ᠲᠦᠷᠦᠭᠦᠤ ᠬᠠᠭᠠᠰ ᠵᠢᠯ ᠳᠤ᠂ ᠪᠥᠬᠦ ᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠦᠷᠭᠡᠨ ᠢᠶᠠᠷ ᠰᠡᠷᠭᠦᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠨᠢᠭᠡᠴᠡ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 11.4% ᠪᠠᠷ ᠨᠡᠮᠡᠭᠳᠡᠪᠡ᠃ | ᠨᠢᠭᠡ᠂ ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ ᠲᠦᠷᠦᠭᠦᠤ ᠬᠠᠭᠠᠰ | ᠵᠢᠯ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠵᠡᠭᠦᠤ ᠨᠡᠬᠡᠮᠡᠯ ᠤᠨ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠲᠤᠰᠪᠤᠷᠢ 26.5% ᠪᠠ 14.8% ᠪᠠᠷ ᠨᠡᠮᠡᠭᠳᠡᠪᠡ᠃ | ᠬᠤᠶᠠᠷ᠂ ᠬᠢᠲᠠᠳ ᠧᠦ᠋ᠷᠣᠫᠠ ᠡᠮ ᠤᠨ ᠲᠦᠷᠦᠯ ᠵᠦᠢᠯ ᠲᠣᠭᠲᠠᠭᠤᠨ ᠢᠶᠠᠷ ᠨᠡᠮᠡᠭᠳᠡᠪᠡ᠃ ᠲᠦᠷᠦᠭᠦᠤ ᠬᠠᠭᠠᠰ ᠵᠢᠯ ᠳᠤ᠂ ᠪᠥᠬᠦ ᠬᠤᠲᠠ ᠶᠢᠨ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠢᠲᠠᠳ ᠧᠦ᠋ᠷᠣᠫᠠ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 2.3% ᠪᠠᠷ ᠨᠡᠮᠡᠭᠳᠡᠪᠡ᠃ | ᠭᠤᠷᠪᠠ᠂ ᠭᠤᠣᠯᠳᠠᠯᠭ᠎ᠠ ᠲᠠᠢ ᠠᠵᠢᠯ ᠲᠦᠷᠦᠯ ᠤᠨ ᠬᠡᠷᠡᠭᠯᠡᠭᠡ ᠳᠡᠭᠡᠭᠰᠢᠯᠡᠯᠲᠡ ᠲᠠᠢ ᠪᠠᠭᠤᠷᠠᠯᠲᠠ ᠲᠠᠢ ᠪᠣᠯᠪᠠ᠃ ᠲᠦᠷᠦᠭᠦᠤ ᠬᠠᠭᠠᠰ ᠵᠢᠯ ᠳᠤ᠂ ᠪᠥᠬᠦ | ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠴᠢᠯᠠᠭᠤᠨ ᠲᠣᠰᠣ ᠵᠢᠴᠢ ᠦᠢᠯᠡᠳᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ | 31.0% ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 10.8% ᠪᠠᠭᠤᠷᠠᠪᠠ᠃ | ᠳᠥᠷᠪᠡ᠂ ᠬᠤᠭᠤᠯᠠ ᠤᠮᠳᠠ ᠶᠢᠨ ᠠᠵᠢᠯ ᠲᠥᠷᠥᠯ ᠮᠥᠨ ᠬᠦ ᠬᠢᠵᠢᠭ ᠤᠨ ᠪᠠᠶᠢᠳᠠᠯ ᠤᠨ ᠨᠥᠯᠥᠭᠡ ᠶᠢ ᠭᠥᠷᠳᠡᠵᠦ ᠪᠠᠶᠢᠨ᠎ᠠ᠃ ᠲᠦᠷᠦᠭᠦᠤ ᠬᠠᠭᠠᠰ ᠵᠢᠯ ᠳᠤ | ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠨᠣᠷᠮ᠎ᠠ 12.6% ᠪᠠᠭᠤᠷᠠᠵᠤ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ 9.4% ᠪᠠᠭᠤᠷᠠᠪᠠ᠃ | |