ᠬᠤᠳᠠ ᠶᠢᠨ ᠵᠠᠰᠠᠭ ᠤᠨ ᠣᠷᠳᠣᠨ 2022 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/16
     5 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ 2022 ᠣᠨ ᠤ ᠶᠢᠰᠦᠳᠦᠭᠡᠷ ᠤᠳᠠᠭ᠎ᠠ ᠶᠢᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠪᠥᠬᠦ ᠤᠯᠤᠰ᠂ ᠪᠥᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 6 ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠵᠤ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳ᠋ᠦᠩᠨᠡᠨ ᠰᠢᠯᠭᠠᠨ ᠠᠪᠤᠭᠰᠠᠨ ᠪᠠᠶᠢᠳᠠᠯ ᠪᠠ ︽ᠤᠯᠠᠭᠠᠨᠬᠠᠳᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠮᠡᠳᠡᠭᠦᠯᠦᠯᠲᠡ︾ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨᠬᠦ ᠬᠦᠨᠳᠦ ᠨᠣᠴᠢᠲᠠᠢ ᠮᠥᠷᠳᠡᠭᠡᠨ ᠨᠠᠷᠢᠨ ᠪᠤᠳᠤᠯᠢᠶᠠᠨᠲᠠᠢ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠷᠠᠯ ᠤᠨ ᠵᠣᠷᠢᠭ ᠰᠠᠨᠠᠭᠠᠨ ᠤ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠨ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ︾ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠭᠤᠭᠴᠤᠭ᠎ᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠨ᠂ ᠡᠯ᠎ᠡ ᠲᠦᠷᠦᠯ ᠤᠨ ᠬᠥᠮᠦᠰ ᠤᠨ ᠪᠠᠶᠢᠴᠠᠭᠠᠨ ᠰᠢᠯᠭᠠᠬᠤ ᠤᠳᠠᠭ᠎ᠠ᠂ ᠪᠠᠶᠢᠴᠠᠭᠠᠨ ᠰᠢᠯᠭᠠᠬᠤ ᠴᠡᠭ ᠤᠨ ᠲᠠᠷᠬᠠᠯᠲᠠ ᠵᠢᠴᠢ ᠢᠯᠡᠴᠢᠯᠡᠨ ᠮᠡᠳᠡᠭᠦᠯᠵᠦ ᠬᠢᠨᠠᠯᠲᠠ ᠲᠠᠯᠪᠢᠬᠤ ᠳ᠋ᠢᠶᠠᠩᠬᠤᠸᠠ ᠶᠢ ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠤᠬᠢᠷᠠᠭᠤᠯᠤᠨ ᠲᠡᠭᠦᠯᠳᠡᠷᠵᠢᠭᠦᠯᠵᠦ᠂ ᠴᠢᠩᠭᠡᠯᠢᠭ ᠲᠠᠰᠤᠯᠭ᠎ᠠ ᠲᠠᠢ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠶᠢ ᠴᠢᠩᠭᠠᠳᠬᠠᠨ᠂ ᠸᠠᠺᠼᠢᠨ ᠤ ᠲᠠᠷᠢᠯᠭ᠎ᠠ ᠶᠢᠨ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ 6 ᠲᠥᠷᠥᠯ ᠤᠨ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯ ᠪᠣᠯ ᠴᠥᠮ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠂ ᠲᠥᠷᠦᠯ ᠪᠦᠷᠢ ᠨᠢ ᠴᠥᠮ ᠪᠥᠬᠦ ᠲᠠᠯ᠎ᠠ ᠳᠤ ᠬᠤᠯᠪᠣᠭᠳᠠᠵᠤ᠂ ᠶᠡᠭᠡ ᠲᠠᠯ᠎ᠠ ᠶᠢ ᠨᠥᠯᠥᠭᠡᠯᠡᠳᠡᠭ᠃ ᠥᠨᠳᠥᠷ ᠪᠠᠶᠢᠷᠢᠨ ᠳᠤ ᠵᠣᠭᠰᠤᠨ᠂ ᠦᠷᠭᠦᠯᠵᠢᠯᠡᠨ ᠬᠦᠴᠦᠯᠡᠵᠦ᠂ ᠰᠤᠯᠠᠷᠠᠭᠤᠯᠤᠯ ᠦᠭᠡᠢ ᠪᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠵᠠᠷ ᠣᠷᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠶᠢᠪᠤᠷᠰᠢᠬᠤ ᠪᠤᠳᠤᠯ᠂ ᠠᠵᠠ ᠬᠠᠷᠠᠭᠰᠠᠨ ᠪᠤᠳᠤᠯ ᠢ ᠡᠷᠡᠰ ᠲᠠᠶᠠᠭᠳᠠᠵᠤ᠂ ᠬᠠᠷᠠᠪᠠᠯ ᠬᠢᠵᠤ ᠬᠠᠷᠠᠬᠤ ᠦᠭᠡᠢ ᠪᠣᠯ ᠬᠢᠬᠦ ᠦᠭᠡᠢ ᠰᠠᠨᠠᠭᠠᠴᠢᠯᠠᠭᠠᠲᠤ ᠪᠤᠰᠤ ᠰᠡᠳᠬᠢᠴᠡ ᠶᠢᠨ ᠪᠠᠶᠢᠳᠠᠯ ᠢ ᠡᠷᠡᠰ ᠲᠡᠪᠴᠢᠬᠦ ᠬᠡᠷᠡᠭᠲᠡᠢ᠃ ᠱᠠᠭᠠᠷᠳᠠᠯᠭ᠎ᠠ ᠳᠤ ᠴᠢᠭᠯᠡᠭᠦᠯᠦᠨ᠂ ᠪᠠᠷᠢᠮᠵᠢᠶ᠎ᠠ ᠶᠢ ᠴᠢᠩᠳᠠᠯᠠᠵᠤ᠂ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠪᠦᠲᠦᠮᠵᠢ ᠲᠠᠢ ᠪᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠰᠠᠭᠤᠳᠠᠯ ᠬᠡᠮ ᠰᠣᠭᠤᠭ ᠢ ᠳᠠᠬᠢᠨ ᠡᠮᠬᠢᠯᠡᠨ᠂ ᠳᠠᠬᠢᠨ ᠵᠢᠭᠰᠠᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠠᠭ ᠬᠤᠭᠤᠴᠠᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠰᠠᠶᠢᠲᠤᠷ ᠡᠵᠡᠮᠳᠡᠵᠦ᠂ ᠬᠡᠮ ᠰᠣᠭᠤᠭ ᠢ ᠳᠠᠷᠦ᠋ᠢᠬᠠᠨ ᠠᠷᠢᠯᠭᠠᠵᠤ᠂ ᠠᠰᠠᠭᠤᠳᠠᠯ ᠢ ᠳᠠᠷᠦ᠋ᠢᠬᠠᠨ ᠰᠢᠢᠳᠪᠦᠷᠢᠯᠡᠨ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ᠂ ᠳᠡᠭᠡᠭᠰᠢ ᠮᠡᠳᠡᠭᠦᠯᠵᠦ ᠰᠢᠢᠳᠪᠦᠷᠢᠯᠡᠵᠦ ᠳᠠᠭᠤᠰᠬᠠᠭᠰᠠᠨ ᠠᠰᠠᠭᠤᠳᠠᠯ ᠳᠤ ︽ᠡᠷᠬᠢᠨ ᠬᠠᠷᠠᠬᠤ︾ ᠪᠠ ᠪᠣᠳᠠᠲᠠᠶ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ ᠬᠠᠷᠢᠭᠤ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠨ᠂ ᠲᠦᠷᠢᠮ ᠲᠣᠭᠲᠠᠭᠠᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠠᠶᠢᠩᠭᠤ ᠶᠢᠨ ᠪᠠ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠶᠢ ᠲᠦᠷᠭᠡᠳᠬᠡᠵᠦ᠂ ᠬᠢᠯᠪᠡᠷ ᠪᠤᠰᠤ ᠪᠠᠷ ᠣᠯᠤᠭᠰᠠᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠮᠥᠩᠭᠦᠨ ᠭᠦᠢᠯᠭᠡᠭᠡᠨ ᠤ ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠠᠰᠠᠭᠤᠳᠠᠯ ᠢ ᠴᠡᠭᠴᠡᠯᠡᠨ ᠵᠠᠰᠠᠬᠤ ᠠᠬᠢᠴᠠ ᠶᠢ ᠠᠬᠢᠭᠤᠯᠤᠨ᠂ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠩᠭᠤ ᠶᠢᠨ ᠵᠠᠰᠠᠯᠲᠠ ᠶᠢᠨ ᠲᠦᠷᠢᠮ ᠢ ᠲᠦᠷᠭᠡᠨ ᠪᠦᠷᠢᠨᠰᠢᠬᠦᠯᠵᠦ᠂ ᠲᠦᠷᠢᠮ ᠢᠶᠠᠷ ᠬᠥᠮᠦᠨ ᠢ ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ᠂ ᠵᠣᠭᠤᠰ ᠢ ᠬᠠᠮᠢᠶᠠᠷᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠦᠨᠡᠨᠬᠦ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠬᠤᠳᠠ ᠶᠢᠨ ᠭᠤᠣᠯᠳᠠᠯᠭ᠎ᠠ ᠲᠠᠢ ᠠᠵᠤ ᠦᠢᠯᠡᠰ ᠠᠮᠢ ᠠᠬᠤᠢ ᠶᠢ ᠲᠡᠷᠢᠭᠦᠨ ᠳᠤ ᠪᠣᠳᠤᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠦᠷᠭᠦᠯᠵᠢᠯᠡᠨ ᠭᠤᠶᠢᠪᠢᠰᠢ ᠦᠭᠡᠢ ᠵᠠᠮᠨᠠᠵᠤ᠂ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠢᠭᠲᠠ ᠬᠠᠮᠵᠢᠯᠴᠠᠵᠤ᠂ ᠲᠤᠬᠢᠷᠠᠭᠤᠯᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠬᠤᠳᠠ ᠶᠢᠨ ᠳᠡᠳ᠋ ᠳᠠᠷᠤᠭ᠎ᠠ ᠱᠧᠩ ᠰᠢᠶᠣᠣ ᠶᠢᠦ᠂ ᠬᠤ᠋ ᠴᠢᠩ ᠹᠧᠩ᠂ ᠭᠦᠸᠧ ᠰᠢ᠂ ᠶᠠᠩ ᠮᠦ᠂ ᠮᠧᠩ ᠰᠢᠶᠤᠤ ᠪᠢᠩ᠂ ᠵᠤᠤ ᡁᠢ ᠭᠠᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ