ᠬᠤᠲᠠ ᠶᠢᠨ ᠵᠠᠰᠠᠭ ᠤᠨ ᠣᠷᠳᠣᠨ 2022 ᠣᠨ ᠤ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/24
         4 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2022 ᠣᠨ ᠤ ᠨᠠᠢᠮᠠᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠤᠯᠠᠭᠠᠨᠬᠠᠳᠠ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ︾ ᠵᠡᠷᠭᠡ ᠲᠠᠪᠤᠨ ᠠᠵᠢᠯ ᠲᠥᠷᠥᠯ ᠤᠨ ᠲᠥᠯᠥᠪᠵᠢᠭᠦᠯᠭᠡ᠂ ︽ᠤᠯᠠᠭᠠᠨᠬᠠᠳᠠ ᠬᠤᠲᠠ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯᠯᠠᠭᠠᠨ ᠤ ᠲᠥᠰᠦᠯ︾᠂ ︽︿ᠪᠢᠳᠡ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠡᠷᠢᠬᠦ﹀ ᠠᠵᠢᠯᠯᠠᠭᠠᠨ ᠤ ᠲᠥᠰᠦᠯ︾᠂ ︽ᠤᠯᠠᠭᠠᠨᠬᠠᠳᠠ ᠬᠤᠲᠠ ᠶᠢᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ︾᠂ ︽ᠤᠯᠠᠭᠠᠨᠬᠠᠳᠠ ᠬᠤᠲᠠ ᠶᠢᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠶᠢᠨ ᠬᠡᠷᠡᠭᠵᠢᠭᠦᠯᠬᠦ ᠰᠠᠨᠠᠯ︾᠂ ︽ᠤᠯᠠᠭᠠᠨᠬᠠᠳᠠ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ ᠤᠯᠠᠭᠠᠨᠬᠠᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠵᠡᠷᠭᠡ ᠶᠠᠪᠤᠳᠠᠯ ᠢ ᠰᠤᠳᠤᠯᠤᠨ ᠲᠥᠯᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ  ᠪᠠᠶᠢᠷᠢᠯᠠᠭᠤᠯᠪᠠ᠃         ᠬᠤᠷᠠᠯ ᠠᠴᠠ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠨᠢ ᠮᠠᠨ ᠤ ᠬᠤᠳᠠ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠭᠦᠢᠴᠡᠳ ᠬᠡᠷᠡᠭᠯᠡᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃         ᠬᠤᠷᠠᠯ ᠠᠴᠠ᠂ ︽ᠪᠢᠳᠡ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠡᠷᠢᠬᠦ︾ ᠠᠵᠢᠯᠯᠠᠭᠠᠨ ᠢ ᠥᠷᠨᠢᠭᠦᠯᠬᠦ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠡᠭᠡ ᠠᠬᠤᠢ ᠪᠠᠶᠢᠳᠠᠯ ᠳᠣᠣᠷ᠎ᠠ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠭᠦᠨᠵᠡᠭᠡᠢ ᠠᠬᠢᠭᠤᠯᠬᠤ ᠴᠢᠬᠤᠯᠠ ᠠᠷᠭ᠎ᠠ  ᠬᠡᠮᠵᠢᠶ᠎ᠡ ᠪᠣᠯᠤᠨ᠎ᠠ᠃ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠳᠤ  ᠦᠢᠯᠡᠴᠢᠯᠡᠭᠡ ᠪᠣᠷᠣᠯᠠᠭᠤᠯᠭ᠎ᠠ ᠶᠢ ᠵᠣᠯᠭᠠᠭᠤᠯᠬᠤ ᠲᠠᠪᠴᠠᠩ ᠢ ᠢᠳᠡᠪᠬᠢᠲᠡᠶ ᠪᠠᠶᠢᠭᠤᠯᠤᠨ ᠥᠭᠴᠦ᠂ ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃         ᠬᠤᠷᠠᠯ ᠠᠴᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠦᠷ᠎ᠡ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠪᠣᠯ ᠨᠢᠭᠡᠨ ᠤᠷᠳᠤ ᠬᠤᠭᠤᠴᠠᠭᠠᠨ ᠤ ᠡᠭᠦᠷᠭᠡ᠂ ᠰᠢᠰᠲ᠋ᠧᠮᠲᠦ ᠢᠨᠵᠧᠨᠧᠷᠢᠩ ᠪᠣᠯᠤᠨ᠎ᠠ᠂ ᠡᠷᠬᠡᠪᠰᠢ ᠳᠡᠭᠡᠳᠦ ᠲᠤᠤᠷᠠᠳᠤ ᠱᠠᠳᠤ  ᠰᠠᠯᠠᠭ᠎ᠠ ᠮᠥᠴᠢᠷ ᠤᠳ ᠪᠠᠷ ᠢᠶᠠᠨ ᠬᠠᠮᠵᠢᠯᠴᠠᠬᠤ ᠶᠢ ᠪᠠᠷᠢᠮᠲᠠᠯᠠᠬᠤ ᠬᠡᠷᠡᠭᠲᠡᠢ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠪᠣᠯ ᠤᠯᠤᠰ ᠤᠨ ᠠᠮᠤᠷ ᠲᠦᠪᠰᠢᠨ ᠤ ᠴᠢᠬᠤᠯᠠ ᠰᠠᠭᠤᠷᠢ ᠮᠥᠨ᠂ ᠤᠯᠤᠰ ᠤᠨ ᠥᠨᠢ ᠤᠳᠠᠭᠠᠨ ᠠᠮᠤᠷ ᠲᠦᠪᠰᠢᠨ ᠲᠠᠢ ᠰᠢᠭᠤᠳ ᠬᠤᠯᠪᠤᠭᠳᠠᠬᠤ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠪᠠᠨ‌ᠡᠭᠦᠷᠭᠡᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠪᠰᠢᠨ ᠪᠣᠯᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢ ᠪᠤᠵᠠᠭᠠᠶᠢᠷᠠᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠦᠭ ᠲᠦᠮᠡᠨ ᠠᠶᠢᠯ ᠡᠷᠦᠬᠡ ᠳᠤ  ᠬᠤᠯᠪᠤᠭᠳᠠᠵᠤ ᠪᠠᠶᠢᠳᠠᠭ᠂ ᠡᠯ᠎ᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠳ ᠤᠯᠤᠰ  ᠪᠠ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠬᠠᠢ ᠰᠢᠷᠢᠰ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠮᠦᠰ ᠤᠨ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠦᠬᠦ ᠲᠠᠯ᠎ᠠ ᠶᠢᠨ ᠲᠥᠬᠦᠭᠡᠷᠦᠮᠵᠢ ᠤᠨ ᠰᠠᠭᠤᠷᠢ ᠲᠥᠪᠰᠢᠨ ᠢ ᠪᠠᠬᠢᠵᠢᠭᠦᠯᠵᠦ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠬᠤᠷᠠᠯ ᠠᠴᠠ᠂ ᠤᠯᠠᠭᠠᠨᠬᠠᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠢ ᠪᠡᠯᠡᠳᠬᠡᠨ ᠪᠠᠶᠢᠭᠤᠯᠬᠤ ᠨᠢ ᠮᠠᠨ ᠤ ᠬᠤᠳᠠ ᠶᠢᠨ ᠮᠠᠯ ᠠᠵᠤ ᠠᠬᠤᠢ ᠲᠠᠷᠢᠶᠠᠯᠠᠩ ᠤᠨ ᠪᠦᠬᠦ ᠲᠠᠯ᠎ᠠ ᠪᠠᠷ ᠲᠡᠰ ᠳᠡᠪᠰᠢᠬᠦ᠂ ᠮᠠᠯᠵᠢᠬᠤ ᠲᠠᠷᠢᠶᠠᠯᠠᠬᠤ ᠣᠷᠣᠨ ᠤ ᠪᠦᠬᠦ ᠲᠠᠯ᠎ᠠ ᠪᠠᠷ ᠤᠷᠤᠭᠰᠢ ᠲᠠᠪᠰᠢᠬᠤ᠂ ᠮᠠᠯᠴᠢᠨ ᠲᠠᠷᠢᠶᠠᠴᠢᠨ ᠤ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠤᠳᠤᠯᠭᠠᠨ ᠤ ᠬᠦᠷᠢᠶᠡᠯᠡᠩ ᠤᠨ ᠶᠡᠷᠦᠩᠬᠡᠢ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠠᠵᠢᠯᠯᠠᠭᠠᠨ ᠤ ᠬᠠᠮᠢᠶᠠᠷᠤᠯᠲᠠ᠂ ᠬᠢᠨᠠᠯᠲᠠ ᠲᠠᠯᠪᠢᠵᠤ ᠦᠨᠡᠯᠡᠨ ᠵᠢᠱᠢᠬᠦ ᠵᠡᠷᠭᠡ ᠠᠵᠢᠯ ᠢ ᠰᠠᠶᠢᠲᠤᠷ ᠠᠳᠬᠤᠵᠤ᠂ ︽ᠵᠠᠰᠠᠭ ᠠᠵᠤ ᠠᠬᠤᠶᠢᠯᠠᠯ ᠰᠤᠷᠭᠠᠭᠤᠯᠢ ᠰᠤᠳᠤᠯᠭᠠᠨ ᠤ ᠬᠦᠷᠢᠶᠡᠯᠡᠩ  ᠬᠡᠷᠡᠭᠯᠡᠭᠴᠢ︾ ᠶᠢ ᠨᠢᠭᠡ ᠴᠤᠬᠴᠠᠵᠢᠭᠤᠯᠤᠬᠰᠠᠨ ᠬᠠᠮᠲᠤᠷᠠᠯᠴᠠᠭᠠᠨ ᠤ ᠲᠠᠪᠴᠠᠩ ᠪᠣᠯᠤᠨ ᠬᠠᠮᠵᠢᠯᠴᠠᠬᠤ ᠲᠣᠭᠲᠠᠴᠠ ᠶᠢ ᠲᠦᠷᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠬᠦ ᠲᠠᠯ᠎ᠠ ᠪᠠᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃         ᠬᠤᠳᠠ ᠶᠢᠨ ᠳᠡᠳ᠋ ᠳᠠᠷᠤᠭ᠎ᠠ ᠱᠧᠩ ᠰᠢᠶᠤᠤ ᠶᠢᠦ᠂ ᠬᠤ᠋ ᠴᠢᠩ ᠹᠧᠩ᠂ ᠭᠦᠸᠧ ᠰᠢ᠂ ᠶᠠᠩ ᠮᠦ᠂ ᠮᠧᠩ ᠰᠢᠶᠤᠤ ᠪᠢᠩ᠂ ᠵᠤᠤ ᡁᠢ ᠭᠠᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ