| 1 — 3 ᠰᠠᠷ᠎ᠠ ᠳᠤ᠂ ᠪᠥᠬᠦ ᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠵᠠᠬ᠎ᠠ | ᠳᠡᠯᠭᠡᠭᠦᠷ ᠤᠨ ᠬᠡᠷᠡᠭᠯᠡᠭᠡ ᠶᠢᠨ ᠰᠡᠷᠭᠦᠯᠲᠡ ᠶᠢᠨ ᠬᠠᠨᠳᠤᠰᠢ ᠤᠳᠠᠭᠠᠰᠢᠷᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ | ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ 15.5% ᠪᠠᠷ ᠨᠡᠮᠡᠭᠳᠡᠪᠡ᠃ | ᠨᠢᠭᠡ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠲᠦᠷᠦᠯ ᠨᠡᠯᠢᠶᠡᠳ ᠲᠦᠷᠭᠡᠨ ᠨᠡᠮᠡᠭᠳᠡᠪᠡ᠃ 1 — 3 ᠰᠠᠷ᠎ᠠ ᠳᠤ᠂ ᠪᠥᠬᠦ | ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠠᠷᠢᠬᠢ ᠲᠠᠮᠠᠬᠢᠨ ᠤ ᠵᠦᠢᠯ ᠪᠠ ᠡᠳᠦᠷ ᠲᠤᠲᠤᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠤᠰᠪᠤᠷᠢ 15.4%᠂ 10.5% ᠪᠠ 47.6% ᠪᠠᠷ ᠨᠡᠮᠡᠭᠳᠡᠪᠡ᠃ | ᠬᠤᠶᠠᠷ᠂ ᠬᠢᠲᠠᠳ ᠧᠦ᠋ᠷᠣᠫᠠ ᠡᠮ ᠤᠨ ᠲᠦᠷᠦᠯ ᠲᠣᠭᠲᠠᠭᠤᠨ ᠢᠶᠠᠷ ᠨᠡᠮᠡᠭᠳᠡᠪᠡ᠃ 1 — 3 ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠬᠢᠲᠠᠳ ᠧᠦ᠋ᠷᠣᠫᠠ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 3.8% ᠪᠠᠷ ᠨᠡᠮᠡᠭᠳᠡᠪᠡ᠃ | ᠭᠤᠷᠪᠠ᠂ ᠭᠤᠣᠯᠳᠠᠯᠭ᠎ᠠ ᠲᠠᠢ ᠠᠵᠢᠯ ᠲᠦᠷᠦᠯ ᠤᠨ ᠬᠡᠷᠡᠭᠯᠡᠭᠡ ᠳᠡᠭᠡᠭᠰᠢᠯᠡᠯᠲᠡ ᠲᠠᠢ ᠮᠥᠷᠲᠡᠭᠡᠨ ᠪᠠᠭᠤᠷᠠᠯᠲᠠ ᠲᠠᠢ ᠪᠣᠯᠪᠠ᠃ 1 — 3 ᠰᠠᠷ᠎ᠠ ᠳᠤ᠂ | ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠴᠢᠯᠠᠭᠤᠨ ᠲᠣᠰᠣ ᠵᠢᠴᠢ ᠦᠢᠯᠡᠳᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ | 44.5% ᠪᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 9.5% ᠪᠠᠷ ᠪᠠᠭᠤᠷᠠᠪᠠ᠃ | ᠳᠥᠷᠪᠡ᠂ ᠬᠤᠭᠤᠯᠠ ᠤᠮᠳᠠ ᠶᠢᠨ ᠠᠵᠢᠯ ᠲᠥᠷᠥᠯ ᠬᠢᠵᠢᠭ ᠤᠨ ᠨᠥᠯᠥᠭᠡ ᠶᠢ ᠨᠡᠯᠢᠶᠡᠳ ᠶᠡᠭᠡ ᠭᠥᠷᠳᠡᠪᠡ᠃ 1 — 3 ᠰᠠᠷ᠎ᠠ ᠳᠤ᠂ ᠪᠥᠬᠦ ᠬᠤᠲᠠ ᠶᠢᠨ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠨᠣᠷᠮ᠎ᠠ 3.9% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ 31.4% ᠪᠠᠷ ᠪᠠᠭᠤᠷᠠᠪᠠ᠃ | |