠤᠯᠠᠭᠠᠨᠬᠠᠳᠠ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ︵2021 — 2025︶︾ ᠵᠡᠷᠭᠡ 10 ᠵᠦᠢᠯ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠲᠥᠯᠥᠪᠵᠢᠭᠦᠯᠭᠡ᠂ ︽ᠤᠯᠠᠭᠠᠨᠬᠠᠳᠠ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵2021 — 2025 ᠣᠨ︶︾᠂ ︽ᠤᠯᠠᠭᠠᠨᠬᠠᠳᠠ ᠬᠤᠲᠠ ᠶᠢᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠡᠷᠡᠭᠵᠢᠭᠦᠯᠬᠦ ᠰᠠᠨᠠᠯ︾᠂ ︽ᠦᠨᠳᠦᠰᠦᠨ ᠱᠠᠲᠤᠨ ᠤ ᠭᠠᠯ ᠰᠡᠷᠭᠡᠶᠢᠯᠡᠵᠦ ᠤᠨᠲᠠᠷᠠᠭᠠᠬᠤ ᠵᠠᠰᠠᠯᠲᠠ ᠶᠢᠨ ᠠᠵᠢᠯ ᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠢ ᠬᠢᠨᠠᠨ ᠵᠥᠪᠯᠡᠭᠰᠡᠨ ᠪᠦᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ ᠤᠯᠠᠭᠠᠨᠬᠠᠳᠠ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ᠃ ᠳᠤᠮᠳᠠ ᠲᠣᠭᠤᠷᠢᠯ ᠵᠠᠮ᠂ ᠬᠠᠰ ᠯᠤᠤ ᠶᠡᠭᠡ ᠵᠡᠭᠡᠯᠢ᠂ ᠸᠠᠩ ᠤᠨ ᠬᠤᠷᠤᠭ᠎ᠠ ᠶᠡᠭᠡ ᠵᠡᠭᠡᠯᠢ ᠶᠢ ᠶᠡᠷᠦᠩᠬᠡᠶᠢᠯᠡᠨ ᠥᠭᠡᠷᠡᠴᠢᠯᠡᠨ ᠵᠠᠰᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ ᠨᠢ ᠡᠯ᠎ᠡ ᠲᠦᠷᠦᠯ ᠤᠨ ᠦᠢᠯᠡᠰ ᠢ ᠬᠦᠳᠦᠯᠦᠨ ᠳᠠᠭᠠᠭᠤᠯᠵᠤ ᠲᠦᠷᠭᠡᠨ ᠤᠷᠤᠭᠰᠢᠯᠠᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠥᠯᠥᠪᠵᠢᠭᠦᠯᠭᠡ ᠶᠢᠨ ᠠᠭᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠲᠠ ᠬᠠᠮᠵᠢᠯᠴᠠᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠯᠥᠪᠵᠢᠭᠦᠯᠭᠡ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠥᠯᠥᠪᠵᠢᠭᠦᠯᠭᠡ ᠪᠠᠷ ᠭᠠᠷᠳᠠᠴᠠ ᠪᠣᠯᠭᠠᠵᠤ᠂ ᠴᠢᠬᠤᠯᠠ ᠶᠡᠭᠡ ᠲᠦᠷᠦᠯ ᠵᠦᠢᠯ ᠤᠨ ᠬᠥᠮᠥᠷᠭᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠪᠣᠳᠠᠲᠠᠶᠢᠵᠢᠭᠤᠯᠵᠤ᠂ ᠰᠢᠯᠢᠳᠡᠭᠵᠢᠭᠦᠯᠵᠦ᠂ ᠲᠦᠷᠦᠯ ᠵᠦᠢᠯ ᠤᠨ ᠲᠤᠯᠭᠠᠭᠤᠷᠢᠯᠠᠬᠤ ᠴᠢᠳᠠᠪᠤᠷᠢ ᠪᠣᠯᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠪᠠᠷᠢᠮᠲᠠᠯᠠᠵᠤ᠂ ᠲᠡᠭᠦᠨ ᠢ ᠵᠠᠰᠠᠭ ᠤᠨ ᠣᠷᠳᠣᠨ ᠤ ᠠᠵᠢᠯ ᠤᠨ ᠪᠦᠬᠦ ᠬᠦᠷᠢᠶ᠎ᠠ᠂ ᠡᠯ᠎ᠡ ᠭᠤᠭᠴᠤᠭ᠎ᠠ ᠳᠤ ᠲᠤᠤᠱᠯᠠᠭᠤᠯᠤᠨ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠡᠭᠦᠷᠭᠡ ᠴᠢᠳᠠᠪᠬᠢ ᠨᠢ ᠰᠢᠨᠵᠢᠯᠡᠬᠦ ᠤᠬᠠᠭᠠᠨᠴᠢ᠂ ᠡᠷᠬᠡ ᠬᠠᠷᠢᠭᠤᠴᠠᠯᠭ᠎ᠠ ᠨᠢ ᠬᠠᠤᠯᠢ ᠪᠠᠷ ᠲᠣᠭᠲᠠᠭᠠᠭᠰᠠᠨ᠂ ᠬᠠᠤᠯᠢ ᠬᠡᠷᠡᠭᠵᠢᠭᠦᠯᠬᠦ ᠳᠡᠭᠡᠨ ᠲᠥᠪ ᠴᠢᠩᠭ᠎ᠠ᠂ ᠢᠯᠡ ᠲᠣᠳᠣ ᠲᠥᠪ ᠭᠤᠣᠯᠴᠢ᠂ ᠣᠶᠤᠨᠴᠢ ᠥᠨᠳᠥᠷ ᠦᠷ᠎ᠡ ᠠᠰᠢᠭᠲᠠᠢ᠂ ᠠᠷᠢᠭᠤᠨ ᠴᠢᠬᠡᠴᠢ ᠦᠨᠡᠨᠴᠢ ᠢᠲᠡᠭᠡᠮᠵᠢᠲᠡᠢ᠂ ᠠᠷᠠᠳ ᠲᠦᠮᠡᠨ ᠳᠤ ᠬᠠᠨᠤᠮᠵᠢᠲᠠᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ︽ᠭᠠᠵᠠᠷ ᠤᠨ ᠦᠨ᠎ᠡ ᠶᠢ ᠲᠣᠭᠲᠠᠭᠤᠨ ᠪᠠᠶᠢᠯᠭᠠᠵᠤ᠂ ᠭᠡᠷ ᠪᠠᠶᠢᠰᠢᠩ ᠤᠨ ᠦᠨ᠎ᠡ ᠶᠢ ᠲᠣᠭᠲᠠᠭᠤᠨ ᠪᠠᠶᠢᠯᠭᠠᠵᠤ᠂ ᠬᠠᠨᠳᠤᠰᠢ ᠶᠢ ᠲᠣᠭᠲᠠᠭᠤᠨ ᠪᠠᠶᠢᠯᠭᠠᠬᠤ︾ ᠪᠣᠯ ︽ᠭᠡᠷ ᠪᠠᠶᠢᠰᠢᠩ ᠢ ᠰᠠᠭᠤᠬᠤ ᠠᠴᠠ ᠪᠢᠰᠢ ᠰᠠᠷᠢᠭᠠᠯᠠᠬᠤ ᠦᠭᠡᠶ︾ ᠪᠠᠶᠢᠷᠢ ᠲᠣᠭᠲᠠᠭᠠᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠪᠠᠲᠤᠯᠠᠬᠤ ᠶᠢ ᠨᠠᠶᠢᠳᠠᠪᠤᠷᠢᠵᠢᠭᠤᠯᠬᠤ ᠤᠷᠲᠤ ᠬᠤᠭᠤᠴᠠᠭᠠᠨ ᠤ ᠡᠭᠦᠷᠭᠡ ᠮᠥᠨ᠃ ᠬᠤᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠴᠠᠭ ᠲᠤᠨᠢ ᠲᠣᠬᠢᠷᠠᠭᠤᠯᠤᠯᠲᠠ ᠬᠢᠬᠦ ᠬᠡᠷᠡᠭᠲᠡᠶ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ︽ᠤᠯᠠᠨ ᠪᠡᠶᠡᠴᠢ ᠴᠣᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠶᠠᠪᠤᠭᠳᠠᠭᠤᠯᠬᠤ︾ ᠣᠷᠣᠨ ᠰᠠᠭᠤᠴᠠ ᠶᠢᠨ ᠲᠦᠷᠢᠮ ᠢ ᠪᠠᠶᠢᠭᠤᠯᠬᠤ ᠶᠢ ᠠᠬᠢᠭᠤᠯᠤᠨ᠂ ᠬᠤᠳᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠦᠨᠳᠦᠰᠦᠨ ᠱᠠᠲᠤᠨ ᠤ ᠭᠠᠯ ᠰᠡᠷᠭᠡᠶᠢᠯᠡᠵᠦ ᠤᠨᠲᠠᠷᠠᠭᠠᠬᠤ ᠵᠠᠰᠠᠯᠲᠠ ᠶᠢᠨ ᠠᠵᠢᠯ ᠢ ᠴᠢᠩᠭᠠᠳᠬᠠᠬᠤ ᠪᠣᠯ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠩᠭᠠᠳᠬᠠᠬᠤ ᠴᠢᠬᠤᠯᠠ ᠠᠭᠤᠯᠭ᠎ᠠ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠦᠨᠳᠦᠰᠦᠨ ᠱᠠᠲᠤᠨ ᠤ ᠭᠠᠯ ᠰᠡᠷᠭᠡᠶᠢᠯᠡᠵᠦ ᠤᠨᠲᠠᠷᠠᠭᠠᠬᠤ ᠬᠦᠴᠦᠨ ᠤ ᠠᠵᠢᠯᠯᠠᠭᠠᠨ ᠤ ᠬᠠᠮᠢᠶᠠᠷᠤᠯᠲᠠ ᠪᠠ ᠬᠥᠭᠵᠢᠯᠲᠡ ᠳᠤ ᠬᠦᠴᠦᠲᠡᠶ ᠲᠥᠷᠥ ᠶᠢᠨ ᠪᠣᠳᠣᠯᠭ᠎ᠠ ᠪᠠ ᠡᠳ᠋ ᠤᠨ ᠵᠠᠰᠠᠭ ᠤᠨ ᠳᠡᠮᠵᠢᠯᠭᠡ ᠬᠠᠩᠭᠠᠵᠤ᠂ ᠦᠨᠳᠦᠰᠦᠨ ᠱᠠᠲᠤᠨ ᠤ ᠭᠠᠯ ᠰᠡᠷᠭᠡᠶᠢᠯᠡᠵᠦ ᠤᠨᠲᠠᠷᠠᠭᠠᠬᠤ ᠵᠠᠰᠠᠯᠲᠠ ᠶᠢᠨ ᠠᠵᠢᠯ ᠤᠨ ᠪᠥᠬᠦ ᠲᠠᠯ᠎ᠠ ᠪᠠᠷ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠪᠠᠲᠤᠯᠠᠨ᠂ ᠪᠥᠬᠦ ᠬᠤᠲᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃      ᠬᠤᠲᠠ ᠶᠢᠨ ᠳᠡᠳ᠋ ᠳᠠᠷᠤᠭ᠎ᠠ ᠱᠧᠩ ᠰᠢᠶᠣᠣ ᠶᠢᠦ᠂ ᠰᠦᠨ ᠬᠠᠶ ᠲᠤᠤ᠂ ᠭᠦᠸᠧ ᠰᠢ᠂ ᠶᠠᠩ ᠮᠥ᠂ ᠮᠧᠩ ᠰᠢᠶᠤᠤ ᠪᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ