ᠬᠤᠲᠠ ᠶᠢᠨ ᠵᠠᠰᠠᠭ ᠤᠨ ᠣᠷᠳᠣᠨ 2022 ᠣᠨ ᠤ ᠳᠣᠯᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/7
        4 ᠰᠠᠷ᠎ᠠ ᠶᠢᠨ 2 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ  ᠸᠠᠩ ᠱᠧᠩ 2022 ᠣᠨ ᠤ ᠳᠣᠯᠤᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ  ᠳᠤ ᠲᠤᠰᠢᠶᠠᠨ  ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠢᠨᠠᠨ ᠪᠠᠶᠢᠴᠠᠭᠠᠵᠤ  ᠰᠢᠢᠳᠪᠦᠷᠢᠯᠡᠪᠡ᠃        ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠨᠢ ᠳᠤᠮᠳᠠᠳᠤ ᠶᠢᠨ ᠦᠨᠳᠦᠰᠦᠲᠡᠨ ᠤ ᠠᠯᠤᠰ ᠬᠡᠳᠤ ᠶᠢᠨ ᠪᠤᠳᠤᠯᠭ᠎ᠠ᠂ ᠦᠷ᠎ᠡ ᠬᠤᠶᠢᠴᠢᠰ ᠤᠨ ᠢᠶᠠᠨ ᠲᠥᠯᠦᠭᠡ ᠪᠣᠳᠣᠯᠬᠢᠯᠠᠬᠤ ᠶᠡᠭᠡ ᠲᠠᠯ᠎ᠠ ᠶᠢᠨ ᠦᠵᠡᠯᠲᠡ ᠶᠢ ᠢᠯᠡᠷᠡᠭᠦᠯᠵᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ  ᠤᠳ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠡᠪᠳᠡᠷᠡᠳᠡᠯ᠎ᠡ ᠰᠤᠷᠤᠯᠴᠠᠨ ᠣᠶᠢᠯᠠᠭᠠᠵᠤ ᠨᠠᠶᠢᠳᠠᠪᠤᠷᠢᠵᠢᠭᠤᠯᠵᠤ᠂ ᠤᠳᠠᠭ᠎ᠠ ᠪᠦᠷᠢ ᠶᠢᠨ ᠲᠥᠪ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠳᠤ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂  ᠬᠤᠷᠠᠮᠳᠤᠯ ᠶᠢ ᠪᠠᠭᠠᠰᠬᠠᠬᠤ ᠨᠡᠮᠡᠭᠳᠡᠯ ᠢ ᠬᠤᠷᠢᠭᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂  ᠠᠰᠠᠭᠤᠳᠠᠯ ᠤᠨ ᠦᠨᠳᠦᠰᠦ ᠶᠢ ᠨᠢ ᠣᠨᠣᠪᠴᠢᠲᠠᠢ ᠡᠷᠢᠵᠦ᠂ ᠲᠣᠬᠢᠷᠠᠭᠤᠯᠤᠨ ᠵᠠᠰᠠᠵᠤ᠂ ᠦᠩᠭᠡᠨ ᠲᠠᠯ᠎ᠠ ᠦᠨᠳᠦᠰᠦ ᠠᠴᠠ ᠨᠢ  ᠵᠡᠷᠭᠡᠪᠡᠷ ᠵᠠᠰᠠᠵᠤ᠂ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠯᠲᠠ ᠶᠢᠨ ᠠᠵᠢᠯ ᠤᠨ ᠠᠬᠢᠯᠲᠠ ᠳᠠᠪᠰᠢᠯᠲᠠ ᠶᠢ ᠠᠬᠢᠭᠤᠯᠬᠤ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠭᠡᠬᠦ ᠭᠤᠣᠯ ᠰᠢᠵᠢᠮ ᠤᠨ ᠲᠣᠭᠤᠷᠢᠨ ᠳᠤ᠂ ᠤᠯᠠᠨ ᠡᠰᠢᠴᠢᠯᠡᠨ ᠬᠥᠭᠵᠢᠭᠰᠡᠨ᠂ ᠤᠯᠠᠨ‌‍ᠲ᠋ᠦ᠋ᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠠᠵᠤ ᠦᠢᠯᠡᠰ ᠤᠨ ᠦᠷᠳᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠰᠢ ᠳᠠᠪᠰᠢᠬᠤ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ᠃ ᠬᠦᠬᠡ ᠣᠭᠲᠠᠷᠭᠤᠢ᠂ ᠬᠦᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠭᠤᠣᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠬᠡᠷᠡᠭᠵᠢᠭᠦᠯᠵᠦ᠂ ᠤᠯᠤᠰ ᠠᠴᠠ ᠡᠵᠡᠮᠳᠡᠬᠦ ᠣᠭᠲᠣᠯᠤᠭᠠᠰᠤ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠪᠠ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠡᠷᠦᠩᠬᠡᠢ ᠴᠣᠭᠴᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠨᠡᠭᠦᠷᠡᠰᠦᠲᠥ᠋ᠷᠥᠭᠴᠢ ᠶᠢ ᠬᠤᠷᠢᠭᠯᠠᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ︽ᠬᠤᠶᠠᠷ ᠥᠨᠳᠥᠷ ᠨᠢᠭᠡ ᠳᠣᠣᠷ᠎ᠠ︾ ᠲᠦᠷᠦᠯ ᠵᠦᠢᠯ  ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ ᠂ ᠠᠮᠢ ᠠᠬᠤᠢ ᠶᠢᠨ ᠠᠵᠤ ᠦᠢᠯᠡᠰ ᠪᠣᠯᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ  ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠃ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠶᠠᠪᠤᠴᠠ ᠶᠢ ᠡᠵᠡᠮᠳᠡᠬᠦ᠂ ᠦᠷ᠎ᠡ ᠪᠦᠲᠦᠮᠵᠢ ᠪᠠᠷ ᠤᠷᠮᠠᠰᠢᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠪᠣᠬᠢᠷᠲᠤᠯ ᠦᠭᠡᠢ ᠲᠦᠷᠢᠮ ᠤᠨ ᠰᠢᠰᠲ᠋ᠧᠮ ᠢ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠤ ᠲᠣᠭᠲᠠᠭᠤᠨ ᠢᠶᠠᠷ ᠳᠡᠭᠡᠭᠰᠢᠯᠡᠬᠦ ᠶᠢ ᠪᠠᠲᠤᠯᠠᠬᠤ ᠬᠡᠷᠡᠭᠲᠡᠢ  ᠭᠡᠵᠦ ᠵᠢᠭᠠᠵᠤ  ᠭᠠᠷᠭᠠᠪᠠ᠃         ᠬᠤᠷᠠᠯ ᠠᠴᠠ᠂ ᠮᠠᠨ ᠤ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ  ᠬᠤᠷᠠᠮᠳᠤᠯ ᠨᠡᠯᠢᠶᠡᠳ ᠶᠡᠭᠡ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠨᠢ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠶᠢᠨ ᠱᠠᠭᠠᠷᠳᠠᠨ ᠪᠠᠶᠢᠴᠠᠭᠠᠯᠲᠠ ᠠᠴᠠ ᠲᠤᠰᠢᠶᠠᠨ  ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠦᠷᠭᠡᠨ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠢᠭᠡᠳ ᠨᠢᠭᠡ ᠪᠠᠷ ᠰᠢᠢᠳᠪᠦᠷᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠠᠬᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠦᠨᠡᠨᠬᠦ ᠠᠬᠢᠭᠤᠯᠬᠤ ᠬᠡᠷᠡᠭᠲᠡᠢ ᠃ ᠱᠠᠳᠤ ᠦᠶ᠎ᠡ ᠶᠢᠨ  ᠴᠢᠨᠠᠷ ᠪᠠ ᠤᠷᠳᠤ ᠬᠤᠭᠤᠴᠠᠭᠠᠨ ᠤ ᠴᠢᠨᠠᠷ ᠢ ᠤᠶᠠᠯᠳᠤᠭᠤᠯᠬᠤ᠂ ᠪᠣᠳᠠᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠠᠰᠠᠭᠤᠳᠠᠯ ᠢ ᠦᠨᠳᠦᠰᠦᠨ ᠠᠴᠠ ᠨᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠱᠠᠭᠠᠷᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠥᠨᠳᠥᠷ ᠪᠦᠲᠦᠮᠵᠢᠲᠡᠢ ᠠᠵᠢᠯᠯᠠᠬᠤ᠂ ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ ᠱᠠᠭᠠᠷᠳᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠂ ︽ᠱᠠᠭᠠᠷᠳᠠᠨ ᠰᠢᠯᠭᠠᠵᠤ ᠬᠤᠯᠪᠣᠭᠠᠯᠠᠨ ᠬᠥᠳᠡᠯᠦᠯᠴᠡᠬᠦ︾᠂ ︽ᠨᠢᠭᠡ ᠬᠡᠷᠡᠭ ᠢ ᠬᠤᠶᠠᠷ ᠲᠠᠯ᠎ᠠ ᠪᠠᠷ ᠪᠠᠶᠢᠴᠠᠭᠠᠬᠤ︾ ᠶᠢ ᠬᠡᠷᠡᠭᠵᠢᠭᠦᠯᠵᠦ᠂ ᠤᠴᠢᠷ ᠶᠠᠪᠤᠳᠠᠯ ᠶᠢ ᠨᠢ ᠠᠰᠠᠭᠤᠬᠤ᠂ ᠦᠷ᠎ᠡ ᠪᠦᠲᠦᠮᠵᠢ ᠶᠢ  ᠨᠢ ᠠᠰᠠᠭᠤᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠦᠨᠡᠨᠬᠦ ᠱᠠᠭᠠᠷᠳᠠᠨ ᠪᠣᠳᠠᠲᠠᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠰᠣᠩᠭᠤᠨ ᠪᠠᠶᠢᠴᠠᠭᠠᠬᠤ᠂ ᠰᠢᠯᠭᠠᠨ ᠪᠠᠶᠢᠴᠠᠭᠠᠬᠤ ᠶᠢ ᠳᠠᠭᠠᠭᠠᠵᠤ ᠳᠡᠶᠢᠯᠬᠦ ᠶᠢ ᠪᠠᠲᠤᠯᠠᠵᠤ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠵᠤ᠂ ᠤᠯᠠᠨ ᠲᠦᠮᠡᠨ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ ᠃ ᠬᠤᠳᠠ ᠶᠢᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ   ᠬᠡᠮᠵᠢᠶ᠎ᠡ ᠠᠪᠴᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃         ᠬᠤᠳᠠ ᠶᠢᠨ ᠳᠡᠳ᠋ ᠳᠠᠷᠤᠭ᠎ᠠ ᠱᠧᠩ ᠰᠢᠶᠣᠣ ᠶᠢᠦ᠂ ᠬᠤ᠋ ᠴᠢᠩ ᠹᠧᠩ᠂ ᠰᠦᠨ ᠬᠠᠢ ᠲᠤᠤ᠂ ᠭᠦᠸᠧ ᠰᠢ᠂ ᠶᠠᠩ ᠮᠦ᠂ ᠮᠧᠩ ᠰᠢᠶᠤᠤ ᠪᠢᠩ᠂ ᠵᠤᠤ ᡁᠢ ᠭᠠᠩ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠴᠧᠨ ᠵᠢᠩ ᠬᠤᠸᠠ ᠬᠤᠷᠠᠯ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ