ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2022/4/1
      ᠭᠤᠣᠯ ᠡᠭᠦᠷᠭᠡ ᠬᠠᠷᠢᠭᠤᠴᠠᠯᠭ᠎ᠠ᠄       ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠠᠷᠠᠳ ᠤᠨ ᠶᠠᠪᠤᠳᠠᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠠᠢ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄       ᠪᠦᠬᠦ ᠬᠤᠳᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠪᠣᠲᠠᠲᠠᠶᠢᠵᠢᠭᠤᠯᠤᠨ᠎ᠠ᠃       ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠲᠠᠩᠰᠠᠯᠠᠨ ᠬᠠᠮᠢᠶᠠᠷᠬᠤ ᠪᠠ ᠬᠢᠨᠠᠵᠤ ᠪᠠᠶᠢᠴᠠᠭᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠬᠤᠲᠠ ᠶᠢᠨ ᠲᠣᠰ ᠱᠠᠲᠤᠨ ᠤ ᠰᠢᠭᠤᠳ ᠳᠡᠩᠰᠡᠯᠡᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃       ᠪᠥᠬᠦ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ︵ᠡᠮᠴᠢᠯᠡᠭᠡᠨ ᠤ ᠠᠪᠤᠷᠠᠨ ᠲᠤᠰᠠᠯᠠᠬᠤ ᠶᠢ ᠪᠠᠭᠲᠠᠭᠠᠬᠤ ᠥᠬᠡᠶ᠂ ᠳᠣᠷᠣᠭᠰᠢ ᠠᠳᠠᠯᠢ︶ ᠶᠢᠨ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠦᠷᠦᠭᠦᠯᠡᠨ ᠲᠣᠭᠲᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂  ᠠᠮᠢᠳᠤᠷᠠᠬᠤ ᠠᠷᠭ᠎ᠠ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃       ᠪᠦᠬᠦ ᠬᠤᠳᠠ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃       ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠷᠭ᠎ᠠ ᠶᠢ ᠲᠤᠭᠤᠷᠪᠢᠨ ᠲᠣᠭᠲᠠᠭᠠᠵᠤ᠂ ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠤᠪᠢᠷᠠᠭᠤᠯᠤᠯᠲᠠ ᠶᠢ ᠬᠢᠨᠠᠨ ᠬᠠᠷᠭᠤᠭᠤᠯᠬᠤ ᠪᠠ ᠡᠷᠡᠮᠡᠯᠵᠡᠯᠡᠨ ᠮᠡᠳᠡᠭᠦᠯᠬᠦ  ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠪᠦᠬᠦ ᠬᠤᠲᠠ ᠶᠢᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ  ᠠᠵᠢᠯ ᠢ ᠬᠠᠷᠢᠭᠤᠴᠠᠨ᠎ᠠ᠃      ᠪᠥᠬᠦ ᠬᠤᠲᠠ ᠶᠢᠨ ᠣᠷᠤᠭ ᠤᠨ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠭᠤᠤᠯᠯᠠᠨ ᠬᠠᠮᠢᠶᠠᠷᠴᠤ᠂ ᠣᠷᠤᠭ  ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃     ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡ ᠶᠢ ᠵᠢᠷᠤᠮᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃     ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠠᠰᠠᠷᠠᠮᠵᠢ ᠪᠠ  ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃     ᠪᠥᠬᠦ ᠬᠤᠲᠠ ᠶᠢᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠰᠠᠷᠠᠮᠵᠢ ᠶᠢᠨ ᠲᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃     ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠦᠨ᠎ᠠ᠃     ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠠᠰᠠᠷᠠᠮᠵᠢ ᠶᠢᠨ ᠰᠤᠭᠤᠯᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠪᠦᠬᠦ ᠬᠤᠳᠠ ᠶᠢᠨ ᠨᠡᠶᠢᠭᠡᠮ ᠤᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠪᠠ ᠠᠵᠢᠯ ᠮᠡᠷᠭᠡᠵᠢᠯ ᠤᠨ ᠵᠢᠷᠤᠮᠵᠢᠯ ᠢ ᠲᠣᠭᠲᠠᠭᠠᠵᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃     ᠠᠷᠠᠳ ᠤᠨ ᠶᠠᠪᠤᠳᠠᠯ ᠤᠨ ᠰᠢᠰᠲ᠋ᠧᠮ ᠤᠨ  ᠨᠡᠶᠢᠭᠡᠮ ︵ᠬᠡᠦᠬᠡᠳ︶ ᠤᠨ ᠠᠰᠠᠷᠠᠮᠵᠢ ᠶᠢᠨ ᠬᠦᠷᠢᠶᠡᠯᠡᠩ᠂ ᠨᠠᠰᠤᠲᠠᠨ ᠤ ᠠᠰᠠᠷᠠᠮᠵᠢ ᠶᠢᠨ ᠬᠦᠷᠢᠶᠡᠯᠡᠩ᠂ ᠣᠷᠣᠰᠢᠭᠤᠯᠭ᠎ᠠ ᠶᠢᠨ ᠭᠠᠵᠠᠷ᠂ ᠠᠰᠠᠷᠠᠮᠵᠢ ᠶᠢᠨ ᠠᠵᠤ ᠠᠬᠤᠶᠢᠯᠠᠯ ᠵᠡᠷᠭᠡ ᠠᠶᠤᠯ ᠥᠭᠡᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃          ᠬᠠᠷᠢᠭᠤᠴᠠᠯᠭᠠᠲᠠᠨ᠄ ᠬᠤᠪᠢᠰᠬᠠᠯᠲᠤ          ᠠᠵᠢᠯᠯᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠢᠦᠶ ᠯᠦᠩ ᠶᠡᠭᠡ ᠵᠡᠭᠡᠯᠢ ᠶᠢᠨ ᠬᠤᠲᠠ ᠶᠢᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠠᠰᠠᠷ ᠤᠨ D ᠰᠠᠭᠤᠳᠠᠯ ᠤᠨ 7 ᠳ᠋ᠤᠭᠠᠷ ᠠᠰᠠᠷ      ᠬᠠᠷᠢᠯᠴᠠᠬᠤ ᠠᠷᠭ᠎ᠠ ᠬᠡᠯᠪᠡᠷᠢ᠄ 0476 — 8334252   0476 — 882080      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ                    ᠦᠳᠡ ᠶᠢᠨ ᠡᠮᠦᠨᠡᠬᠢ 8᠄ 30 — 12᠄ 00᠂                    ᠦᠳᠡ ᠶᠢᠨ ᠬᠤᠶᠢᠨᠠᠬᠢ 2᠄ 30 — 5᠄ 30᠃ ︵ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ