︽ᠴᠢᠬᠤᠯᠠ ᠦᠭᠡᠢ ᠪᠣᠯ ᠤᠯᠠᠭᠠᠨᠬᠠᠳᠠ ᠠᠴᠠ ᠭᠠᠷᠬᠤ ᠦᠭᠡᠢ︾ 16 — 24 ᠤ ᠡᠳᠦᠷ ᠤᠯᠠᠭᠠᠨᠬᠠᠳᠠ ᠶᠢᠨ ᠥᠨᠳᠦᠷ ᠬᠤᠷᠳᠤᠴᠠᠲᠤ ᠵᠠᠰᠠᠮᠠᠯ ᠵᠠᠮ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2022/4/18
       ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ                                                              ﹇2022﹈ 15 ᠳ᠋ᠤᠭᠠᠷ ᠲᠣᠭᠠᠲᠤ          ᠥᠷᠭᠡᠨ ᠤᠯᠠᠨ ᠬᠤᠳᠠ ᠶᠢᠨ ᠠᠷᠠᠳ ᠤᠨ ᠢᠳᠡᠪᠬᠢᠲᠡᠢ ᠬᠠᠮᠵᠢᠯᠴᠠᠭ᠎ᠠ ᠪᠠᠷ᠂ ᠮᠠᠨ ᠤ ᠬᠤᠳᠠ ᠶᠢᠨ ᠭᠤᠣᠯ ᠬᠤᠳᠠ ᠲᠣᠭᠤᠷᠢᠭ ᠲᠤ ᠬᠢᠭᠰᠡᠨ ᠭᠤᠷᠪᠠᠨ  ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠦᠷ ᠪᠢᠯᠢᠭ ᠴᠢᠨᠠᠷ ᠢᠯᠡᠷᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢᠨ ᠲᠥᠯᠥᠭᠡ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠤᠳᠤᠯᠤᠨ ᠮᠠᠭᠠᠳᠯᠠᠯᠲᠠ ᠪᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠪᠢᠲᠡᠭᠦᠮᠵᠢᠯᠡᠨ ᠬᠢᠵᠠᠭᠠᠷᠯᠠᠬᠤ ᠣᠷᠣᠨ᠂ ᠬᠠᠮᠢᠶᠠᠷᠤᠨ ᠬᠢᠵᠠᠭᠠᠷᠯᠠᠬᠤ ᠣᠷᠣᠨ ᠳᠤ ᠣᠲᠣ ᠶᠢᠨ ᠪᠠᠶᠢᠭ᠎ᠠ ᠪᠢᠲᠡᠭᠦᠮᠵᠢᠯᠡᠨ ᠬᠢᠵᠠᠭᠠᠷᠯᠠᠬᠤ᠂ ᠬᠠᠮᠢᠶᠠᠷᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ ᠪᠤᠰᠤᠳ ᠣᠷᠣᠨ ᠪᠦᠰᠡ ᠳᠤ ᠵᠠᠷᠯᠠᠯ ᠢ ᠨᠡᠶᠢᠲᠡᠯᠡᠭᠰᠡᠨ ᠴᠠᠭ ᠠᠴᠠ ᠡᠬᠢᠯᠡᠨ 4 ᠰᠠᠷ᠎ᠠ ᠶᠢᠨ 24 ᠤ 24 ᠴᠠᠭ ᠪᠣᠯᠲᠠᠯ᠎ᠠ ᠳᠣᠤᠷᠠᠬᠢ ᠮᠡᠲᠦ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠄             ᠨᠢᠭᠡ᠂ ᠤᠯᠠᠭᠠᠨᠬᠠᠳᠠ ᠎ᠳᠤ ᠪᠣᠴᠠᠭᠰᠠᠨ ᠬᠥᠮᠦᠰ ᠢ ᠬᠠᠮᠢᠶᠠᠷᠤᠨ ᠬᠢᠵᠠᠭᠠᠷᠯᠠᠬᠤ ᠶᠢ ᠴᠢᠩᠭᠠᠳᠬᠠᠨ᠎ᠠ        ︵ᠨᠢᠭᠡ︶ ᠤᠯᠠᠭᠠᠨᠬᠠᠳᠠ ᠎ᠳᠤ ᠢᠷᠡᠭᠰᠡᠨ ︵ᠪᠤᠴᠠᠵᠤ ᠢᠷᠡᠭᠰᠡᠨ︶ ᠪᠣᠶ ᠪᠥᠬᠦᠶ ᠬᠥᠮᠦᠰ ᠡᠷᠬᠡᠪᠰᠢ ︽ᠬᠦᠷᠦᠭᠰᠡᠨ ᠭᠠᠵᠠᠷ ᠤᠨ ᠲᠡᠮᠳᠡᠭ︾ ︵ᠠᠷᠤ ᠳᠤ ᠳᠠᠭᠠᠯᠳᠤᠭᠤᠯᠪᠠ︶ ᠢ ᠤᠷᠢᠳᠴᠢᠯᠠᠨ ᠰᠢᠷᠪᠢᠵᠦ ᠪᠦᠷᠢᠳᠬᠡᠨ ᠲᠡᠮᠳᠡᠭᠯᠡᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠤᠯᠠᠭᠠᠨᠬᠠᠳᠠ  ᠳᠤ ᠭᠦᠷᠦᠭᠰᠡᠨ ᠤ ᠳᠠᠷᠠᠭᠠᠬᠢ 12 ᠴᠠᠭ ᠤᠨ ᠳᠣᠲᠣᠷ᠎ᠠ ᠰᠠᠭᠤᠭ᠎ᠠ ᠨᠡᠶᠢᠭᠡᠮ ᠲᠣᠭᠤᠷᠢᠭ ︵ᠲᠣᠰᠬᠤᠨ︶᠂ ᠨᠢᠭᠡᠴᠡ᠂ ᠵᠣᠴᠢᠳ ᠤᠨ ᠪᠠᠭᠤᠳᠠᠯ ︵ᠪᠠᠭᠤᠳᠠᠯ︶ ᠳᠤ ᠮᠡᠳᠡᠭᠦᠯᠦᠨ ᠳᠠᠩᠰᠠᠯᠠᠭᠤᠯᠵᠤ᠂ 24 ᠴᠠᠭ ᠤᠨ ᠳᠣᠲᠣᠷ᠎ᠠ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ  ᠬᠢᠬᠦ ᠶᠢᠨ ᠬᠠᠮᠲᠤ 14 ᠡᠳᠦᠷ ᠤᠨ ᠥᠪᠡᠷ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠡᠷᠡᠭᠲᠡᠢ᠃    ︵ᠬᠤᠶᠠᠷ︶ ᠤᠯᠤᠰ ᠤᠨ ᠳᠣᠲᠣᠭᠠᠳᠤ ᠶᠢᠨ  ᠥᠨᠳᠦᠷ ᠲᠦᠭᠰᠢᠭᠦᠷᠢ ᠲᠠᠢ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠤᠯᠠᠭᠠᠨᠬᠠᠳᠠ ᠎ᠳᠤᠢᠷᠡᠭᠰᠡᠨ ︵ᠪᠤᠴᠠᠵᠤ ᠢᠷᠡᠭᠰᠡᠨ︶ ᠬᠥᠮᠦᠰ ᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠶᠢ ᠬᠡᠷᠡᠭᠵᠢᠭᠦᠯᠵᠦ᠂ 5 ᠤᠳᠠᠭᠠᠨ ᠤ ᠪᠥᠭᠡᠮ ᠬᠦᠴᠢᠯ ᠤᠨ  ᠪᠠᠶᠢᠴᠠᠭᠠᠯᠲᠠ ᠬᠢᠬᠦ ᠶᠢ ᠬᠡᠷᠡᠭᠵᠢᠭᠦᠯᠦᠨ᠎ᠡ ︵1᠂ 4᠂ 7᠂ 10᠂ 14  ᠳ᠋ᠦ᠋ᠭᠡᠷ ᠡᠳᠦᠷ︶᠃         ︵ᠭᠤᠷᠪᠠ︶ ᠤᠯᠤᠰ ᠤᠨ ᠳᠣᠲᠣᠭᠠᠳᠤ ᠶᠢᠨ ᠳᠤᠮᠳᠠ ᠲᠦᠭᠰᠢᠭᠦᠷᠢ ᠲᠠᠢ ᠭᠠᠵᠠᠷ ᠣᠷᠣᠨ ᠵᠢᠴᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠤᠯᠠᠭᠠᠨᠬᠠᠳᠠ ᠎ᠳᠤᠢᠷᠡᠭᠰᠡᠨ ︵ᠪᠤᠴᠠᠵᠤ ᠢᠷᠡᠭᠰᠡᠨ︶ ᠬᠥᠮᠦᠰ ᠲᠤ 14 ᠡᠳᠦᠷ ᠤᠨ ᠬᠡᠷ ᠲᠤᠨᠢ ᠲᠤᠰᠠᠭᠠᠷᠯᠠᠬᠤ ᠶᠢ ᠬᠡᠷᠡᠭᠵᠢᠭᠦᠯᠵᠦ᠂ 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠬᠡᠷᠡᠭᠵᠢᠭᠦᠯᠦᠨ᠎ᠡ ︵1᠂ 4᠂ 7᠂ 10᠂ 14 ᠳ᠋ᠦ᠋ᠭᠡᠷ ᠡᠳᠦᠷ︶᠃ ᠬᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠪᠣᠯ ᠲᠥᠪᠯᠡᠷᠡᠭᠦᠯᠦᠨ ᠲᠤᠰᠠᠭᠠᠷᠯᠠᠬᠤ ᠬᠡᠷᠡᠭᠲᠡᠶ᠃         ︵ᠳᠥᠷᠪᠡ︶  ᠵᠠᠮ ᠮᠦᠷ ᠤᠨ ᠲᠡᠮᠳᠡᠭ ᠨᠢ ᠨᠣᠭᠤᠭᠠᠨ ᠭᠡᠪᠡᠴᠦ ᠣᠳᠣᠨ ᠲᠡᠮᠳᠡᠭ ᠲᠠᠢ ᠤᠯᠠᠭᠠᠨᠬᠠᠳᠠ ᠎ᠳᠤᠢᠷᠡᠭᠰᠡᠨ ︵ᠪᠤᠴᠠᠵᠤ ᠢᠷᠡᠭᠰᠡᠨ︶ ᠬᠥᠮᠦᠰ ᠤᠯᠠᠭᠠᠨᠬᠠᠳᠠ ᠎ᠳᠤ ᠤᠷᠤᠭᠰᠠᠨ ᠴᠠᠭ ᠪᠠ 4 ᠳ᠋ᠦ᠋ᠭᠡᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ  ︵ᠨᠢᠭᠡᠳᠦᠭᠡᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠣᠯᠬᠤ ᠠᠴᠠ ᠡᠮᠦᠨ᠎ᠡ᠂ ᠪᠢᠲᠡᠭᠦᠮᠵᠢᠯᠡᠭᠰᠡᠨ ᠲᠠᠯᠠᠪᠤᠷ ᠪᠠ ᠬᠥᠮᠦᠨ ᠠᠮᠠ ᠨᠢᠭᠲᠠᠷᠠᠭᠰᠠᠨ ᠲᠠᠯᠠᠪᠤᠷ ᠢᠶᠠᠷ ᠣᠷᠣᠵᠤ ᠭᠠᠷᠴᠤ ᠪᠣᠯᠬᠤ ᠥᠬᠡᠶ︶ ᠬᠢᠬᠦ ᠶᠢᠨ ᠬᠠᠮᠲᠤ 14 ᠡᠳᠦᠷ ᠤᠨ ᠥᠪᠡᠷ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠡᠷᠡᠭᠲᠡᠢ᠃         ᠬᠤᠶᠠᠷ᠂ ᠭᠤᠤᠯ ᠬᠤᠲᠠ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ         ︵ᠨᠢᠭᠡ︶ ᠣᠷᠣᠨ ᠤ ᠳᠣᠲᠣᠷᠠᠬᠢ ᠬᠥᠮᠦᠰ ᠤᠨ ᠴᠢᠬᠤᠯᠠ ᠥᠬᠡᠶ ᠪᠣᠯ ᠤᠯᠠᠭᠠᠨᠬᠠᠳᠠ ᠠᠴᠠ ᠭᠠᠷᠬᠤ ᠦᠭᠡᠢ᠂ ᠴᠢᠬᠤᠯᠠ ᠥᠬᠡᠶ ᠪᠣᠯ ᠳᠤᠮᠳᠠ  ᠥᠨᠳᠦᠷ ᠲᠦᠭᠰᠢᠭᠦᠷᠢ ᠲᠠᠢ ᠭᠠᠵᠠᠷ ᠣᠷᠣᠨ ᠳᠤ ᠣᠴᠢᠬᠤ ᠥᠬᠡᠶ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠰᠢᠯᠵᠢᠵᠦ᠂ ᠪᠠᠶᠠᠷ ᠨᠠᠶᠢᠷ ᠢ ᠬᠤᠶᠢᠰᠢᠯᠠᠭᠤᠯᠬᠤ᠂ ᠪᠡᠯᠪᠡᠰᠦᠷᠡᠯ ᠤᠨ ᠶᠠᠪᠤᠳᠠᠯ ᠢ ᠲᠥᠬᠦᠮ ᠪᠣᠯᠭᠠᠬᠤ᠂ ᠳᠠᠶᠢᠯᠠᠯᠭ᠎ᠠ ᠬᠢᠬᠦ ᠥᠬᠡᠶ ᠪᠠᠶᠢᠬᠤ ᠶᠢ ᠪᠠᠷᠢᠮᠲᠠᠯᠠᠵᠤ᠂ ᠣᠪᠣᠭᠠᠷᠠᠬᠤ ᠥᠬᠡᠶ᠂ ᠴᠤᠭᠯᠠᠷᠠᠬᠤ ᠥᠬᠡᠶ᠂ ᠬᠠᠮᠲᠤ ᠬᠤᠭᠤᠯᠠᠯᠠᠬᠤ ᠥᠬᠡᠶ ᠪᠠᠶᠢᠬᠤ ᠶᠢ ᠪᠠᠷᠢᠮᠲᠠᠯᠠᠬᠤ ᠬᠡᠷᠡᠭᠲᠡᠢ᠃         ︵ᠬᠤᠶᠠᠷ︶ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠲᠠᠯᠠᠪᠤᠷ ᠭᠠᠵᠠᠷ ᠤᠨ ᠲᠡᠮᠳᠡᠭ ᠢ ᠪᠠᠶᠢᠴᠠᠭᠠᠨ ᠰᠢᠯᠭᠠᠬᠤ᠂ ᠠᠷᠢᠭᠤᠳᠬᠠᠨ ᠰᠠᠯᠬᠢ ᠨᠡᠪᠲᠡᠷᠡᠭᠦᠯᠬᠦ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠵᠡᠷᠭᠡ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ᠬᠡᠪ ᠤᠨ ᠶᠣᠰᠣᠭᠠᠷ ᠠᠵᠢᠯᠯᠠᠬᠤ ᠪᠠ ᠦᠢᠯᠡᠳᠪᠦᠷᠢᠯᠡᠯ ᠡᠵᠡᠩᠨᠡᠯᠲᠡ ᠪᠠᠨ ᠰᠡᠷᠭᠦᠭᠡᠵᠦ ᠪᠣᠯᠤᠨ᠎ᠠ᠃         ︵ᠭᠤᠷᠪᠠ︶ ᠬᠤᠲᠠ ᠶᠢᠨ ᠳᠣᠲᠣᠷᠠᠬᠢ ᠭᠤᠤᠯ ᠬᠤᠲᠠ ᠲᠣᠭᠤᠷᠢᠭ ᠲᠤ ᠢᠷᠡᠬᠦ ︵ᠪᠤᠴᠠᠬᠤ︶ ᠬᠥᠮᠦᠰ ᠡᠷᠬᠡᠪᠰᠢ 48 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃  ᠭᠤᠣᠯ ᠬᠤᠲᠠ ᠲᠣᠭᠤᠷᠢᠭ ᠠᠴᠠ ᠰᠠᠯᠬᠤ ᠬᠥᠮᠦᠰ ᠡᠷᠬᠡᠪᠰᠢ 48 ᠴᠠᠭ ᠤᠨ ᠳᠣᠲᠣᠷ᠎ᠠ 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠃         ᠭᠤᠷᠪᠠ᠂ ᠭᠤᠣᠯᠳᠠᠯᠭ᠎ᠠ ᠲᠠᠢ ᠭᠤᠭᠴᠤᠭ᠎ᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ         ︵ᠨᠢᠭᠡ︶ ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠭᠢᠨᠳᠠᠨ ᠤ ᠭᠠᠵᠠᠷ ᠵᠡᠷᠭᠡ ᠭᠤᠤᠯᠳᠠᠯᠭ᠎ᠠ ᠲᠠᠢ ᠪᠠᠶᠢᠭᠤᠯᠤᠮᠵᠢ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠦᠨ᠎ᠡ᠃         ︵ᠬᠤᠶᠠᠷ︶ ᠺᠢᠨᠣ᠋ ᠶᠢᠨ ᠣᠷᠳᠤᠨ᠂ ᠮᠦᠽᠧᠶ᠂ ᠨᠣᠮ ᠤᠨ ᠰᠠᠩ᠂ KTV᠂ ᠪᠡᠶ᠎ᠡ ᠴᠢᠭᠢᠷᠠᠭᠵᠢᠭᠤᠯᠬᠤ ᠬᠡᠷ᠂ ᠬᠡᠷ ᠳᠣᠲᠣᠷᠠᠬᠢ ᠤᠮᠪᠠᠯᠲᠠ ᠶᠢᠨ ᠬᠡᠷ᠂ ᠠᠷᠢᠬᠢᠨ ᠪᠠᠭᠠᠷ᠂ ᠤᠬᠢᠶᠠᠯᠭ᠎ᠠ ᠶᠢᠨ ᠲᠥᠪ᠂ ᠰᠢᠲᠠᠷ᠎ᠠ ᠶᠢᠨ ᠬᠡᠷ ᠵᠡᠷᠭᠡ ᠲᠠᠯᠠᠪᠤᠷ ᠵᠢᠴᠢ ᠡᠯ᠎ᠡ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ︵ᠨᠠᠶᠢᠳᠠᠨ ᠬᠥᠮᠦᠵᠢᠭᠦᠯᠬᠦ᠂ ᠨᠠᠶᠢᠳᠠᠨ ᠬᠠᠮᠢᠶᠠᠷᠤᠭᠤᠯᠬᠤ ᠪᠠᠭᠲᠠᠨ᠎ᠠ︶᠂ ᠠᠷᠢᠭᠤᠳᠬᠠᠬᠤ᠂ ᠳᠤᠯᠠᠭᠠᠨ ᠢ ᠬᠡᠮᠵᠢᠬᠦ᠂  ᠲᠠᠯᠠᠪᠤᠷ ᠤᠨ ᠲᠡᠮᠳᠡᠭ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ᠂ ᠬᠡᠮᠵᠢᠶ᠎ᠡ ᠬᠢᠵᠠᠭᠠᠷᠯᠠᠬᠤ ︵ᠬᠠᠮᠤᠭ ᠤᠨ ᠶᠡᠭᠡ ᠭᠥᠯᠢᠶᠡᠨ ᠠᠪᠬᠤ ᠴᠢᠳᠠᠪᠤᠷᠢ ᠶᠢᠨ 50% ᠠᠴᠠ ᠬᠡᠲᠦᠷᠡᠭᠦᠯᠬᠦ ᠥᠬᠡᠶ︶ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠨᠡᠭᠡᠭᠡᠵᠦ ᠪᠣᠯᠤᠨ᠎ᠠ᠃        ︵ᠭᠤᠷᠪᠠ︶ ᠢᠳᠡᠭᠡᠨ ᠤᠮᠳᠠᠭᠠᠨ ᠤ ᠦᠢᠯᠡᠴᠢᠯᠡᠭᠡᠨ ᠤ ᠭᠠᠵᠠᠷ ᠲᠠᠯᠠᠪᠤᠷ ᠨᠢ ᠡᠷᠬᠡᠪᠰᠢ ᠣᠷᠣ ᠠᠯᠤᠰᠯᠠᠨ ᠰᠠᠭᠤᠵᠤ᠂ ᠣᠷᠭᠢᠯ ᠤᠨ ᠦᠶ᠎ᠡ ᠶᠢ ᠵᠥᠷᠢᠭᠦᠯᠦᠨ ᠬᠤᠭᠤᠯᠠ ᠢᠳᠡᠬᠦ ᠶᠢ ᠵᠣᠷᠢᠭᠵᠢᠭᠤᠯᠤᠨ ᠲᠠᠩᠬᠢᠮ ᠤᠨ ᠬᠤᠭᠤᠯᠠ ᠪᠠ ᠰᠣᠯᠢᠯᠴᠠᠭ᠎ᠠ ᠶᠢ ᠪᠠᠭᠠᠰᠬᠠᠵᠤ᠂ ᠬᠤᠭᠤᠯᠠ ᠢᠳᠡᠬᠦ ᠡᠵᠡᠩᠨᠡᠯᠲᠡ ᠶᠢᠨ ᠴᠠᠭ ᠢ ᠪᠣᠭᠤᠨᠢᠰᠬᠠᠬᠤ ᠬᠡᠷᠡᠭᠲᠡᠶ᠃        ︵ᠳᠥᠷᠪᠡ︶ ᠡᠮ ᠤᠨ ᠳᠡᠯᠭᠡᠭᠦᠷ᠂ ᠬᠤᠪᠢ ᠶᠢᠨ ᠡᠮᠴᠢᠯᠡᠭᠡᠨ ᠤ ᠭᠠᠵᠠᠷ᠂ ᠡᠷᠡᠭᠦᠯ ᠬᠠᠮᠠᠭᠠᠯᠠᠯ ᠤᠨ ᠬᠤᠷᠢᠶ᠎ᠠ ᠨᠢ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠨᠢᠶᠠᠨ ᠳᠠᠷᠤᠭᠴᠢ ᠶᠢ ᠡᠰᠡᠷᠭᠦᠴᠡᠬᠦ︾ ᠳᠥᠷᠪᠡᠨ ᠲᠥᠷᠥᠯ ᠤᠨ ᠡᠮ ᠤᠨ ᠵᠦᠢᠯ ᠤᠨ ᠪᠣᠷᠣᠯᠠᠭᠤᠯᠭ᠎ᠠ ᠶᠢᠨ ᠳᠡᠩᠰᠡᠯᠡᠯᠲᠡ ᠶᠢ ᠰᠠᠶᠢᠲᠤᠷ ᠬᠢᠵᠦ᠂ ᠬᠠᠯᠠᠭᠤᠷᠠᠵᠤ ᠪᠠᠶᠢᠭ᠎ᠠ ᠡᠪᠡᠳᠴᠢᠲᠡᠨ ᠢ ᠬᠥᠲᠥᠯᠦᠨ ᠵᠢᠯᠣᠭᠤᠳᠴᠤ  ᠬᠠᠯᠠᠭᠤᠷᠠᠯ ᠤᠨ ᠡᠭᠦᠳᠡᠨ ᠡᠮᠨᠡᠯᠭᠡ ᠳᠤ ᠡᠮᠨᠡᠭᠦᠯᠬᠦ ᠬᠡᠷᠡᠭᠲᠡᠶ᠃         ︵ᠲᠠᠪᠤ︶ ᠶᠠᠷᠢᠶᠠᠨ ᠤ ᠲᠠᠪᠴᠠᠩ᠂ ᠪᠣᠯᠪᠠᠰᠤᠷᠠᠭᠤᠯᠤᠯ᠂ ᠳᠡᠯᠭᠡᠨ ᠪᠣᠷᠣᠯᠠᠭᠤᠯᠬᠤ᠂ ᠴᠤᠭᠯᠠᠭ᠎ᠠ ᠮᠠᠶᠢᠮᠠᠶ᠂ ᠰᠦᠮ᠎ᠡ ᠶᠢᠨ ᠴᠤᠭᠯᠠᠭᠠᠨ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠦᠨᠡᠨᠬᠦ ᠡᠷᠭᠢᠯᠡᠬᠦ ᠴᠢᠬᠤᠯᠠ ᠲᠠᠢ ᠪᠣᠯ᠂ ︽ᠬᠡᠨ ᠡᠷᠭᠢᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠡᠪᠴᠢᠶ᠎ᠡ ᠶᠢ ᠪᠠᠭᠠᠰᠬᠠᠨ᠂ ᠬᠥᠮᠦᠨ ᠤ ᠲᠤᠭ᠎ᠠ ᠶᠢ ᠬᠢᠵᠠᠭᠠᠷᠯᠠᠵᠤ᠂ 50 ᠠᠴᠠ ᠳᠡᠭᠡᠭᠰᠢᠬᠢ ᠬᠥᠮᠦᠨ ᠤ ᠠᠵᠢᠯᠯᠠᠭ᠎ᠠ ᠶᠢ ᠬᠠᠷᠢᠶ᠎ᠠ ᠭᠠᠵᠠᠷ ᠤᠨ ᠵᠢᠯᠣᠭᠤᠳᠬᠤ ᠭᠠᠵᠠᠷ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠰᠡᠷᠭᠡᠶᠢᠯᠡᠨ ᠬᠢᠵᠠᠭᠠᠷᠯᠠᠬᠤ ᠲᠥᠰᠦᠯ ᠲᠣᠭᠲᠠᠭᠠᠨ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃         ︵ᠵᠢᠷᠭᠤᠭ᠎ᠠ︶ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠨᠢ ᠬᠠᠷᠢᠶ᠎ᠠ ᠭᠠᠵᠠᠷ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠷ ᠳᠡᠮᠵᠢᠨ ᠰᠤᠷᠭᠠᠭᠤᠯᠢ ᠳᠠᠷᠠᠭᠠᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠳᠤ ᠨᠡᠶᠢᠴᠡᠬᠦ ᠶᠢ ᠰᠤᠳᠤᠯᠤᠨ ᠮᠠᠭᠠᠳᠯᠠᠯᠲᠠ ᠬᠢᠭᠰᠡᠨ ᠤ  ᠳᠠᠷᠠᠭ᠎ᠠ᠂ ᠰᠦᠯᠵᠢᠶᠡᠨ ᠠᠴᠠ ᠭᠠᠳᠠᠭᠤᠷᠬᠢ ᠵᠢᠭᠠᠨ ᠰᠤᠷᠭᠠᠯᠲᠠ ᠶᠢ ᠡᠮᠬᠢ ᠵᠢᠷᠤᠮ ᠲᠠᠢ ᠪᠠᠷ ᠰᠡᠷᠭᠦᠭᠡᠵᠦ ᠪᠣᠯᠤᠨ᠎ᠠ᠂ ᠡᠷᠬᠡᠪᠰᠢ ︽ᠬᠤᠶᠠᠷ ᠲᠥᠰᠦᠯ ᠶᠢᠰᠦᠨ ᠲᠦᠷᠢᠮ︾᠂ ᠳᠤᠯᠠᠭᠠᠨ ᠢ ᠬᠡᠮᠵᠢᠬᠦ᠂ ᠪᠥᠭᠡᠮ ᠬᠦᠴᠢᠯ ᠤᠨ ᠦᠷ᠎ᠡ ᠳ᠋ᠦᠩ ᠢ ᠬᠠᠷᠭᠤᠭᠤᠯᠤᠨ ᠪᠠᠶᠢᠴᠠᠭᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃         ︵ᠳᠣᠯᠤᠭ᠎ᠠ︶ ᠰᠢᠤᠳᠠᠨ ᠤ ᠵᠦᠢᠯ ᠲᠦᠷᠭᠡᠨ ᠬᠦᠷᠭᠡᠯᠲᠡ ᠶᠢᠨ ᠵᠦᠢᠯ ᠤᠨ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠬᠤᠲᠠ ᠶᠢᠨ ᠲᠣᠭᠤᠷᠢᠭ ᠲᠤ ᠤᠷᠤᠭᠰᠠᠨ ᠪᠣᠶ ᠪᠥᠬᠦᠶ ᠰᠢᠤᠳᠠᠨ ᠤ ᠵᠦᠢᠯ  ᠲᠦᠷᠭᠡᠨ ᠬᠦᠷᠭᠡᠯᠲᠡ ᠶᠢᠨ ᠵᠦᠢᠯ ᠳᠤ ᠠᠷᠢᠭᠤᠳᠬᠠᠵᠤ ᠤᠰᠠᠳᠬᠠᠬᠤ ᠵᠡᠷᠭᠡ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠥᠷᠭᠡᠨ ᠤᠯᠠᠨ ᠬᠤᠳᠠ ᠶᠢᠨ ᠠᠷᠠᠳ ᠬᠢᠯᠢ ᠶᠢᠨ ᠭᠠᠳᠠᠨ᠎ᠠ ᠵᠢᠴᠢ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠡᠳ᠋ ᠪᠣᠳᠠᠰ ᠢᠯᠡᠭᠡᠬᠦ ᠳᠡᠭᠡᠨ ᠪᠣᠯᠭᠤᠮᠵᠢᠲᠠᠶ ᠪᠠᠶᠢᠵᠤ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠲᠦᠷᠭᠡᠨ ᠬᠦᠷᠭᠡᠯᠲᠡ ᠶᠢᠨ ᠪᠣᠭᠤᠳᠠᠯ ᠢ ᠭᠥᠯᠢᠶᠡᠨ ᠠᠪᠬᠤ ᠳᠠᠭᠠᠨ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠪᠠ ᠠᠮᠠᠪᠴᠢ ᠵᠡᠭᠦᠵᠦ᠂ ᠰᠢᠭᠤᠳ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠶ᠃ ᠲᠦᠷᠭᠡᠨ ᠬᠦᠷᠭᠡᠯᠲᠡ ᠶᠢᠨ ᠵᠦᠢᠯ  ᠢ ᠬᠤᠷᠢᠶᠠᠭᠰᠠᠨ ᠤ ᠳᠠᠷᠠᠭ᠎ᠠ ᠪᠣᠭᠤᠳᠠᠯ ᠢ ᠳᠠᠷᠦ᠋ᠢᠬᠠᠨ ᠠᠷᠢᠭᠤᠳᠬᠠᠵᠤ᠂ ᠰᠢᠢᠳᠪᠦᠷᠢᠯᠡᠵᠦ ᠪᠠᠷᠠᠭᠰᠠᠨ ᠤ ᠳᠠᠷᠠᠭ᠎ᠠ ᠭᠠᠷ ᠢᠶᠠᠨ ᠤᠬᠢᠶᠠᠬᠤ ᠬᠡᠷᠡᠭᠲᠡᠶ᠂ ᠭᠠᠷ ᠢᠶᠠᠷ ᠢᠶᠠᠨ ᠨᠢᠳᠦ᠂ ᠬᠠᠮᠠᠷ᠂ ᠠᠮᠠ ᠵᠡᠷᠭᠡ ᠨᠡᠶᠢᠯᠡᠮᠡᠯ ᠪᠦᠷᠬᠦᠪᠴᠢ ᠶᠢᠨ ᠬᠡᠰᠡᠭ ᠲᠤ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠶ᠃         ︵ᠨᠠᠢᠮᠠ︶ ᠡᠯ᠎ᠡ ᠲᠥᠷᠥᠯ ᠤᠨ ᠲᠦᠭᠰᠢᠭᠦᠷᠢ ᠲᠠᠢ ᠠᠵᠢᠯ ᠮᠡᠷᠭᠡᠵᠢᠯ ᠤᠨ ᠬᠥᠮᠦᠰ ᠲᠤ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠪᠠ ᠣᠯᠠᠨ ᠭᠠᠵᠠᠷ  ᠠᠴᠠ ᠬᠥᠨᠳᠡᠵᠦ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠤᠨ ᠱᠠᠭᠠᠷᠳᠠᠯᠭ᠎ᠠ ᠪᠠ ᠬᠠᠷᠢᠶ᠎ᠠ ᠭᠠᠵᠠᠷ ᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠬᠢᠷᠠᠭᠤᠯᠤᠯᠲᠠ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃         ᠳᠥᠷᠪᠡ᠂ ᠵᠠᠮ ᠬᠠᠷᠢᠯᠴᠠᠭᠠᠨ ᠤ ᠬᠠᠮᠢᠶᠠᠷᠤᠨ ᠬᠢᠵᠠᠭᠠᠷᠯᠠᠬᠤ ᠪᠠ ᠬᠢᠨᠠᠨ ᠬᠡᠮᠵᠢᠬᠦ ᠶᠢ ᠴᠢᠩᠭᠠᠳᠬᠠᠨ᠎ᠠ         ︵ᠨᠢᠭᠡ︶ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠡᠵᠡᠩᠨᠡᠯᠲᠡ ᠪᠠᠨ ᠰᠡᠷᠭᠦᠭᠡᠵᠦ ᠪᠣᠯᠤᠨ᠎ᠠ᠂ ᠠᠵᠢᠯᠯᠠᠭᠰᠠᠳ ᠨᠢ ᠡᠷᠬᠡᠪᠰᠢ ᠭᠤᠷᠪᠠᠨ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠵᠤ᠂ ᠡᠵᠡᠩᠨᠡᠯᠲᠡ ᠶᠢᠨ ᠬᠤᠭᠤᠴᠠᠭᠠᠨ ᠤ ᠪᠥᠬᠦ ᠶᠠᠪᠤᠴᠠ ᠳᠤ ᠡᠮᠴᠢᠯᠡᠭᠡᠨ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠵᠡᠭᠦᠬᠦ ᠶᠢᠨ ᠬᠠᠮᠲᠤ ᠠᠶᠠᠨᠴᠢᠳ ᠢ  ᠺᠣᠳ᠋ ᠰᠢᠷᠪᠢᠬᠦ  ᠶᠢ ᠴᠢᠩᠭ᠎ᠠ ᠱᠠᠭᠠᠷᠳᠠᠵᠤ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠨᠡᠶᠢᠲᠡ ᠶᠢᠨ ᠮᠠᠰᠢᠨ ᠲᠡᠷᠭᠡᠨ ᠤ ᠠᠶᠠᠨᠴᠢᠳ ᠲᠡᠭᠡᠭᠡᠬᠦ ᠨᠤᠷᠮ᠎ᠠ ᠶᠢ 50% ᠶᠢᠨ ᠳᠣᠲᠣᠷ᠎ᠠ ᠬᠢᠵᠠᠭᠠᠷᠯᠠᠬᠤ ᠬᠡᠷᠡᠭᠲᠡᠶ᠃         ︵ᠬᠤᠶᠠᠷ︶ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ᠂ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ᠠᠶᠠᠯᠠᠯ ᠪᠠ ᠲᠡᠷᠭᠡ ᠨᠡᠪᠲᠡᠷᠡᠬᠦ ᠶᠢ ᠡᠮᠬᠢ ᠵᠢᠷᠤᠮ ᠲᠠᠢ ᠪᠠᠷ  ᠰᠡᠷᠭᠦᠭᠡᠵᠦ ᠪᠣᠯᠤᠨ᠎ᠠ ᠃         ︵ᠭᠤᠷᠪᠠ︶ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂  ᠥᠨᠳᠦᠷ ᠬᠤᠷᠳᠤᠴᠠᠲᠤ ᠵᠠᠰᠠᠮᠠᠯ ᠵᠠᠮ᠂ ᠤᠯᠤᠰ ᠮᠤᠵᠢ ᠶᠢᠨ ᠭᠤᠤᠯ ᠵᠠᠮ᠂ ᠰᠢᠶᠠᠨ ᠰᠢᠶᠠᠩ ᠤᠨ ᠵᠠᠮ ᠵᠡᠷᠭᠡ ᠵᠠᠬ᠎ᠠ ᠳᠡᠯᠭᠡᠭᠦᠷ ᠲᠤ ᠣᠷᠣᠬᠤ ᠭᠠᠵᠠᠷ ᠲᠤ ᠴᠥᠮ ᠬᠢᠵᠢᠭ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠪᠠᠶᠢᠭᠤᠯᠵᠤ᠂ ︽ᠬᠦᠷᠦᠭᠰᠡᠨ ᠭᠠᠵᠠᠷ ᠤᠨ ᠲᠡᠮᠳᠡᠭ︾ ︽ᠲᠠᠯᠠᠪᠤᠷ ᠭᠠᠵᠠᠷ ᠤᠨ ᠲᠡᠮᠳᠡᠭ︾ ᠢ ᠰᠢᠷᠪᠢᠬᠦ ᠶᠢ ᠵᠣᠬᠢᠶᠠᠨ ᠪᠠᠶᠢᠭᠤᠯᠵᠤ᠂ ᠢᠷᠡᠭᠰᠡᠨ ᠬᠥᠮᠦᠰ ᠲᠤ ᠦᠨ᠎ᠡ ᠲᠥᠯᠥᠪᠦᠷᠢ ᠥᠬᠡᠶ ᠪᠠᠷ ᠪᠥᠭᠡᠮ ᠬᠦᠴᠢᠯ ᠤᠨ ᠪᠠᠶᠢᠴᠠᠭᠠᠯᠲᠠ ᠪᠠ ᠥᠳᠥᠭᠡᠭᠴᠢ ᠶᠢᠨ ᠪᠠᠶᠢᠴᠠᠭᠠᠨ ᠬᠡᠮᠵᠢᠯᠲᠡ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠵᠠᠮ ᠮᠦᠷ ᠤᠨ ᠲᠡᠮᠳᠡᠭ ᠵᠥᠪᠬᠡᠨ ︽ᠤᠯᠠᠭᠠᠨᠬᠠᠳᠠ︾ ᠣᠷᠣᠨ  ᠢᠯᠡᠷᠡᠵᠦ  ᠪᠠᠶᠢᠭ᠎ᠠ ᠬᠥᠮᠦᠰ ᠰᠢᠭᠤᠳ  ᠬᠤᠲᠠ ᠳᠤ ᠣᠷᠣᠵᠤ ᠪᠣᠯᠤᠨ᠎ᠠ᠃         ︵ᠳᠥᠷᠪᠡ︶ ᠵᠠᠮ ᠮᠦᠷ ᠤᠨ ᠲᠡᠮᠳᠡᠭ ᠨᠢ ᠨᠣᠭᠤᠭᠠᠨ ᠭᠡᠪᠡᠴᠦ ᠣᠳᠣᠨ ᠲᠡᠮᠳᠡᠭ ᠲᠠᠢ ᠪᠠᠷᠠᠭᠠᠨ ᠤ ᠲᠡᠷᠭᠡ ᠶᠢᠨ ᠵᠢᠯᠣᠭᠤᠴᠢ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂  ᠴᠡᠭ ᠠᠴᠠ ᠴᠡᠭ ᠲᠤ ᠰᠢᠭᠤᠳ ᠲᠡᠭᠡᠭᠡᠪᠦᠷᠢᠯᠡᠨ᠎ᠡ᠂ ᠲᠡᠷᠭᠡ ᠬᠥᠰᠬᠡ ᠵᠣᠷᠢᠭᠰᠠᠨ ᠭᠠᠵᠠᠷ ᠲᠠᠭᠠᠨ ᠬᠦᠷᠬᠦ ᠠᠴᠠ 24 ᠴᠠᠭ ᠤᠨ ᠡᠮᠦᠨ᠎ᠡ᠂ ᠪᠠᠷᠠᠭ᠎ᠠ ᠭᠥᠯᠢᠶᠡᠨ ᠠᠪᠬᠤ ᠨᠢᠭᠡᠴᠡ ᠳᠤ ᠰᠠᠨᠠᠭᠠᠴᠢᠯᠠᠭ᠎ᠠ ᠠᠴᠠ ᠪᠠᠨ ᠲᠡᠷᠭᠡᠨ ᠨᠣᠮᠧᠷ᠂ ᠬᠦᠷᠴᠦ ᠢᠷᠡᠬᠦ ᠪᠠᠷ ᠲᠥᠯᠥᠪᠯᠡᠭᠰᠡᠨ ᠴᠠᠭ ᠬᠤᠭᠤᠴᠠᠭ᠎ᠠ ᠵᠢᠴᠢ ᠵᠢᠯᠣᠭᠤᠴᠢ ᠠᠵᠢᠯᠲᠠᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ ᠵᠡᠷᠭᠡ ᠮᠡᠳᠡᠭᠡ ᠵᠠᠩᠭᠢ ᠪᠠᠨ ᠮᠡᠳᠡᠭᠦᠯᠵᠦ᠂ ᠪᠠᠷᠠᠭ᠎ᠠ ᠭᠥᠯᠢᠶᠡᠨ ᠠᠪᠬᠤ ᠨᠢᠭᠡᠴᠡ ᠠᠴᠠ ᠬᠠᠷᠢᠶ᠎ᠠ ᠭᠠᠵᠠᠷ ᠤᠨ ᠨᠡᠶᠢᠭᠡᠮ ᠲᠣᠭᠤᠷᠢᠭ ︵ᠲᠣᠰᠬᠤᠨ︶ ᠲᠤ ᠮᠡᠳᠡᠭᠦᠯᠬᠦ ᠬᠡᠷᠡᠭᠲᠡᠶ᠃ ᠠᠴᠢᠶᠠᠨ ᠤ ᠮᠠᠰᠢᠨ ᠲᠡᠷᠭᠡ ᠵᠣᠷᠢᠭᠰᠠᠨ ᠭᠠᠵᠠᠷ ᠤᠨ  ᠥᠨᠳᠦᠷ ᠬᠤᠷᠳᠤᠴᠠᠲᠤ ᠵᠠᠰᠠᠮᠠᠯ ᠵᠠᠮ ᠤᠨ ᠣᠷᠣᠵᠤ ᠭᠠᠷᠬᠤ ᠭᠠᠵᠠᠷ ᠵᠡᠷᠭᠡ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠲᠤ ᠬᠦᠷᠬᠦ ᠳᠤ᠂ ᠪᠠᠷᠠᠭ᠎ᠠ ᠬᠤᠷᠢᠶᠠᠵᠤ ᠲᠠᠷᠬᠠᠭᠠᠬᠤ ᠨᠢᠭᠡᠴᠡ ᠪᠤᠶᠤ ᠬᠠᠷᠢᠶ᠎ᠠ ᠭᠠᠵᠠᠷ ᠤᠨ ᠨᠡᠶᠢᠭᠡᠮ ᠲᠣᠭᠤᠷᠢᠭ ︵ᠲᠣᠰᠬᠤᠨ︶ ᠠᠴᠠ ᠬᠥᠮᠦᠨ ᠲᠣᠮᠢᠯᠠᠨ ᠠᠴᠢᠶᠠᠨ ᠤ ᠮᠠᠰᠢᠨ ᠲᠡᠷᠭᠡ ᠶᠢ ᠵᠣᠷᠢᠭᠰᠠᠨ ᠭᠠᠵᠠᠷ ᠵᠦᠭ ᠲᠤᠨᠢ ᠬᠥᠲᠥᠯᠦᠨ ᠵᠢᠯᠣᠭᠤᠳᠴᠤ᠂ ᠪᠠᠷᠠᠭ᠎ᠠ ᠪᠠᠭᠤᠯᠭᠠᠭᠰᠠᠨ ᠤ ᠳᠠᠷᠠᠭ᠎ᠠ ᠳᠠᠷᠦ᠋ᠢᠬᠠᠨ ᠪᠤᠴᠠᠬᠤ ᠶᠢᠨ ᠬᠠᠮᠲᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠪᠥᠭᠡᠮ ᠬᠦᠴᠢᠯ  ᠤᠨ ᠪᠠᠶᠢᠴᠠᠭᠠᠯᠲᠠ ᠬᠢᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ  ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠣᠬᠤᠷ ᠬᠤᠭᠤᠴᠠᠭᠠᠨ ᠳᠣᠲᠣᠷ᠎ᠠ ᠶᠠᠪᠤᠬᠤ ᠦᠭᠡᠢ ᠪᠣᠯ ᠪᠠᠶᠢᠭ᠎ᠠ ᠨᠡᠶᠢᠭᠡᠮ ᠲᠣᠭᠤᠷᠢᠭ ᠠᠴᠠ ᠡᠷᠡᠭᠦᠯ ᠮᠡᠨᠳᠦ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠵᠦ᠂ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠡᠳᠦᠷ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃         ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ᠥᠷᠭᠡᠨ ᠣᠯᠠᠨ ᠬᠤᠲᠠ ᠶᠢᠨ ᠠᠷᠠᠳ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠢᠳᠡᠪᠬᠢᠲᠡᠶ ᠰᠠᠶᠢᠲᠤᠷ ᠬᠢᠵᠦ᠂ ᠪᠥᠬᠦ ᠶᠠᠪᠤᠴᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠵᠦ᠂ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠪᠥᠬᠦ ᠶᠠᠪᠤᠴᠠ ᠳᠤ ᠠᠮᠠᠪᠴᠢ ᠵᠡᠭᠦᠬᠦ ᠶᠢ ᠵᠢᠷᠤᠮᠵᠢᠭᠤᠯᠤᠨ᠂ ᠳᠤᠯᠠᠭᠠᠨ ᠤ ᠬᠡᠮᠵᠢᠶ᠎ᠡ ᠶᠢ ᠬᠡᠮᠵᠢᠬᠦ᠂ ᠲᠡᠮᠳᠡᠭ ᠪᠠᠶᠢᠴᠠᠭᠠᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂  ᠲᠣᠭᠤᠷᠢᠵᠤ ᠰᠠᠭᠤᠭᠰᠠᠨ ᠲᠡᠤᠬᠡ᠂ ᠡᠪ ᠥᠬᠡᠶ ᠪᠠᠶᠢᠳᠠᠯ ᠵᠡᠷᠭᠡ ᠪᠠᠶᠢᠳᠠᠯ ᠢ ᠬᠠᠤᠯᠢ ᠶᠣᠰᠣᠭᠠᠷ ᠦᠨᠡᠨ ᠮᠥᠨ ᠢᠶᠠᠷ ᠨᠢ ᠮᠡᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠤᠬᠠᠮᠰᠠᠷ ᠠᠴᠠ ᠪᠠᠨ ᠣᠷᠣᠯᠴᠠᠵᠤ᠂ ᠬᠢᠵᠢᠭ ᠢ ᠰᠡᠷᠭᠡᠶᠢᠯᠡᠬᠦ ᠬᠠᠯᠬᠠᠪᠴᠢ ᠶᠢ ᠬᠠᠮᠲᠤ ᠪᠠᠷ ᠢᠶᠠᠨ ᠪᠠᠶᠢᠭᠤᠯᠬᠤ ᠬᠡᠷᠡᠭᠲᠡᠢ᠃                                                                        2022 ᠣᠨ ᠤ 4 ᠰᠠᠷ᠎ᠠ ᠶᠢᠨ 16 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ