ᠬᠤᠲᠠ ᠶᠢᠨ ᠵᠠᠰᠠᠭ ᠤᠨ ᠣᠷᠳᠣᠨ 2022 ᠣᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/16
     5 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2022 ᠣᠨ ᠤ ᠠᠷᠪᠠᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠤᠯᠠᠭᠠᠨᠬᠠᠳᠠ ᠶᠢᠨ ᠣᠬᠢ ᠰᠢᠮ᠎ᠡ ᠶᠢᠨ ᠵᠢᠵᠢᠭ ᠪᠠᠯᠭᠠᠰᠤᠨ ᠤ ᠪᠦᠳᠦᠬᠡᠨ ᠪᠠᠶᠢᠭᠤᠯᠤᠯᠲᠠ᠂ ︽ᠤᠯᠠᠭᠠᠨᠬᠠᠳᠠ ᠶᠢᠨ ᠣᠬᠢ ᠰᠢᠮ᠎ᠡ︾ ᠶᠢᠨ ᠨᠡᠷᠡᠲᠦ ᠲᠡᠮᠳᠡᠭ ᠤᠨ ᠡᠵᠡᠩᠨᠡᠯᠲᠡ ᠵᠢᠴᠢ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠦᠳᠦᠬᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠤᠯᠠᠭᠠᠨᠬᠠᠳᠠ ᠬᠤᠲᠠ ᠶᠢᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠠᠷᠠᠯᠵᠢᠶᠠᠴᠢᠨ ᠤᠷᠢᠵᠤ ᠪᠠᠯᠠ ᠲᠠᠲᠠᠬᠤ ᠶᠢᠨ ᠬᠡᠷᠡᠭᠵᠢᠭᠦᠯᠬᠦ ᠲᠥᠰᠦᠯ︾ ︽ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ᠂ ᠢᠲᠡᠭᠡᠮᠵᠢ ᠶᠢᠨ ︿ᠭᠤᠷᠪᠠ ᠶᠢ ᠨᠢᠭᠡ ᠴᠤᠬᠴᠠᠵᠢᠭᠤᠯᠤᠭᠰᠠᠨ﹀ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠬᠠᠶ ᠬᠡᠷᠡᠭᠵᠢᠭᠦᠯᠬᠦ ᠰᠠᠨᠠᠯ︾ ︽ᠤᠯᠠᠭᠠᠨᠬᠠᠳᠠ ᠬᠤᠲᠠ ᠶᠢᠨ ︿ᠬᠠᠯᠠᠭᠤᠨ ᠵᠤᠨ ᠤ ᠬᠠᠯᠠᠮᠵᠢ ᠬᠥᠷᠲᠡᠭᠡᠯ﹀ ᠴᠠᠬᠢᠮ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠶᠢ ᠬᠡᠷᠡᠭᠵᠢᠭᠦᠯᠬᠦ ᠲᠥᠰᠦᠯ︾ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ ᠣᠯᠠᠨ ᠲᠦᠮᠡᠨ ᠤ ᠣᠷᠣᠨ ᠰᠠᠭᠤᠴᠠ ᠶᠢᠨ ᠵᠦᠶ ᠵᠣᠬᠢᠰᠲᠠᠶ ᠬᠡᠷᠡᠭᠴᠡᠭᠡ ᠶᠢ ᠬᠠᠩᠭᠠᠬᠤ ᠲᠤᠬᠠᠶ ᠰᠠᠨᠠᠯ ᠤᠳ︾ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ︾ ᠶᠢ ᠬᠢᠨᠠᠨ ᠵᠥᠪᠯᠡᠭᠰᠡᠨ ᠪᠦᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ ᠨᠢᠭᠡᠳᠦᠭᠡᠷ ᠤᠯᠠᠷᠢᠯ ᠤᠨ ᠱᠠᠭᠠᠷᠳᠠᠬᠤ ᠰᠢᠯᠭᠠᠬᠤ ᠬᠠᠮᠲᠤᠷᠠᠨ ᠬᠦᠳᠡᠯᠦᠯᠴᠡᠬᠦ ᠶᠡᠷᠦᠩᠬᠡᠶᠢᠯᠡᠭᠰᠡᠨ ᠱᠠᠭᠠᠷᠳᠠᠨ ᠪᠠᠶᠢᠴᠠᠭᠠᠯᠲᠠ ᠶᠢᠨ ᠬᠠᠮᠢᠶ᠎ᠠ ᠪᠥᠬᠦᠶ ᠵᠦᠢᠯᠡᠰ ᠢ ᠰᠤᠳᠤᠯᠪᠠ᠃      ᠬᠤᠷᠠᠯ ᠠᠴᠠ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠪᠣᠯᠤᠨ᠎ᠠ᠃ ᠥᠨᠳᠥᠷ ᠡᠬᠢᠯᠡᠯᠲᠡ ᠲᠠᠢ ᠪᠠᠷ ᠤᠬᠠᠭᠠᠯᠠᠨ ᠲᠥᠰᠦᠪᠯᠡᠵᠦ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠤᠯᠠᠭᠠᠨᠬᠠᠳᠠ ᠶᠢᠨ ᠣᠬᠢ ᠰᠢᠮ᠎ᠡ ᠶᠢᠨ ᠵᠢᠵᠢᠭ ᠪᠠᠯᠭᠠᠰᠤ ᠶᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠴᠣᠭᠴᠠᠯᠠᠬᠤ ᠳᠤ ᠲᠣᠬᠢᠷᠠᠮᠵᠢᠲᠠᠢ ᠲᠣᠭᠤᠷᠢᠨ ᠵᠤᠭᠠᠴᠠᠬᠤ ᠳᠤ ᠲᠣᠬᠢᠷᠠᠮᠵᠢᠲᠠᠢ ᠠᠵᠤ ᠦᠢᠯᠡᠰ ᠪᠠ ᠬᠤᠳᠠ ᠶᠢ ᠠᠭᠤᠰᠤᠯᠴᠠᠭᠤᠯᠤᠭᠰᠠᠨ ᠬᠤᠰᠢᠭᠤᠴᠢ ᠣᠷᠣᠨ ᠪᠣᠯᠭᠠᠨ ᠪᠠᠶᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠᠨ ᠴᠢᠩᠭᠠᠳᠬᠠᠵᠤ᠂ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠢᠶᠠᠨ ᠪᠠᠶᠠᠯᠢᠭᠵᠢᠭᠤᠯᠵᠤ᠂ ︽ᠤᠯᠠᠭᠠᠨᠬᠠᠳᠠ ᠶᠢᠨ ᠣᠬᠢ ᠰᠢᠮ᠎ᠡ︾ ᠶᠢᠨ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠡᠬᠢ ᠪᠠᠶᠠᠯᠢᠭ ᠤᠨ ᠬᠥᠮᠥᠷᠭᠡ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠰᠠᠶᠢᠲᠤᠷ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠣᠳᠣᠬᠠᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠴᠢᠬᠤᠯᠠ ᠶᠡᠭᠡ ᠰᠢᠨ᠎ᠡ ᠠᠵᠠ ᠲᠣᠬᠢᠶᠠᠯ ᠢ ᠤᠭᠲᠤᠨ ᠠᠪᠴᠢᠷᠠᠪᠠ᠂ ᠡᠷᠬᠡᠪᠰᠢ ᠴᠢᠩᠭ᠎ᠠ ᠡᠵᠡᠮᠳᠡᠨ᠂ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠠᠷᠠᠯᠵᠢᠶᠠᠴᠢᠨ ᠤᠷᠢᠬᠤ ᠠᠵᠢᠯ ᠢ ᠡᠮᠬᠢ ᠵᠢᠷᠤᠮ ᠲᠠᠢ᠂ ᠪᠦᠲᠦᠮᠵᠢᠲᠡᠶ ᠪᠠᠷ ᠥᠷᠨᠢᠭᠦᠯᠦᠨ᠂ ᠮᠠᠨ ᠤ ᠬᠤᠲᠠ ᠶᠢᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ᠂ ᠢᠲᠡᠭᠡᠮᠵᠢ ᠶᠢᠨ ︽ᠭᠤᠷᠪᠠ ᠶᠢ ᠨᠢᠭᠡ ᠴᠤᠬᠴᠠᠵᠢᠭᠤᠯᠤᠭᠰᠠᠨ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ︽ᠭᠤᠷᠪᠠ ᠶᠢ ᠨᠢᠭᠡ ᠴᠤᠬᠴᠠᠵᠢᠭᠤᠯᠤᠭᠰᠠᠨ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠥᠭᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠤᠯᠳᠠᠯᠭ᠎ᠠ ᠲᠠᠢ ᠠᠵᠢᠯ ᠪᠣᠯᠭᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠮᠵᠢᠯᠴᠠᠭ᠎ᠠ ᠪᠠᠨ ᠴᠢᠩᠭᠠᠳᠬᠠᠨ᠂ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠴᠠᠬᠢᠮ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠪᠣᠯ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠢ ᠰᠡᠷᠭᠦᠭᠡᠬᠦ᠂ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠬᠢᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠪᠠᠲᠤᠯᠠᠨ᠂ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ ᠮᠡᠳᠡᠭᠳᠡᠬᠦ ᠨᠣᠷᠮ᠎ᠠ ᠶᠢ ᠥᠷᠭᠡᠳᠬᠡᠵᠦ᠂ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠮᠠᠨ ᠤ ᠬᠤᠲᠠ ᠶᠢᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠪᠠ ᠪᠣᠷᠣᠯᠠᠭᠤᠯᠭ᠎ᠠ ᠮᠠᠰᠢ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ᠃ ᠡᠯ᠎ᠡ ᠰᠠᠯᠠᠭ᠎ᠠ ᠮᠥᠴᠢᠷ ᠬᠤᠷᠢᠭ᠎ᠠ ᠱᠤᠭᠤᠮ ᠤᠨ ᠰᠡᠳᠬᠢᠬᠦᠶ᠂ ᠯᠠᠪᠳᠠᠭᠤᠨ ᠢᠶᠠᠷ ᠠᠬᠢᠭᠤᠯᠬᠤ ᠵᠠᠷᠴᠢᠮ ᠢ ᠪᠠᠷᠢᠮᠲᠠᠯᠠᠵᠤ᠂ ︽ᠭᠠᠵᠠᠷ ᠤᠨ ᠦᠨ᠎ᠡ ᠶᠢ ᠲᠣᠭᠲᠠᠭᠤᠨ ᠪᠠᠶᠢᠯᠭᠠᠬᠤ᠂ ᠬᠡᠷ ᠪᠠᠶᠢᠰᠢᠩ ᠤᠨ ᠦᠨ᠎ᠡ ᠶᠢ ᠲᠣᠭᠲᠠᠭᠤᠨ ᠪᠠᠶᠢᠯᠭᠠᠬᠤ᠂ ᠵᠢᠱᠢᠯᠲᠡ ᠶᠢ ᠲᠣᠭᠲᠠᠭᠤᠨ ᠪᠠᠶᠢᠯᠭᠠᠬᠤ︾ ᠬᠠᠷᠠᠯᠲᠠ ᠶᠣᠰᠣᠭᠠᠷ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠢᠶᠠᠷ ᠬᠥᠭᠵᠢᠬᠦ ᠶᠢ ᠳᠥᠯᠭᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠬᠠᠤᠯᠢ ᠲᠣᠭᠲᠠᠭᠠᠬᠤ ᠠᠵᠢᠯ ᠪᠣᠯ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠦᠨᠳᠦᠰᠦᠨ ᠠᠷᠭ᠎ᠠ ᠬᠡᠯᠪᠡᠷᠢ ᠮᠥᠨ᠃ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠬᠠᠤᠯᠢ ᠲᠣᠭᠲᠠᠭᠠᠬᠤ ᠵᠢᠷᠤᠮ ᠤᠨ ᠱᠠᠭᠠᠷᠳᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠬᠠᠤᠯᠢ ᠲᠣᠭᠲᠠᠭᠠᠬᠤ ᠲᠥᠯᠥᠪᠯᠡᠭᠡ ᠲᠠᠢ ᠤᠶᠠᠯᠳᠤᠭᠤᠯᠤᠨ᠂ ᠠᠵᠢᠯ ᠤᠨ ᠲᠥᠰᠦᠯ ᠲᠣᠭᠲᠠᠭᠠᠨ᠂ ᠱᠠᠳᠤ ᠦᠶ᠎ᠡ ᠶᠢᠨ ᠡᠭᠦᠷᠭᠡ ᠶᠢ ᠲᠣᠳᠣᠷᠬᠠᠶᠢᠯᠠᠵᠤ᠂ ᠬᠠᠤᠯᠢ ᠲᠣᠭᠲᠠᠭᠠᠬᠤ ᠠᠵᠢᠯ ᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠬᠤᠶᠠᠳᠤᠭᠠᠷ ᠤᠯᠠᠷᠢᠯ ᠤᠨ ᠱᠠᠭᠠᠷᠳᠠᠬᠤ ᠰᠢᠯᠭᠠᠬᠤ ᠬᠠᠮᠲᠤᠷᠠᠨ ᠬᠥᠳᠡᠯᠦᠯᠴᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠱᠠᠭᠠᠷᠳᠠᠬᠤ ᠰᠢᠯᠭᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠨᠡᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠱᠠᠭᠠᠷᠳᠠᠨ ᠰᠢᠯᠭᠠᠬᠤ ᠲᠥᠰᠦᠯ ᠪᠣᠯᠤᠨ ᠬᠡᠷᠡᠭᠵᠢᠭᠦᠯᠬᠦ ᠨᠠᠷᠢᠨ ᠲᠦᠷᠢᠮ ᠢ ᠪᠦᠷᠢᠯᠳᠦᠭᠦᠯᠵᠦ᠂ ᠬᠢᠨᠠᠨ ᠰᠢᠯᠭᠠᠬᠤ ᠵᠢᠯᠣᠭᠤᠳᠤᠮᠵᠢ ᠶᠢ ᠨᠡᠩ ᠣᠨᠣᠪᠴᠢᠲᠠᠢ ᠪᠥᠭᠡᠳ ᠬᠦᠴᠦᠨ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃      ᠬᠤᠳᠠ ᠶᠢᠨ ᠳᠡᠳ᠋ ᠳᠠᠷᠤᠭ᠎ᠠ ᠱᠧᠩ ᠰᠢᠶᠣᠣ ᠶᠢᠦ᠂ ᠬᠤ᠋ ᠴᠢᠩ ᠹᠧᠩ᠂ ᠰᠦᠨ ᠬᠠᠢ ᠲᠤᠤ᠂ ᠭᠦᠸᠧ ᠰᠢ᠂ ᠶᠠᠩ ᠮᠦ᠂ ᠮᠧᠩ ᠰᠢᠶᠤᠤ ᠪᠢᠩ᠂ ᠵᠤᠤ ᡁᠢ ᠭᠠᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃ ᠬᠤᠳᠠ ᠶᠢᠨ ᠤᠳᠤᠷᠢᠳᠤᠯᠭ᠎ᠠ ᠭᠤᠤ ᠰᠢ ᠬᠤᠸᠠ᠂ ᠮᠦᠩᠬᠡᠳᠠᠯᠠᠢ᠂ ᠴᠢᠦ ᠸᠧᠨ ᠪᠥᠸᠧ᠂ ᠸᠠᠩ ᠯᠢ ᠧᠨ ᠬᠤᠷᠠᠯ ᠳᠤ ᠰᠤᠯᠠ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ