ᠤᠯᠠᠭᠠᠨᠬᠠᠳᠠ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/4/25
      ᠤᠯᠠᠭᠠᠨᠬᠠᠳᠠ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ                                                                   〔2022〕16 ᠳ᠋ᠤᠭᠠᠷ ᠲᠣᠭᠠᠲᠤ      ᠣᠳᠣᠬᠠᠨ ᠳᠤ᠂ ᠪᠦᠬᠦ ᠪᠥᠮᠪᠥᠷᠴᠡᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠶᠡᠭᠡ ᠪᠠᠷ ᠳᠡᠯᠭᠡᠷᠡᠬᠦ ᠱᠠᠲᠤᠨ ᠳᠤ ᠣᠷᠣᠰᠢᠵᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠯᠠᠨ ᠭᠠᠵᠠᠷ ᠲᠤ ᠣᠯᠠᠨᠲᠠ ᠡᠭᠦᠰᠣᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠢᠯᠠᠩᠭᠤᠶ᠎ᠠ ︽5.1︾ ᠤ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠪᠠᠷ᠂ ᠬᠥᠮᠦᠨ ᠬᠠᠷ᠎ᠠ ᠶᠠᠪᠤᠵᠤ ᠰᠠᠭᠤᠬᠤ᠂ ᠬᠤᠷᠠᠨ ᠴᠤᠭᠯᠠᠷᠠᠬᠤ ᠨᠢ ᠬᠢᠵᠢᠭ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠤᠯᠠᠮ ᠴᠢᠨᠠᠭᠰᠢᠳᠠ ᠨᠡᠮᠡᠭᠳᠡᠭᠦᠯᠬᠦ ᠪᠣᠯᠤᠨ᠎ᠠ᠃ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠪᠠ ᠦᠶᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠪᠡ᠄      ᠨᠢᠭᠡ᠂ ᠬᠤᠲᠠ ᠶᠢᠨ ᠬᠥᠮᠦᠰ ᠤᠨ ᠭᠤᠤᠯ ᠬᠤᠲᠠ ᠲᠣᠭᠤᠷᠢᠭ ᠲᠤ ᠣᠷᠣᠵᠤ ᠭᠠᠷᠬᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠳᠠ ᠶᠢᠨ ᠱᠠᠭᠠᠷᠳᠠᠯᠭ᠎ᠠ ᠶᠢ ᠬᠦᠴᠦᠨ ᠥᠬᠡᠶ ᠪᠣᠯᠭᠠᠨ᠎ᠠ᠃ 2022 ᠣᠨ ᠤ 4 ᠳ᠋ᠣᠭᠡᠷ ᠰᠠᠷ᠎ᠠ ᠶᠢᠨ 25 ᠤ ᠡᠳᠦᠷ ᠤᠨ ᠲᠡᠭ ᠴᠠᠭ ᠠᠴᠠ ᠡᠬᠢᠯᠡᠨ᠂ ᠬᠤᠲᠠ ᠶᠢᠨ ᠳᠣᠲᠣᠷᠠᠬᠢ ᠬᠥᠮᠦᠰ ᠭᠤᠣᠯ ᠬᠤᠲᠠ ᠲᠣᠭᠤᠷᠢᠭ ᠢᠶᠠᠷ ᠣᠷᠣᠵᠤ ᠭᠠᠷᠬᠤ ᠳᠤ ᠪᠥᠭᠡᠮ ᠬᠦᠴᠢᠯ ᠤᠨ ᠪᠠᠶᠢᠴᠠᠭᠠᠨ ᠭᠡᠮᠵᠢᠯᠳᠠ ᠶᠢᠨ ᠪᠢᠯᠢᠭ ᠴᠢᠨᠠᠷ ᠤᠨ ᠭᠡᠷᠡᠴᠢ ᠶᠢ ᠳᠠᠭᠢᠵᠤ ᠬᠡᠷᠡᠭᠰᠡᠬᠦ ᠥᠬᠡᠶ ᠪᠣᠯᠤᠨ᠎ᠠ᠃      ᠬᠤᠶᠠᠷ᠂ ᠴᠢᠬᠤᠯᠠ ᠪᠤᠰᠤ ᠦᠶᠡᠰ ᠣᠯᠠᠭᠠᠨᠬᠠᠳᠠ ᠠᠴᠠ ᠭᠠᠷᠬᠤ ︵ᠪᠤᠴᠠᠬᠤ︶ ᠥᠬᠡᠶ ᠪᠠᠶᠢᠬᠤ ᠶᠢ ᠪᠠᠷᠢᠮᠳᠠᠯᠠᠬᠤ ᠭᠡᠷᠡᠭᠳᠡᠢ᠃ ᠬᠤᠲᠠ ᠶᠢᠨ ᠳᠣᠲᠣᠭᠠᠳᠤ᠂ ᠬᠤᠲᠠ ᠶᠢᠨ ᠭᠠᠳᠠᠨᠠᠬᠢ ᠥᠷᠭᠡᠨ ᠣᠯᠠᠨ ᠬᠤᠲᠠ ᠶᠢᠨ ᠠᠷᠠᠳ ᠢ ︽5.1︾ ᠤ ᠠᠮᠠᠷᠠᠯᠳᠠ ᠶᠢᠨ ᠬᠤᠭᠤᠴᠠᠭ᠎ᠠ ᠪᠠᠨ ᠲᠤᠬᠠᠶ ᠶᠢᠨ ᠭᠠᠵᠠᠷ ᠲᠠᠭᠠᠨ ᠥᠩᠭᠡᠷᠡᠭᠦ ᠶᠢ ᠰᠠᠨᠠᠭᠠᠴᠢᠯᠠᠵᠤ᠂ ᠴᠢᠬᠤᠯᠠ ᠪᠤᠰᠤ ᠦᠶ᠎ᠡ ᠳᠤ ᠣᠯᠠᠭᠠᠨᠬᠠᠳᠠ ᠠᠴᠠ ᠭᠠᠷᠬᠤ ᠥᠬᠡᠶ᠂ ᠣᠯᠠᠭᠠᠨᠬᠠᠳᠠ ᠳᠤ ᠪᠣᠴᠠᠬᠤ ᠥᠬᠡᠶ᠂ ᠣᠨᠴᠠᠭᠠᠶᠢᠯᠠᠨ 14 ᠡᠳᠦᠷ ᠤᠨ ᠳᠣᠲᠣᠷ᠎ᠠ ᠲᠣᠬᠠᠢ ᠶᠢᠨ ᠭᠠᠵᠠᠷ ᠣᠷᠣᠨ ᠤ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠭᠥᠮᠥᠨ ᠲᠠᠢ ᠰᠢᠶᠠᠨ ︵ᠬᠤᠲᠠ᠂ ᠲᠣᠭᠤᠷᠢᠭ᠂ ᠬᠤᠰᠢᠭᠤ︶ ᠪᠣᠯᠤᠨ ᠬᠠᠭᠤᠷᠠᠶ ᠵᠠᠮ ᠤᠨ ᠬᠢᠯᠢ ᠶᠢᠨ ᠪᠣᠭᠤᠮᠲᠠ ᠶᠢᠨ ᠪᠠᠶᠢᠭ᠎ᠠ ᠰᠢᠶᠠᠨ ᠳᠤ ᠣᠴᠢᠬᠤ ᠥᠬᠡᠶ ᠪᠠᠶᠢᠵᠤ᠂ ᠬᠥᠮᠦᠰ ᠤᠨ ᠰᠢᠯᠵᠢᠯᠲᠡ ᠶᠢ ᠪᠠᠭᠠᠰᠬᠠᠵᠤ᠂ ᠵᠠᠮ ᠵᠠᠭᠤᠷ᠎ᠠ  ᠶᠢᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠠᠭᠠᠰᠬᠠᠬᠤ ᠭᠡᠷᠡᠭᠳᠡᠢ᠃       ᠭᠤᠷᠪᠠ᠂ ᠤᠯᠠᠭᠠᠨᠬᠠᠳᠠ ᠳᠤ ᠢᠷᠡᠭᠰᠡᠨ ︵ᠪᠣᠴᠠᠬᠰᠠᠨ︶ ᠬᠥᠮᠦᠰ ᠢ ᠴᠢᠩᠭ᠎ᠠ ᠬᠠᠮᠢᠶᠠᠷᠤᠨ ᠡᠵᠡᠮᠳᠡᠭᠦ ᠭᠡᠷᠡᠭᠳᠡᠢ᠃      ︵ᠨᠢᠭᠡ︶ ᠣᠯᠠᠭᠠᠨᠬᠠᠳᠠ ᠳᠤ ᠢᠷᠡᠭᠰᠡᠨ ︵ᠪᠤᠴᠠᠭᠰᠠᠨ︶ ᠪᠣᠶ ᠪᠥᠬᠦᠶ ᠬᠥᠮᠦᠰ ᠡᠷᠬᠡᠪᠰᠢ ᠤᠷᠢᠳᠴᠢᠯᠠᠨ ︽ᠭᠥᠷᠥᠭᠰᠡᠨ ᠭᠠᠵᠠᠷ ᠤᠨ ᠺᠣᠳ᠋︾ ᠢ ᠰᠢᠷᠪᠢᠵᠦ ᠳᠡᠩᠰᠡᠯᠡᠨ ᠲᠡᠮᠳᠡᠭᠯᠡᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ᠂ ᠣᠯᠠᠭᠠᠨᠬᠠᠳᠠ  ᠳᠤ ᠭᠦᠷᠦᠭᠰᠡᠨ ᠤ ᠳᠠᠷᠠᠭ᠎ᠠ 12 ᠴᠠᠭ ᠤᠨ ᠳᠣᠲᠣᠷ᠎ᠠ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ᠂ ᠪᠠᠭᠤᠳᠠᠯ ᠳᠤ ᠮᠡᠳᠡᠭᠦᠯᠦᠨ ᠳᠠᠩᠰᠠᠯᠠᠭᠤᠯᠵᠤ᠂ 24 ᠴᠠᠭ ᠤᠨ ᠳᠣᠲᠣᠷ᠎ᠠ 1 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ︵ᠪᠢᠯᠢᠭ ᠴᠢᠨᠠᠷ ᠤᠨ ᠪᠠᠶᠢᠴᠠᠭᠠᠨ ᠬᠡᠮᠵᠢᠯᠲᠡ ᠬᠢᠭᠰᠡᠨ ᠦᠷ᠎ᠡ ᠳ᠋ᠦᠩ ᠨᠢ ᠭᠠᠷᠬᠤ ᠠᠴᠠ ᠡᠮᠦᠨ᠎ᠡ ᠬᠡᠷ ᠲᠡᠭᠡᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ︶ ᠭᠢᠬᠦ ᠶᠢᠨ ᠬᠠᠮᠲᠤ 14 ᠡᠳᠦᠷ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠠ᠃ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠬᠤᠶᠢᠰᠢᠯᠠᠭᠤᠯᠥᠨ ᠮᠡᠳᠡᠭᠦᠯᠬᠦ ᠵᠡᠷᠭᠡ ᠠᠴᠠ ᠪᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠶᠢ ᠡᠭᠦᠰᠭᠡᠭᠰᠡᠨ ᠪᠠᠶᠢᠪᠠᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ︵ᠬᠤᠶᠠᠷ︶ ᠱᠠᠩᠬᠠᠶ ᠬᠤᠲᠠ᠂ ᠭᠢᠷᠢᠨ ᠬᠤᠲᠠ᠂ ᠴᠠᠩᠴᠦ᠋ᠨ ᠬᠤᠲᠠ ᠪᠣᠯᠤᠨ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠪᠠᠶᠢᠭ᠎ᠠ ᠰᠢᠶᠠᠨ ᠠᠴᠠ ᠤᠯᠠᠭᠠᠨᠬᠠᠳᠠ ᠳᠤ ᠢᠷᠡᠭᠰᠡᠨ ᠬᠥᠮᠦᠰ ᠢ 14 ᠡᠳᠦᠷ ᠲᠥᠪᠯᠡᠷᠡᠭᠦᠯᠦᠨ ᠲᠤᠰᠠᠭᠠᠷᠯᠠᠵᠤ᠂ ᠲᠦᠷᠦᠭᠦᠦ 7 ᠡᠳᠦᠷ ᠲᠤ ᠡᠳᠦᠷ ᠪᠦᠷᠢ 1 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠭᠡᠮᠵᠢᠯᠳᠠ ᠬᠢᠵᠦ᠂ 10 ᠳ᠋ᠣᠭᠠᠷ᠂ 14 ᠳ᠋ᠣᠭᠡᠷ ᠡᠳᠦᠷ ᠲᠤ ᠲᠣᠰ ᠲᠣᠰ 1 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠭᠡᠮᠵᠢᠯᠳᠠ ᠬᠢᠨ᠎ᠠ᠃      ︵ᠭᠤᠷᠪᠠ︶ ᠤᠯᠤᠰ ᠤᠨ ᠳᠣᠲᠣᠭᠠᠳᠤ ᠶᠢᠨ ᠳᠤᠮᠳᠠ ᠲᠦᠭᠰᠢᠭᠦᠷᠢᠲᠡᠶ ᠭᠠᠵᠠᠷ ᠣᠷᠣᠨ ᠵᠢᠴᠢ ᠪᠠᠶᠢᠭ᠎ᠠ ᠰᠢᠶᠠᠨ ᠠᠴᠠ ᠣᠯᠠᠭᠠᠨᠬᠠᠳᠠ ᠳᠤ ᠢᠷᠡᠭᠰᠡᠨ ︵ᠪᠤᠴᠠᠭᠰᠠᠨ︶ ᠬᠥᠮᠦᠰ ᠢ 14 ᠡᠳᠦᠷ ᠬᠡᠷ ᠲᠤᠨᠢ ᠲᠤᠰᠠᠭᠠᠷᠯᠠᠵᠤ᠂ 5 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠭᠡᠮᠵᠢᠯᠳᠠ ᠬᠢᠨ᠎ᠠ ︵1 ᠳ᠋ᠣᠭᠡᠷ᠂ 4 ᠳ᠋ᠣᠭᠡᠷ᠂ 7 ᠳ᠋ᠣᠭᠠᠷ᠂ 10 ᠳ᠋ᠣᠭᠠᠷ᠂ 14 ᠳ᠋ᠣᠭᠡᠷ ᠡᠳᠦᠷ︶᠃ ᠭᠡᠷ ᠲᠡᠭᠡᠨ ᠰᠠᠭᠤᠵᠤ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠦᠭᠡᠶ ᠪᠣᠯ ᠲᠥᠪᠯᠡᠷᠡᠭᠦᠯᠦᠨ ᠲᠤᠰᠠᠭᠠᠷᠯᠠᠬᠤ ᠬᠡᠷᠡᠭᠲᠡᠶ᠃      ︵ᠳᠥᠷᠪᠡ︶ ᠠᠶᠠᠯᠠᠯ ᠤᠨ ᠺᠠᠷᠲ ᠨᠢ ᠣᠭᠤᠭᠠᠨ ᠥᠩᠭᠡᠳᠥ ᠣᠳᠣᠨ ᠲᠡᠮᠳᠡᠭ ᠲᠠᠢ ᠣᠯᠠᠭᠠᠨᠬᠠᠳᠠ ᠳᠤ ᠢᠷᠡᠭᠰᠡᠨ ︵ᠪᠣᠴᠠᠬᠰᠠᠨ︶ ᠬᠥᠮᠦᠰ᠂ ᠣᠯᠠᠭᠠᠨᠬᠠᠳᠠ  ᠳᠤ ᠣᠷᠣᠬᠤ ᠬᠢᠵᠢᠭ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠲᠤ ᠲᠡᠷᠡ ᠲᠠᠷᠥᠢ ᠳᠤ ᠨᠢ ᠪᠥᠭᠡᠮ ᠬᠦᠴᠢᠯ ᠪᠠ ᠥᠳᠥᠭᠡᠭᠴᠢ ᠶᠢᠨ ᠪᠠᠶᠢᠴᠠᠭᠠᠨ ᠭᠡᠮᠵᠢᠯᠳᠠ ᠬᠢᠵᠥ᠂ ᠭᠤᠷᠪᠠᠳᠤᠭᠠᠷ ᠡᠳᠦᠷ ᠲᠤ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠭᠡᠮᠵᠢᠯᠳᠠ ᠬᠢᠵᠦ᠂ ᠲᠦᠷᠦᠭᠦᠦ 3 ᠡᠳᠦᠷ ᠲᠤ ᠵᠠᠷᠴᠢᠮ ᠳᠡᠭᠡᠷ᠎ᠡ ᠪᠠᠨ ︽ᠬᠤᠶᠠᠷ ᠴᠡᠭ ︵ᠣᠷᠣᠰᠢᠨ ᠰᠠᠭᠤᠬᠤ ᠴᠡᠭ ᠪᠠ ᠠᠵᠢᠯᠯᠠᠬᠤ ᠴᠡᠭ︶ ᠨᠢᠭᠡ ᠱᠣᠭᠤᠮ︾ ᠢ ᠪᠠᠷᠢᠮᠳᠠᠯᠠᠵᠥ᠂ ᠭᠤᠷᠪᠠᠳᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠨ ᠭᠡᠮᠵᠢᠯᠳᠠ ᠶᠢᠨ ᠪᠢᠯᠢᠭ ᠴᠢᠨᠠᠷ ᠤᠨ ᠦᠷ᠎ᠡ ᠳ᠋ᠦᠩ ᠭᠠᠷᠬᠤ ᠠᠴᠠ ᠡᠮᠦᠨ᠎ᠡ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠥᠬᠡᠶ ᠂ ᠬᠠᠮᠲᠤ ᠬᠤᠭᠤᠯᠠᠯᠠᠬᠤ ᠥᠬᠡᠶ᠂ ᠴᠤᠭᠯᠠᠷᠠᠬᠤ ᠥᠬᠡᠶ᠂ ᠪᠢᠲᠡᠭᠦᠮᠵᠢᠯᠡᠭᠰᠡᠨ ᠲᠠᠯᠠᠪᠤᠷ ᠭᠠᠵᠠᠷ ᠪᠠ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ ᠣᠴᠢᠬᠤ ᠥᠬᠡᠶ ᠪᠥᠭᠡᠳ 14 ᠡᠳᠦᠷ ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠠ᠃       ᠳᠥᠷᠪᠡ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠭᠡᠷᠡᠭᠳᠡᠢ᠃      ︵ᠨᠢᠭᠡ︶ ᠬᠤᠳᠠᠯᠳᠤᠭᠠᠨ ᠤ ᠲᠠᠯᠠᠪᠠᠶ ᠶᠢᠨ ᠬᠡᠲᠦ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠪᠠᠶᠢᠭᠤᠯᠤᠮᠵᠢ᠂ ᠵᠣᠴᠢᠳ ᠤᠨ ᠪᠠᠭᠤᠳᠠᠯ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠵᠡᠷᠭᠡ ᠳᠤ ᠪᠡᠶ᠎ᠡ ᠶᠢᠨ ᠬᠠᠯᠠᠭᠤᠨ ᠢ ᠬᠡᠮᠵᠢᠵᠦ ᠺᠣᠳ᠋ ᠰᠢᠷᠪᠢᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ  ᠪᠠᠷ ᠮᠥᠷᠯᠡᠬᠦ ᠪᠠ ᠠᠶᠠᠨᠴᠢᠳ ᠢ ᠬᠥᠲᠥᠯᠥᠨ ᠵᠢᠯᠣᠭᠤᠳᠬᠤ ᠶᠢ ᠰᠠᠶᠢᠲᠤᠷ ᠬᠢᠵᠦ᠂ ᠴᠠᠭ ᠲᠤᠨᠢ ᠲᠣᠬᠢᠷᠠᠭᠤᠯᠤᠨ ᠤᠷᠤᠰᠬᠠᠯ ᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂ ᠪᠥᠭᠡᠮᠨᠡᠷᠡᠨ ᠴᠤᠭᠯᠠᠷᠠᠬᠤ ᠶᠢ ᠰᠡᠷᠭᠡᠶᠢᠯᠡᠨ ᠬᠤᠷᠢᠭᠯᠠᠨ᠎ᠠ᠃ ᠲᠣᠭᠯᠠᠯᠲᠠ ᠶᠢᠨ ᠲᠠᠯᠠᠪᠤᠷ᠂ ᠵᠤᠭ᠎ᠠ ᠴᠡᠩᠭᠡᠯ ᠤᠨ ᠲᠠᠯᠠᠪᠤᠷ᠂ ᠪᠡᠶ᠎ᠡ ᠶᠢᠨ ᠲᠠᠮᠢᠷ ᠤᠨ ᠲᠠᠯᠠᠪᠤᠷ ᠂ ᠰᠦᠯᠵᠢᠶᠡᠨ ᠤ ᠪᠠᠭᠠᠷ᠂ ᠺᠢᠨᠣ᠋ ᠶᠢᠨ ᠣᠷᠳᠣᠨ᠂ ᠨᠣᠮ ᠤᠨ ᠰᠠᠩ᠂ ᠮᠦᠽᠧᠶ᠂ ᠤᠷᠠᠨ ᠵᠢᠷᠤᠭ ᠤᠨ ᠣᠷᠳᠣᠨ ᠵᠡᠷᠭᠡ ᠬᠡᠷ ᠳᠣᠲᠣᠷᠠᠬᠢ ᠣᠯᠠᠨ ᠨᠡᠶᠢᠲᠡ ᠶᠢᠨ ᠲᠠᠯᠠᠪᠤᠷ ᠲᠤ ᠭᠥᠯᠢᠶᠡᠨ ᠠᠪᠬᠤ ᠬᠥᠮᠦᠨ ᠤ ᠲᠤᠭ᠎ᠠ ᠶᠢ ᠪᠠᠭᠲᠠᠭᠠᠮᠵᠢ ᠶᠢᠨ ᠬᠢᠨᠢ 75 % ᠠᠴᠠ ᠬᠡᠲᠦᠷᠡᠭᠦᠯᠵᠦ ᠪᠣᠯᠬᠤ ᠥᠬᠡᠶ᠃      ︵ᠬᠤᠶᠠᠷ︶ ᠡᠮ ᠤᠨ ᠳᠡᠯᠭᠡᠭᠦᠷ᠂ ᠬᠤᠪᠢ ᠶᠢᠨ ᠡᠮᠴᠢᠯᠡᠭᠡᠨ ᠤ ᠭᠠᠵᠠᠷ᠂ ᠡᠷᠡᠭᠦᠯ ᠬᠠᠮᠠᠭᠠᠯᠠᠯ ᠤᠨ ᠬᠤᠷᠢᠶ᠎ᠠ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠳᠠᠷᠤᠬᠤ᠂ ᠨᠢᠶᠠᠨ ᠳᠠᠷᠤᠭᠴᠢ︾ ᠳᠥᠷᠪᠡᠨ ᠲᠥᠷᠥᠯ ᠤᠨ ᠡᠮ ᠤᠨ ᠵᠦᠶᠯ ᠤᠨ ᠪᠣᠷᠣᠯᠠᠭᠤᠯᠭ᠎ᠠ ᠶᠢᠨ ᠲᠠᠩᠰᠠᠯᠠᠯᠳᠠ ᠶᠢ ᠰᠠᠶᠢᠲᠤᠷ ᠬᠢᠵᠦ ᠂ ᠬᠠᠯᠠᠭᠤᠷᠠᠭᠰᠠᠨ ᠡᠪᠡᠳᠴᠢᠲᠡᠨ ᠢ ᠬᠥᠲᠥᠯᠥᠨ ᠵᠢᠯᠣᠭᠤᠳᠴᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠃ ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠣᠶᠣᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠬᠤᠷᠢᠭᠤᠯ ᠤᠨ ᠭᠠᠵᠠᠷ ᠵᠡᠷᠭᠡ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠦᠨ᠎ᠡ᠃      ︵ᠭᠤᠷᠪᠠ︶ ᠬᠤᠲᠠ ᠶᠢᠨ ᠳᠣᠲᠣᠷᠠᠬᠢ ᠡᠯ᠎ᠡ ᠲᠥᠷᠥᠯ ᠤᠨ ᠴᠡᠴᠡᠷᠯᠢᠭ᠂ ᠦᠵᠡᠮᠵᠢ ᠶᠢᠨ ᠣᠷᠣᠨ᠂ ᠦᠵᠡᠮᠵᠢ ᠶᠢᠨ ᠴᠢᠭ ᠤᠳ ︽ᠬᠡᠮᠵᠢᠶ᠎ᠡ ᠶᠢ ᠬᠢᠵᠠᠭᠠᠷᠯᠠᠬᠤ᠂ ᠪᠣᠯᠵᠣᠬᠤ︾ ᠵᠡᠷᠭᠡ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠥ᠂ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠵᠠᠮ ᠱᠤᠭᠤᠮ ᠪᠠ ᠴᠠᠭ ᠬᠤᠭᠤᠴᠠᠭ᠎ᠠ ᠶᠢ ᠵᠦᠶ ᠵᠣᠬᠢᠰᠲᠠᠶ ᠰᠣᠩᠭᠤᠭᠤᠯᠬᠤ ᠬᠡᠷᠡᠭᠲᠡᠶ᠃ ᠰᠥᠯᠵᠢᠶ᠎ᠠ ᠪᠠᠷ ᠪᠢᠯᠧᠲ ᠬᠤᠳᠠᠯᠳᠤᠨ ᠠᠪᠬᠤ ᠶᠢ ᠰᠠᠶᠢᠲᠤᠷ ᠬᠢᠵᠦ᠂ ᠴᠡᠴᠡᠷᠯᠢᠭ ᠤᠨ ᠰᠠᠨᠠᠭᠤᠯᠤᠮᠵᠢ ᠪᠠ ᠵᠤᠭᠠᠴᠠᠭᠰᠠᠳ ᠢ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠬᠥᠮᠦᠨ ᠬᠠᠷ᠎ᠠ ᠴᠤᠭᠯᠠᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃        ᠲᠠᠪᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠡᠵᠡᠮᠳᠡᠭᠦ ᠭᠡᠷᠡᠭᠳᠡᠢ᠃      ᠡᠯ᠎ᠡ ᠲᠥᠷᠥᠯ ᠤᠨ ᠰᠦᠯᠵᠢᠶᠡᠨ ᠭᠠᠳᠠᠨᠠᠬᠢ ᠬᠤᠷᠠᠯ᠂ ᠪᠣᠯᠪᠠᠰᠤᠷᠠᠯ᠂ ᠳᠡᠯᠭᠡᠨ ᠪᠣᠷᠣᠯᠠᠭᠤᠯᠭ᠎ᠠ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢ ᠴᠢᠩᠭ᠎ᠠ ᠡᠵᠡᠮᠳᠡᠵᠦ᠂ ᠥᠨᠡᠨ ᠭᠦ ᠡᠷᠭᠢᠯᠡᠬᠦ ᠴᠢᠬᠤᠯᠠᠲᠠᠶ ᠪᠣᠯ᠂ ︽ᠬᠡᠨ ᠡᠷᠭᠢᠯᠡᠪᠡᠯ᠂ ᠭᠡᠨ ᠬᠠᠷᠢᠭᠤᠴᠠᠬᠤ︾ ᠵᠠᠷᠴᠢᠮ ᠶᠣᠰᠣᠭᠠᠷ᠂ ᠬᠡᠪᠴᠢᠶ᠎ᠡ ᠶᠢ ᠪᠠᠭᠠᠰᠬᠠᠵᠤ᠂ ᠬᠥᠮᠦᠨ ᠤ ᠲᠤᠭ᠎ᠠ ᠶᠢ ᠬᠢᠵᠠᠭᠠᠷᠯᠠᠨ᠂ 50 ᠬᠥᠮᠦᠨ ᠠᠴᠠ ᠳᠡᠭᠡᠭᠰᠢᠬᠢ ᠠᠵᠢᠯᠯᠠᠭ᠎ᠠ ᠶᠢ ᠬᠠᠷᠢᠶ᠎ᠠ ᠭᠠᠵᠠᠷ ᠤᠨ ᠵᠢᠯᠣᠭᠤᠳᠬᠤ ᠭᠠᠵᠠᠷ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠰᠡᠷᠭᠡᠶᠢᠯᠡᠨ ᠡᠵᠡᠮᠳᠡᠬᠦ ᠲᠥᠰᠦᠯ ᠲᠣᠭᠲᠠᠭᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠠᠮᠲᠤ ᠬᠤᠭᠤᠯᠠᠯᠠᠬᠤ ᠴᠤᠭᠯᠠᠭᠠᠨ ᠢ 10 ᠬᠥᠮᠦᠨ ᠠᠴᠠ ᠬᠡᠲᠦᠷᠡᠭᠦᠯᠬᠦ ᠦᠭᠡᠶ ᠪᠠᠶᠢᠬᠤ ᠶᠢ ᠰᠠᠨᠠᠭᠠᠴᠢᠯᠠᠵᠤ᠂ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃      ᠵᠢᠷᠭᠤᠭ᠎ᠠ᠂ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃     ︵ᠨᠢᠭᠡ︶ ᠠᠮᠠᠪᠴᠢ ᠵᠡᠭᠦᠬᠦ᠂ ᠭᠠᠷ ᠢᠶᠠᠨ ᠪᠠᠶᠢᠩᠭᠤ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠠᠶᠢᠩᠭᠤ ᠠᠷᠢᠭᠤᠳᠬᠠᠬᠤ ᠵᠡᠷᠭᠡ ᠡᠷᠡᠭᠦᠯ ᠴᠢᠬᠢᠷᠠᠭ ᠠᠮᠢᠳᠤᠷᠠᠯ ᠤᠨ ᠳᠠᠳᠬᠠᠯ ᠢ ᠪᠠᠷᠢᠮᠲᠠᠯᠠᠵᠤ᠂ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠳᠤ ᠪᠠᠨ ᠪᠡᠶ᠎ᠡ ᠶᠢᠨ ᠬᠠᠯᠠᠭᠤᠨ ᠢ ᠬᠡᠮᠵᠢᠬᠦ᠂ ᠺᠣᠳ᠋ ᠢ ᠰᠢᠯᠭᠠᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠵᠢᠭᠤᠯᠴᠢᠯᠠᠨ ᠰᠠᠭᠤᠭᠰᠠᠨ ᠲᠡᠦᠬᠡ᠂ ᠡᠪᠡᠳᠴᠢᠨ ᠤ ᠪᠠᠶᠢᠳᠠᠯ ᠵᠡᠷᠭᠡ ᠶᠢ ᠬᠠᠤᠯᠢ ᠶᠣᠰᠣᠭᠠᠷ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠶ᠃      ︵ᠬᠤᠶᠠᠷ︶ ᠬᠤᠪᠢ ᠬᠥᠮᠦᠨ ᠵᠢᠴᠢ ᠭᠡᠷ ᠤᠨ ᠬᠥᠮᠦᠰ ᠤᠨ ᠢᠶᠠᠨ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠰᠡᠷᠭᠡᠶᠢᠯᠡᠨ ᠬᠠᠮᠠᠭᠠᠯᠠᠬᠤ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠳᠠᠷᠤᠶᠢᠬᠠᠨ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠥᠨ᠂ ᠡᠮᠨᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ  ᠤ ᠪᠠᠭᠠᠵᠢ ᠳᠤ ᠰᠠᠭᠤᠬᠤ ᠦᠭᠡᠶ ᠪᠠᠶᠢᠬᠤ ᠬᠡᠷᠡᠭᠲᠡᠶ᠃      ︵ᠭᠤᠷᠪᠠ︶ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠲᠠᠸᠠᠷ ᠢ ᠴᠢᠬᠤᠯᠠ ᠪᠤᠰᠤ ᠥᠶ᠎ᠠ ᠳᠤ ᠬᠤᠳᠠᠯᠳᠤᠨ ᠠᠪᠬᠤ ᠥᠬᠡᠶ᠃ ᠦᠨᠡᠨ ᠬᠦ ᠬᠤᠳᠠᠯᠳᠤᠨ ᠠᠪᠬᠤ ᠴᠢᠬᠤᠯᠠᠲᠠᠶ ᠪᠠᠶᠢᠪᠠᠯ᠂ ︽ᠲᠥᠪᠯᠡᠷᠡᠭᠦᠯᠦᠨ ᠬᠦᠷᠭᠡᠬᠦ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠶᠢᠨ ᠬᠠᠮᠲᠤ᠂ ᠲᠦᠷᠭᠡᠨ ᠬᠦᠷᠭᠡᠯᠲᠡ ᠶᠢ ᠭᠥᠯᠢᠶᠡᠨ ᠠᠪᠬᠤ ᠦᠶ᠎ᠡ ᠳᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠨᠢᠭᠡ ᠯᠡ ᠤᠳᠠᠭ᠎ᠠ ᠭᠡᠷᠡᠭᠯᠡᠭᠦ ᠪᠡᠭᠡᠯᠡᠶ ᠪᠠ ᠠᠮᠠᠪᠴᠢ ᠵᠡᠭᠦᠬᠦ ᠬᠡᠷᠡᠭᠲᠡᠶ᠃      ︵ᠳᠥᠷᠪᠡ︶ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠨᠢ ᠮᠥᠨ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠨᠥᠬᠦᠴᠡᠯ ᠳᠤ ᠨᠡᠶᠢᠴᠡᠬᠦ ᠬᠥᠮᠦᠰ᠂ ᠢᠯᠠᠩᠭᠤᠶ᠎ᠠ 60 ᠨᠠᠰᠤᠨ ᠠᠴᠠ ᠳᠡᠭᠡᠭᠰᠢᠬᠢ ᠲᠠᠷᠢᠯᠭ᠎ᠠ ᠶᠢᠨ ᠴᠡᠬᠡᠷ ᠥᠬᠡᠶ ᠨᠠᠰᠤᠲᠠᠶᠢᠴᠤᠳ ᠪᠥᠬᠦ ᠶᠠᠪᠤᠴᠠ ᠶᠢᠨ ᠡᠭᠡᠯᠢᠯᠡᠭᠡ ᠶᠢᠨ ᠲᠠᠷᠢᠯᠭ᠎ᠠ ᠶᠢ ᠠᠯᠢ ᠲᠦᠷᠭᠡᠨ ᠢᠶᠠᠷ ᠪᠡᠶᠡᠯᠡᠭᠦᠯᠬᠦ ᠬᠡᠷᠡᠭᠲᠡᠶ᠃       ᠳᠣᠯᠤᠭ᠎ᠠ᠂ ᠱᠠᠩᠨᠠᠯ ᠲᠠᠢ ᠢᠯᠡᠴᠢᠯᠡᠨ ᠮᠡᠳᠡᠭᠦᠯᠬᠦ ᠶᠢ ᠰᠠᠨᠠᠭᠠᠴᠢᠯᠠᠬᠤ ᠬᠡᠷᠡᠭᠲᠡᠶ᠃ ᠥᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠵᠦ᠂ ᠬᠢᠨᠠᠨ ᠬᠠᠷᠭᠤᠭᠤᠯᠤᠭᠰᠠᠨ ᠤ ᠳᠠᠷᠠᠭ᠎ᠠ ᠵᠣᠬᠢᠬᠤ ᠱᠠᠩᠨᠠᠯ ᠣᠯᠭᠤᠨ᠎ᠠ᠃ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ ᠶᠢᠨ ᠬᠠᠮᠲᠤ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠠ᠃                                                 2022 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ                             
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ