ᠬᠤᠲᠠ ᠶᠢᠨ ᠵᠠᠰᠠᠭ ᠤᠨ ᠣᠷᠳᠣᠨ 2022 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/7
        6 ᠰᠠᠷ᠎ᠠ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2022 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃         ᠬᠤᠷᠠᠯ ᠠᠴᠠ 2021 ᠣᠨ ᠤ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠦᠨᠡᠯᠡᠯᠲᠡ ᠶᠢᠨ ᠦᠷ᠎ᠡ ᠳ᠋ᠦᠩ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠠᠰᠠᠭᠤᠳᠠᠯ ᠢ ᠬᠠᠷᠢᠴᠠᠭᠤᠯᠤᠨ ᠣᠷᠣᠨ ᠪᠠᠶᠢᠷᠢ ᠳᠠᠭᠠᠨ ᠣᠷᠣᠵᠤ᠂ ᠵᠤᠷᠪᠤᠰ ᠳᠠᠷᠠᠭᠠᠯᠠᠨ ᠴᠡᠭᠴᠡᠯᠡᠨ ᠵᠠᠰᠠᠵᠤ᠂ ︽ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠂ ︽  ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠪᠦᠬᠦ ᠬᠦᠴᠦᠨ ᠢᠶᠠᠷ ᠠᠬᠢᠭᠤᠯᠵᠤ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠰᠠᠶᠢᠲᠤᠷ ᠬᠥᠭᠵᠢᠭᠡᠬᠦ ᠬᠡᠷᠡᠭᠲᠡᠢ ᠭᠡᠵᠦ ᠱᠠᠭᠠᠷᠳᠠᠪᠠ᠃         ᠬᠤᠷᠠᠯ ᠠᠴᠠ ︽ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠣᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠤᠯᠠᠭᠠᠨᠬᠠᠳᠠ ᠬᠤᠲᠠ ᠶᠢᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠤᠬᠢᠷᠠᠭᠤᠯᠬᠤ ᠠᠷᠭ᠎ᠠ ᠪᠣᠯᠤᠨ ᠲᠥᠰᠦᠯ ᠢ ᠲᠦᠷᠭᠡᠨ ᠲᠣᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠦᠷᠦ ᠶᠢᠨ ᠪᠤᠳᠤᠯᠭ᠎ᠠ ᠶᠢ ᠴᠢᠨᠠᠭᠰᠢᠳᠠ ᠰᠠᠶᠢᠲᠤᠷ ᠬᠦᠯᠢᠶᠡᠨ ᠠᠪᠴᠤ ᠰᠠᠶᠢᠲᠤᠷ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ ︽2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶ᠎ᠠ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ ᠠᠮᠤ ᠪᠤᠳᠠᠭᠠᠨ ᠤ ᠦᠢᠯᠡᠳᠪᠦᠷᠢᠯᠡᠯ ᠪᠣᠯᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ ︽ᠤᠯᠠᠭᠠᠨᠬᠠᠳᠠ ᠬᠤᠳᠠ ᠶᠢᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠰᠦᠯ ︵2022 — 2025︶︾ ᠢ ᠬᠢᠨᠠᠨ ᠵᠥᠪᠯᠡᠵᠦ  ᠪᠠᠲᠤᠯᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ  ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠱᠠᠭᠠᠷᠳᠠᠯᠭ᠎ᠠ ᠶᠢ ᠬᠠᠷᠭᠤᠭᠤᠯᠵᠤ᠂ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠪᠣᠳᠠᠲᠠᠢ ᠨᠠᠶᠢᠳᠠᠪᠤᠷᠢᠵᠢᠭᠤᠯᠬᠤ ᠲᠥᠰᠦᠯ ᠢ ᠲᠦᠷᠭᠡᠬᠡᠨ ᠲᠣᠭᠲᠠᠭᠠᠵᠤ᠂ ᠮᠠᠨ ᠤ ᠬᠤᠳᠠ ᠶᠢᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ ︽ᠤᠯᠠᠭᠠᠨᠬᠠᠳᠠ ᠬᠤᠲᠠ ᠶᠢᠨ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ︾ ᠶᠢ ᠬᠢᠨᠠᠨ ᠵᠥᠪᠯᠡᠵᠦ ᠪᠠᠲᠤᠯᠠᠵᠤ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠨᠠᠷᠢᠨ ᠲᠦᠷᠢᠮ ᠢ ᠱᠠᠭᠠᠷᠳᠠᠨ ᠲᠣᠭᠲᠠᠭᠠᠵᠤ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠡᠶᠢᠲᠡᠯᠡᠬᠦ ᠰᠢᠵᠢᠷ ᠠᠯᠳᠠᠨ ᠬᠤᠭᠤᠴᠠᠭ᠎ᠠ ᠶᠢ ᠠᠳᠬᠤᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠲᠦᠷᠭᠡᠨ ᠪᠥᠭᠡᠳ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃         ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃        ᠬᠤᠲᠠ ᠶᠢᠨ ᠳᠡᠳ᠋ ᠳᠠᠷᠤᠭ᠎ᠠ  ᠱᠧᠩ ᠰᠢᠶᠣᠣ ᠶᠢᠦ᠂ ᠭᠦᠸᠧ ᠰᠢ᠂ ᠮᠧᠩ ᠰᠢᠶᠤᠤ ᠪᠢᠩ᠂ ᠵᠣᠣ ᡁᠢ ᠭᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ