ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ
ᠨᠡᠶᠢᠲᠡᠯᠡᠭᠰᠡᠨ ᠴᠠᠭ᠄
2022/4/20
     ᠭᠤᠣᠯ ᠡᠭᠦᠷᠭᠡ ᠬᠠᠷᠢᠭᠤᠴᠠᠯᠭ᠎ᠠ᠄      ᠨᠢᠭᠡ᠂ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠬᠤᠶᠠᠷ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ ᠵᠣᠬᠢᠴᠠᠭᠤᠯᠤᠨ ᠦᠢᠯᠡᠴᠢᠯᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠮᠵᠢ ᠶᠢ ᠴᠢᠩᠭᠠᠳᠬᠠᠨ᠂ ᠮᠥᠩᠭᠦᠨ ᠭᠦᠢᠯᠭᠡᠭᠡᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃      ᠭᠤᠷᠪᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠤᠨ᠎ᠠ᠃      ᠳᠥᠷᠪᠡ᠂ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠲᠥᠰᠦᠯ ᠢ ᠰᠤᠳᠤᠯᠤᠨ ᠲᠣᠭᠲᠠᠭᠠᠬᠤ ᠳᠤ ᠣᠷᠣᠯᠴᠠᠨ᠎ᠠ      ᠲᠠᠪᠤ᠂ ᠪᠥᠬᠦ ᠬᠤᠲᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ᠂ ᠫᠠᠶᠢᠰᠠ ᠡᠯᠭᠦᠬᠦ ᠪᠠ ᠰᠢᠭᠤᠳ ᠪᠠᠯᠠ ᠳᠣᠭᠢᠷᠠᠭᠤᠯᠬᠤ ᠠᠵᠢᠯ ᠢ ᠵᠣᠬᠢᠴᠠᠭᠤᠯᠤᠨ ᠠᠬᠢᠭᠤᠯᠤᠨ᠎ᠠ᠃      ᠵᠢᠷᠭᠤᠭ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠭᠡᠳ ᠬᠥᠭᠵᠢᠯᠲᠡ ᠶᠢ ᠵᠢᠯᠣᠭᠤᠳᠤᠨ᠎ᠠ᠃      ᠳᠣᠯᠤᠭ᠎ᠠ᠂ ᠪᠥᠬᠦ ᠬᠤᠲᠠ ᠶᠢᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠶᠢᠨ ᠵᠥᠪᠰᠢᠶᠡᠷᠡᠨ ᠣᠷᠣᠭᠤᠯᠬᠤ ᠶᠢᠨ ᠠᠩᠬᠠᠨ ᠤ ᠬᠢᠨᠠᠯᠲᠠ ᠵᠢᠴᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠳᠡᠭᠡᠳᠦ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠠᠨᠵᠢᠯᠠᠬᠤ ᠬᠤᠳᠠᠯᠳᠤᠭ᠎ᠠ᠂ ᠪᠠᠯᠠ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠪᠠᠲᠤᠯᠠᠨ ᠬᠠᠮᠢᠶᠠᠷᠬᠤ ᠺᠣᠮᠫᠠᠨᠢ ᠶᠢᠨ ᠬᠤᠯᠪᠣᠭᠳᠠᠯ ᠪᠥᠬᠦᠶ ᠬᠢᠨᠠᠯᠲᠠ ᠬᠠᠮᠢᠶᠠᠷᠤᠯᠲᠠ ᠶᠢᠨ ᠪᠠᠶᠢᠷᠢᠯᠠᠭᠤᠯᠤᠯᠲᠠ ᠶᠣᠰᠣᠭᠠᠷ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠎ᠠ      ᠨᠠᠢᠮᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠦᠨ᠎ᠡ᠃      ᠶᠢᠰᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠠᠵᠢᠯᠯᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠳ᠋ᠠ ᠮᠢᠩ ᠵᠡᠭᠡᠯᠢ ᠶᠢᠨ 26 ᠳ᠋ᠤᠭᠠᠷ ᠨᠣᠮᠧᠷ ᠤᠨ ᠡᠳ᠋ ᠤᠨ ᠵᠠᠰᠠᠭ ᠤᠨ ᠲᠣᠪᠴᠢᠶ᠎ᠠ ᠶᠢᠨ B ᠰᠠᠭᠤᠳᠠᠯ ᠤᠨ 3 ᠳ᠋ᠤᠭᠠᠷ ᠳᠠᠪᠬᠤᠷ ᠠᠰᠠᠷ      ᠠᠯᠪᠠᠨ ᠤᠲᠠᠰᠤ᠄ 04768823503      ᠠᠵᠢᠯᠯᠠᠬᠤ ᠴᠠᠭ᠄ ᠦᠳᠡ ᠶᠢᠨ ᠡᠮᠦᠨ᠎ᠡ 8᠄ 30 — 12᠄ 00᠂ ᠦᠳᠡ ᠶᠢᠨ ᠬᠤᠶᠢᠨ᠎ᠠ 2᠄ 30 — 5᠄ 30
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ