ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2022/4/11
  ᠭᠤᠣᠯ ᠡᠭᠦᠷᠭᠡ ᠬᠠᠷᠢᠭᠤᠴᠠᠯᠭ᠎ᠠ᠄    ᠪᠦᠬᠦ ᠬᠤᠳᠠ ᠶᠢᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠲᠤᠭᠤᠷᠪᠢᠨ ᠲᠣᠭᠲᠠᠭᠠᠵᠤ᠂ ᠭᠠᠳᠠᠭᠠᠳᠤ ᠶᠢᠨ ᠤᠶᠤᠨ ᠤ ᠴᠢᠳᠠᠪᠬᠢ ᠶᠢ ᠣᠷᠣᠭᠤᠯᠤᠨ ᠠᠪᠴᠢᠷᠠᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃  ᠤᠯᠤᠰ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠲᠠ ᠶᠢᠨ ᠲᠣᠰ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠶᠢᠨ ᠪᠥᠲᠥᠭᠡᠨ ᠪᠠᠶᠢᠭᠤᠯᠤᠯᠲᠠ ᠶᠢ ᠬᠠᠷᠢᠭᠤᠴᠠᠨ᠎ᠠ᠃    ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠨᠢᠭᠡᠳᠦᠯᠲᠡᠶ ᠲᠠᠪᠴᠠᠩ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ  ᠵᠦᠢᠯ ᠤᠨ ᠪᠠᠯᠠ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠴᠢᠯᠡᠭᠰᠡᠨ ᠣᠷᠣᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ᠪᠦᠬᠦ ᠬᠤᠳᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ  ᠳᠡᠭᠡᠭᠰᠢᠯᠡᠭᠦᠯᠦᠨ᠎ᠡ᠃    ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ‌‍ᠤ ᠡᠩᠨᠡᠭᠡᠨ‌‍ᠤ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃    ᠪᠥᠬᠦ ᠬᠤᠲᠠ ᠶᠢᠨ ᠰᠠᠭᠤᠷᠢ ᠰᠤᠳᠤᠯᠤᠯ᠂ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠪᠠ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠯᠠᠭᠠᠨᠬᠠᠳᠠ ᠬᠤᠲᠠ ᠶᠢᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠬᠥᠭᠵᠢᠯᠲᠡ ᠶᠢᠨ ᠠᠯᠤᠰ ᠬᠡᠲᠦ ᠶᠢᠨ ᠴᠢᠨᠠᠷᠲᠠᠶ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃    ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠡᠷᠭᠡ ᠬᠦᠷᠢᠶᠡᠨ ᠳᠠᠬᠢ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠦᠷᠦᠭᠦᠯᠡᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠶᠢᠨ ᠬᠥᠭᠵᠢᠯᠲᠡ ᠶᠢ ᠵᠣᠭᠢᠶᠠᠨ ᠪᠠᠶᠢᠭᠤᠯᠵᠤ ᠵᠢᠯᠣᠭᠤᠳᠤᠨ᠎ᠠ᠃    ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠭᠡᠨ ᠤ ᠦᠨᠡᠯᠡᠯᠲᠡ ᠵᠢᠴᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠥᠷᠥᠯ ᠵᠦᠢᠯ ᠪᠠ ᠣᠶᠤᠨ ᠤ ᠣᠷᠣᠭᠤᠯᠤᠯᠲᠠ ᠶᠢᠨ ᠦᠷ᠎ᠡ ᠪᠦᠲᠦᠭᠡᠯ ᠢ ᠦᠨᠡᠯᠡᠨ ᠵᠢᠱᠢᠬᠦ ᠪᠠ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃    ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯ ᠢ ᠵᠣᠭᠢᠶᠠᠨ ᠪᠠᠶᠢᠭᠤᠯᠵᠤ ᠵᠢᠯᠣᠭᠤᠳᠤᠨ᠎ᠠ  ᠃    ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠡᠭᠦᠷᠭᠡ ᠴᠢᠳᠠᠪᠤᠷᠢ ᠶᠢᠨ ᠬᠤᠪᠢᠷᠠᠯᠲᠠ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠳᠠ ᠶᠢ ᠮᠠᠨᠳᠤᠭᠤᠯᠬᠤ᠂ ᠴᠢᠳᠠᠪᠤᠷᠢᠲᠠᠨ ᠢᠶᠠᠷ ᠬᠤᠳᠠ ᠶᠢ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠵᠤ᠂ ᠰᠢᠯᠢᠳᠡᠭᠵᠢᠭᠦᠯᠵᠦ ᠂ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠢᠮ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠷᠸ᠎ᠠ ᠬᠠᠮᠢᠶᠠᠷᠤᠯᠲᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠢᠴᠢᠯ ᠬᠠᠮᠢᠶᠠᠷᠤᠯᠲᠠ ᠪᠠ ᠪᠣᠳᠠᠲᠠᠶ ᠬᠢᠨᠠᠨ ᠵᠥᠪᠰᠢᠶᠡᠷᠡᠬᠦ ᠵᠦᠢᠯᠡᠰ ᠢ ᠪᠠᠭᠠᠰᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠳᠤᠯᠤᠨ ᠨᠡᠭᠡᠭᠡᠬᠦ ᠬᠠᠮᠢᠶᠠᠷᠤᠯᠲᠠ ᠠᠴᠠ ᠰᠢᠨ᠎ᠡ ᠶᠢ ᠡᠭᠦᠳᠬᠦ ᠦᠢᠯᠡᠴᠢᠯᠡᠭᠡ ᠳᠠᠰᠢ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠲᠦ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠣᠳᠠᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ  ᠵᠦᠢᠯ ᠢ ᠰᠢᠭᠤᠳ ᠬᠠᠮᠢᠶᠠᠷᠬᠤ ᠥᠬᠡᠶ ᠪᠠᠶᠢᠬᠤ ᠶᠢ ᠠᠬᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠲᠥᠷᠥᠯ ᠵᠦᠢᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠲᠣᠭᠲᠠᠭᠠᠬᠤ᠂ ᠲᠥᠷᠥᠯ ᠵᠦᠢᠯ ᠲᠣᠭᠲᠠᠭᠠᠬᠤ᠂ ᠶᠠᠪᠤᠴᠠ ᠶᠢᠨ ᠬᠠᠮᠢᠶᠠᠷᠤᠯᠲᠠ᠂  ᠬᠢᠨᠠᠵᠤ ᠬᠤᠷᠢᠶᠠᠬᠤ ᠵᠡᠷᠭᠡ ᠪᠣᠳᠠᠲᠠᠶ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠳᠣᠭᠢᠷᠠᠭᠤᠯᠬᠤ ᠵᠦᠢᠯᠡᠰ ᠢ ᠳᠠᠭᠢᠵᠤ ᠬᠢᠨᠠᠨ ᠬᠠᠷᠭᠤᠭᠤᠯᠬᠤ ᠥᠬᠡᠶ ᠪᠠᠶᠢᠵᠤ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠬᠤ ᠪᠠᠷ ᠭᠤᠤᠯᠳᠠᠯᠭ᠎ᠠ ᠪᠠᠨ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠬᠠᠯᠠᠨ ᠰᠠᠶᠢᠵᠢᠷᠠᠭᠤᠯᠵᠤ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠣᠷᠣᠨ ᠤ ᠭᠠᠳᠠᠨᠠᠬᠢ ᠣᠶᠤᠨ ᠤ ᠴᠢᠳᠠᠪᠬᠢ ᠶᠢ ᠣᠷᠣᠭᠤᠯᠤᠨ ᠠᠪᠴᠢᠷᠠᠬᠤ ᠠᠵᠢᠯ ᠢ ᠨᠢᠭᠡᠳᠦᠯᠲᠡᠶ ᠲᠥᠯᠦᠪᠵᠢᠭᠦᠯᠦᠨ᠎ᠡ᠃        ᠬᠠᠷᠢᠭᠤᠴᠠᠯᠭᠠᠲᠠᠨ᠄  ᠱᠢ ᠰᠢᠤᠸᠠᠢ ᠸᠧᠨ        ᠠᠵᠢᠯᠯᠠᠬᠤ ᠬᠠᠶ᠋ᠢᠭ᠄    ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ C ᠰᠠᠭᠤᠳᠠᠯ ᠤᠨ 5 ᠳ᠋ᠤᠭᠠᠷ ᠠᠰᠠᠷ    ᠬᠠᠷᠢᠯᠴᠠᠬᠤ ᠬᠡᠯᠪᠡᠷᠢ᠄ 0476-8334662    ᠠᠵᠢᠯᠯᠠᠬᠤ ᠴᠠᠭ᠄    ᠦᠳᠡ ᠶᠢᠨ ᠡᠮᠦᠨ᠎ᠡ᠄ 8᠄ 30 — 12᠄ 00︔    ᠦᠳᠡ ᠶᠢᠨ ᠬᠤᠶᠢᠨ᠎ᠠ᠄ 14᠄ 30 — 17᠄ 30
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ