ᠮᠠᠨ ᠤ ᠬᠤᠲᠠ ︽ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ︾ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/29
      4 ᠰᠠᠷ᠎ᠠ ᠶᠢᠨ 28 ᠤ ᠡᠳᠦᠷ᠂ ᠮᠠᠨ ᠤ ᠬᠤᠲᠠ ︽ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ︾ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠤᠯᠠᠭᠠᠨᠬᠠᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠬᠠᠨ ᠶᠤᠸᠠᠢ ᠵᠢᠶᠧ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠬᠤᠩ ᠰᠢᠨ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠰᠦᠨ ᠵᠢᠩ ᠬᠤᠸᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠭᠦᠸᠧ ᠵᠢᠶᠠᠨ ᠸᠧᠶ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃       ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠴᠧᠨ ᠵᠥᠩ ᠽᠧ ᠬᠤᠷᠠᠯ ᠡᠷᠬᠢᠯᠡᠪᠡ᠃ ᠳᠡᠳ᠋ ᠬᠡᠯᠲᠡᠰ ᠤᠨ ᠲᠠᠷᠤᠭ᠎ᠠ ᠴᠧᠨ ᠵᠥᠩ ᠽᠧ᠂ ᠲᠦᠷᠦᠭᠦᠬᠡᠨ ᠤᠯᠠᠭᠠᠨᠬᠠᠳᠠ ᠶᠢᠨ ᠠᠷᠠᠳ ᠤᠨ ᠳᠤᠮᠲᠠ ᠵᠡᠷᠭᠡ ᠶᠢᠨ ᠰᠢᠭᠦᠬᠦ ᠬᠤᠷᠢᠶ᠎ᠠ ᠪᠣᠯᠤᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠲᠤᠷᠠᠨ ︽ᠬᠥᠳᠡᠯᠮᠦᠷᠢ ᠶᠢᠨ ᠮᠠᠷᠭᠤᠯᠳᠤᠭᠠᠨ ᠤ ᠵᠠᠷᠭᠤᠯᠳᠤᠬᠤ ᠲᠠᠰᠤᠯᠬᠤ ᠡᠶᠡᠳᠡᠭᠦᠯᠬᠦ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠳᠥᠷᠪᠡᠨ ᠨᠢᠭᠡᠴᠡ ᠬᠠᠮᠲᠤᠷᠠᠨ ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ ᠲᠥᠪ ᠵᠢᠴᠢ ᠬᠥᠳᠡᠯᠮᠦᠷᠢ ᠶᠢᠨ ᠮᠠᠷᠭᠤᠯᠳᠤᠭᠠᠨ ᠤ ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ ᠠᠵᠢᠯ ᠤᠨ ᠲᠠᠰᠤᠭ ᠢ ᠪᠠᠶᠢᠭᠤᠯᠤᠭᠰᠠᠨ ᠨᠢ ᠮᠠᠨ ᠤ ᠬᠤᠲᠠ ᠶᠢᠨ ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ ᠲᠣᠭᠲᠠᠴᠠ ᠠᠩᠬ᠎ᠠ ᠠᠯᠬᠤᠮ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃ ᠡᠨᠡ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠠᠷᠭᠤ ᠶᠢᠨ ᠨᠡᠮᠡᠭᠳᠡᠯ ᠤᠨ ᠬᠡᠮᠵᠢᠶ᠎ᠡ ᠶᠢ ᠡᠬᠢ ᠰᠤᠷᠪᠤᠯᠵᠢ ᠠᠴᠠ ᠨᠢ ᠪᠠᠭᠠᠰᠬᠠᠬᠤ︾ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ︽ᠵᠢᠷᠭᠤᠭᠠᠨ ᠤᠯᠠᠭᠠᠨᠬᠠᠳᠠ︾ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠪᠣᠳᠠᠲᠠᠶ ᠦᠢᠯᠡᠳᠦᠯᠭᠡ ᠮᠥᠨ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠪᠦᠲᠦᠮᠵᠢᠲᠡᠶ ᠪᠠᠷ ᠠᠷᠢᠯᠭᠠᠵᠤ᠂ ᠬᠠᠤᠯᠢ ᠴᠠᠭᠠᠵᠠ ᠶᠢᠨ ᠠᠷᠠᠳ ᠲᠦᠮᠡᠨ ᠳᠤ ᠦᠢᠯᠡᠴᠢᠯᠡᠬᠦ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠵᠢᠭᠠᠵᠤ ᠭᠠᠷᠭᠠᠪᠠ᠃      ᠳᠡᠳ᠋ ᠬᠤᠷᠢᠶᠠᠨ ᠳᠠᠷᠤᠭ᠎ᠠ ᠬᠠᠨ ᠶᠤᠸᠠᠢ ᠵᠢᠶᠧ ᠤᠯᠠᠭᠠᠨᠬᠠᠳᠠ ᠶᠢᠨ ᠰᠢᠭᠦᠬᠦ ᠬᠤᠷᠢᠶ᠎ᠠ ᠶᠢᠨ ᠶᠡᠷᠦᠩᠬᠡᠢ ᠬᠡᠷᠡᠭ ᠢ ᠬᠦᠯᠢᠶᠠᠨ ᠠᠪᠴᠤ ᠰᠢᠢᠳᠪᠦᠷᠢᠯᠡᠭᠰᠡᠨ ᠪᠠᠶᠢᠳᠠᠯ ᠵᠢᠴᠢ ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ ᠲᠥᠪ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠲᠠᠨᠢᠯᠴᠠᠭᠤᠯᠬᠤ ᠶᠢᠨ ᠬᠠᠮᠲᠤ ᠤᠳᠤᠷᠢᠳᠤᠯᠭ᠎ᠠ ᠪᠠᠨ ᠴᠢᠩᠭᠠᠳᠬᠠᠨ᠂ ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠢ ᠬᠠᠤᠯᠢ ᠴᠠᠭᠠᠵᠠ ᠶᠢᠨ ︽ᠬᠢᠯᠠᠰ ᠢᠨᠵᠧᠨᠧᠷᠢᠩ︾ ᠢ ᠪᠠᠶᠢᠭᠤᠯᠬᠤ᠂ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠨ᠂ ᠣᠷᠣᠯᠴᠠᠬᠤ ᠶᠢ ᠭᠦᠨᠵᠡᠭᠡᠶᠢᠷᠡᠭᠦᠯᠵᠦ᠂ ᠵᠠᠷᠭᠤ ᠶᠢᠨ ᠢᠷᠡᠯᠳᠡ ᠶᠢ ᠵᠠᠰᠠᠬᠤ ︽ᠰᠠᠭᠤᠷᠢ ᠶᠢ ᠴᠢᠩᠭᠠᠳᠬᠠᠬᠤ ᠢᠨᠵᠧᠨᠧᠷᠢᠩ︾ ᠢ ᠪᠠᠶᠢᠭᠤᠯᠬᠤ᠂ ᠴᠢᠨᠠᠷ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠠᠷᠠᠳ ᠤᠨ ᠲᠥᠯᠥᠭᠡ ᠬᠠᠤᠯᠢ ᠪᠠᠷᠢᠬᠤ ︽ᠠᠷᠠᠳ ᠤᠨ ᠰᠡᠳᠬᠢᠯ ᠤᠨ ᠢᠨᠵᠧᠨᠧᠷᠢᠩ︾ ᠢ ᠪᠤᠢ ᠪᠣᠯᠭᠠᠬᠤ ᠭᠤᠷᠪᠠᠨ ᠲᠠᠯ᠎ᠠ ᠪᠠᠷ ᠪᠦᠬᠦ ᠬᠤᠳᠠ ᠶᠢᠨ ᠰᠢᠭᠦᠬᠦ ᠬᠤᠷᠢᠶ᠎ᠠ ᠶᠢᠨ ᠤᠯᠠᠨ ᠡᠰᠢᠴᠢᠯᠡᠨ ᠵᠢᠭᠤᠷᠠᠯᠳᠤᠭᠠᠨ ᠢ ᠰᠢᠢᠳᠪᠦᠷᠢᠯᠡᠬᠦ ᠪᠠ ᠵᠠᠷᠭᠤ ᠶᠢᠨ ᠦᠢᠯᠡᠴᠢᠯᠡᠭᠡ ᠶᠢ ᠲᠦᠯᠬᠢᠨ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠭᠦᠨᠵᠡᠭᠡᠶ ᠲᠠᠶᠢᠯᠪᠤᠷᠢᠯᠠᠪᠠ᠃ ᠪᠥᠬᠦ ᠬᠤᠲᠠ ᠶᠢᠨ ᠰᠢᠭᠦᠬᠦ ᠬᠤᠷᠢᠶ᠎ᠠ ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ ᠲᠥᠪ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠵᠢᠭᠤᠷᠠᠯᠳᠤᠭᠠᠨ ᠢ ᠰᠢᠢᠳᠪᠦᠷᠢᠯᠡᠬᠦ ᠪᠠ ᠵᠠᠷᠭᠤ ᠶᠢᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠣᠯᠠᠨ ᠡᠰᠢᠴᠢᠯᠡᠨ ᠵᠢᠭᠤᠷᠠᠯᠳᠤᠭᠠᠨ ᠢ ᠰᠢᠢᠳᠪᠦᠷᠢᠯᠡᠬᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ᠂ ᠤᠬᠠᠭᠠᠯᠢᠭ ᠪᠥᠭᠡᠳ ᠨᠠᠷᠢᠯᠢᠭ ᠣᠨᠣᠴᠠᠲᠠᠶ᠂ ᠨᠡᠭᠡᠭᠡᠯᠲᠡᠲᠡᠶ ᠪᠠᠷ ᠬᠠᠷᠢᠯᠴᠠᠨ ᠬᠥᠳᠡᠯᠦᠯᠴᠡᠬᠦ᠂ ᠠᠭᠤᠰᠤᠯᠴᠠᠨ ᠬᠠᠮᠲᠤ ᠪᠠᠷ ᠡᠳ᠋ᠯᠡᠬᠦ ᠣᠳᠣᠬᠢᠴᠢᠯᠠᠭᠰᠠᠨ ᠵᠠᠷᠭᠤ ᠶᠢᠨ ᠦᠢᠯᠡᠴᠢᠯᠡᠭᠡᠨ ᠤ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠤᠨ᠎ᠠ ᠭᠡᠵᠦ ᠴᠢᠬᠤᠯᠠᠴᠢᠯᠠᠪᠠ᠃      ᠳᠡᠳ᠋ ᠲᠣᠪᠴᠢᠶᠠᠨ ᠳᠠᠷᠤᠭ᠎ᠠ ᠵᠠᠩ ᠬᠤᠩ ᠰᠢᠨ ᠪᠥᠬᠦ ᠬᠤᠲᠠ ᠶᠢᠨ ᠠᠷᠠᠳ ᠤᠨ ᠡᠶᠡᠳᠡᠭᠦᠯᠭᠡ ᠶᠢᠨ ᠠᠵᠢᠯ ᠪᠣᠯᠤᠨ ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ ᠠᠵᠢᠯ ᠤᠨ ᠪᠠᠶᠢᠳᠠᠯ ᠢ ᠨᠠᠷᠢᠨ ᠲᠠᠨᠢᠯᠴᠠᠭᠤᠯᠪᠠ᠃ ᠠᠷᠠᠳ ᠤᠨ ᠡᠶᠡᠳᠡᠭᠦᠯᠭᠡ ᠶᠢᠨ ᠠᠵᠢᠯ ᠨᠢ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠮᠥᠨ ᠭᠡᠵᠦ ᠵᠢᠭᠠᠵᠤ ᠭᠠᠷᠭᠠᠪᠠ᠃ ᠣᠳᠣᠬᠠᠨ ᠳᠤ ᠮᠠᠨ ᠤ ᠬᠤᠲᠠ ᠡᠯ᠎ᠡ ᠱᠠᠲᠤᠨ ᠤ ᠡᠯ᠎ᠡ ᠲᠥᠷᠥᠯ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢ ᠨᠡᠶᠢᠲᠡ 2799 ᠪᠠᠶᠢᠭᠤᠯᠵᠤ᠂ ᠡᠶᠡᠳᠡᠭᠦᠯᠦᠭᠴᠢ 10205 ᠬᠥᠮᠦᠨ ᠪᠠᠶᠢᠵᠤ᠂ ᠬᠤᠲᠠ ᠰᠢᠶᠠᠨ ᠬᠥᠳᠡᠭᠡ ᠲᠣᠰᠬᠤᠨ ᠢ ᠭᠤᠯᠳᠤ ᠪᠠᠷ ᠨᠡᠪᠲᠡᠷᠡᠭᠰᠡᠨ᠂ ᠡᠮᠴᠢᠯᠡᠭᠡ᠂ ᠵᠠᠮ ᠬᠠᠷᠢᠯᠴᠠᠭ᠎ᠠ᠂ ᠬᠥᠳᠡᠯᠮᠦᠷᠢ ᠶᠢᠨ ᠮᠠᠷᠭᠤᠯᠳᠤᠭᠠᠨ᠂ ᠣᠷᠤᠭ ᠬᠡᠷ ᠪᠦᠯᠢ ᠵᠡᠷᠭᠡ ᠬᠦᠷᠢᠶ᠎ᠡ ᠴᠠᠷᠠᠭ᠎ᠠ ᠶᠢ ᠬᠥᠨᠳᠡᠯᠡᠨ ᠢᠶᠠᠷ ᠬᠠᠮᠤᠷᠤᠭᠰᠠᠨ ᠲᠤᠰᠬᠠᠶ ᠮᠡᠷᠭᠡᠵᠢᠯ ᠤᠨ ᠴᠢᠨᠠᠷᠲᠠᠶ ᠠᠵᠢᠯ ᠲᠥᠷᠥᠯ ᠤᠨ ᠴᠢᠨᠠᠷᠲᠠᠶ ᠲᠣᠬᠢᠷᠠᠭᠤᠯᠬᠤ ᠵᠥᠪᠯᠡᠯ ᠢ 154 ᠪᠠᠶᠢᠭᠤᠯᠵᠤ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠭᠤᠤᠯᠯᠠᠨ ᠤᠳᠤᠷᠢᠳᠤᠭᠰᠠᠨ ᠡᠯ᠎ᠡ ᠰᠠᠯᠠᠭ᠎ᠠ ᠮᠥᠴᠢᠷ ᠤᠨ ᠬᠠᠮᠲᠤᠷᠠᠨ ᠬᠠᠮᠲᠤᠷᠠᠯᠴᠠᠭᠰᠠᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠪᠡ᠃       ᠳᠡᠳ᠋ ᠲᠡᠷᠢᠭᠦᠯᠡᠭᠴᠢ ᠰᠦᠨ ᠵᠢᠩ ᠬᠤᠸᠠ᠂ ︽ᠰᠢᠭᠦᠬᠦ ᠬᠤᠷᠢᠶ᠎ᠠ + ᠠᠵᠢᠯᠴᠢᠨ ᠤ ᠡᠪᠯᠡᠯ︾ ᠤᠨ ᠠᠵᠢᠯ ᠤᠨ ᠬᠡᠯᠪᠡᠷᠢ ᠪᠠᠷ ᠰᠠᠭᠤᠷᠢ ᠪᠣᠯᠭᠠᠵᠤ ᠬᠤᠲᠠ ᠶᠢᠨ ᠱᠠᠲᠤᠨ ᠤ ᠬᠥᠳᠡᠯᠮᠦᠷᠢ ᠶᠢᠨ ᠮᠠᠷᠭᠤᠯᠳᠤᠭᠠᠨ ᠤ ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ ᠠᠵᠢᠯ ᠤᠨ ᠲᠠᠰᠤᠭ ᠢ ᠪᠠᠶᠢᠭᠤᠯᠬᠤ ᠪᠣᠯ ᠬᠥᠳᠡᠯᠮᠦᠷᠢ ᠶᠢᠨ ᠮᠠᠷᠭᠤᠯᠳᠤᠭᠠᠨ ᠤ ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ ᠠᠵᠢᠯ ᠢ ᠣᠷᠭᠠᠨᠢᠭ ᠢᠶᠠᠷ ᠵᠣᠯᠭᠠᠭᠤᠯᠬᠤ᠂ ᠣᠯᠠᠨ ᠡᠰᠢᠵᠢᠬᠦᠯᠦᠨ ᠡᠶᠡᠳᠡᠭᠦᠯᠬᠦ ᠶᠢ ᠰᠢᠨ᠎ᠡ ᠪᠠᠷ ᠡᠭᠦᠳᠦᠨ ᠰᠦᠪᠡᠭᠴᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠲᠤᠷᠰᠢᠯᠲᠠ ᠶᠢᠨ ᠴᠢᠭ ᠤᠷᠢᠳᠴᠢᠯᠡᠨ᠂ ᠯᠠᠪᠳᠠᠭᠤᠨ ᠢᠶᠠᠷ ᠠᠬᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠠᠲᠤᠯᠠᠭ᠎ᠠ ᠶᠢ ᠴᠢᠩᠭᠠᠳᠬᠠᠵᠤ᠂ ᠬᠢᠨᠠᠨ ᠰᠢᠯᠭᠠᠬᠤ ᠶᠢ ᠨᠠᠷᠢᠯᠢᠬᠵᠢᠭᠤᠯᠤᠨ᠂ ᠬᠠᠮᠢᠶᠠᠷᠤᠯᠲᠠ ᠶᠢ ᠨᠠᠷᠢᠯᠢᠭᠵᠢᠭᠤᠯᠬᠤ ᠭᠤᠷᠪᠠᠨ ᠲᠠᠯ᠎ᠠ ᠪᠠᠷ ᠬᠦᠴᠦᠲᠡᠶ ᠠᠷᠭ᠎ᠠ ᠬᠡᠮᠵᠢᠶ᠎ᠡ ᠠᠪᠴᠤ᠂ ᠡᠯ᠎ᠡ ᠰᠠᠯᠠᠭ᠎ᠠ ᠮᠥᠴᠢᠷ ᠲᠠᠢ ᠬᠠᠮᠵᠢᠯᠴᠠᠨ ᠬᠥᠳᠡᠯᠮᠦᠷᠢ ᠶᠢᠨ ᠮᠠᠷᠭᠤᠯᠳᠤᠭᠠᠨ ᠤ ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ ᠠᠵᠢᠯ ᠢ ᠲᠦᠯᠬᠢᠨ ᠠᠬᠢᠭᠤᠯᠵᠤ᠂ ᠠᠵᠢᠯᠳᠠᠨ ᠠᠵᠢᠯᠴᠢᠨ ᠲᠦᠮᠡᠨ ᠳᠤ ᠨᠠᠶᠢᠳᠠᠪᠤᠷᠢᠲᠠᠶ ᠪᠠᠲᠤᠯᠠᠭ᠎ᠠ ᠬᠠᠩᠭᠠᠵᠤ᠂ ᠬᠥᠳᠡᠯᠮᠦᠷᠢᠴᠢᠳ ᠲᠤ ᠲᠥᠪ ᠭᠤᠣᠯᠴᠢ ᠰᠢᠳᠤᠷᠭᠤ ᠶᠣᠰᠣ ᠶᠢ ᠦᠨᠡᠨᠬᠦ ᠮᠡᠳᠡᠷᠡᠭᠦᠯᠦᠨ᠎ᠡ ᠭᠡᠵᠦ ᠢᠯᠡᠷᠬᠡᠶᠢᠯᠡᠪᠡ᠃       ᠳᠡᠳ᠋ ᠲᠣᠪᠴᠢᠶᠠᠨ ᠳᠠᠷᠤᠭ᠎ᠠ ᠭᠦᠸᠧ ᠵᠢᠶᠠᠨ ᠸᠧᠶ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠬᠦᠯᠦᠨ ᠰᠡᠷᠭᠡᠶᠢᠯᠡᠨ ᠠᠷᠢᠯᠭᠠᠬᠤ ᠶᠡᠷᠦᠩᠬᠡᠶᠢᠯᠡᠭᠰᠡᠨ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠮᠠᠷᠭᠤᠯᠳᠤᠭᠠᠨ ᠤ ᠵᠠᠷᠭᠤᠯᠳᠤᠬᠤ ᠪᠠ ᠡᠶᠡᠳᠡᠭᠦᠯᠭᠡ ᠶᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠪᠠᠴᠢᠮ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠶ ᠴᠢᠩᠭᠠᠳᠬᠠᠵᠤ᠂ ᠰᠢᠨ᠎ᠡ ᠴᠠᠭ ᠦᠶ᠎ᠡ ᠶᠢᠨ ︽ᠹᠧᠩᠴᠢᠶᠣᠣ ᠶᠢᠨ ᠲᠤᠷᠰᠢᠯᠭ᠎ᠠ︾ ᠶᠢᠨ ᠰᠢᠨ᠎ᠡ ᠶᠢ ᠡᠭᠦᠳᠬᠦ ᠪᠠ ᠬᠥᠭᠵᠢᠭᠦᠯᠬᠦ ᠶᠢ ᠪᠠᠷᠢᠮᠲᠠᠯᠠᠵᠤ᠂ ᠠᠷᠠᠳ ᠤᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠵᠢᠯᠴᠢᠨ ᠤ ᠡᠪᠯᠡᠯ ᠯᠦᠭᠡ ᠶᠢᠨ ᠵᠣᠯᠭᠠᠯᠴᠠᠭ᠎ᠠ ᠬᠠᠷᠢᠯᠴᠠᠭ᠎ᠠ᠂ ᠵᠣᠬᠢᠴᠠᠯᠳᠤᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠣᠮᠢᠰ ᠤᠨ ᠣᠨᠴᠠ ᠤᠷᠢᠭᠰᠠᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠠᠰᠤᠭ ᠢ ᠭᠦᠢᠴᠡᠳ ᠠᠰᠢᠭᠯᠠᠨ᠂ ᠬᠥᠳᠡᠯᠮᠦᠷᠢ ᠶᠢᠨ ᠬᠠᠷᠢᠴᠠᠭᠠᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦ ᠪᠠᠨ ᠬᠠᠮᠲᠤᠳᠬᠠᠨ ᠰᠡᠷᠭᠡᠶᠢᠯᠡᠨ ᠠᠷᠢᠯᠭᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ