ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠲᠣᠭᠲᠠᠭᠤᠨ ᠢᠶᠠᠷ ᠥᠰᠴᠦ ᠠᠵᠤ ᠦᠢᠯᠡᠳᠪᠦᠷᠢ ᠶᠢᠨ ᠦᠢᠯᠡᠳᠬᠦᠨ ᠤ ᠦᠨ᠎ᠡ ᠪᠠᠭ᠎ᠠ ᠬᠡᠮᠵᠢᠶ᠎ᠡ ᠪᠠᠷ ᠪᠠᠭᠤᠷᠠᠪᠠ
ᠨᠡᠶᠢᠲᠡᠯᠡᠭᠰᠡᠨ ᠴᠠᠭ᠄
2022/7/25
      ᠲᠦᠷᠦᠭᠦᠤ ᠬᠠᠭᠠᠰ ᠵᠢᠯ ᠳᠤ᠂ ᠪᠥᠬᠦ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 1.6%᠎ ᠪᠠᠷ ᠥᠰᠪᠡ᠃ ᠲᠥᠷᠥᠯ ᠬᠤᠪᠢᠶᠠᠨ ᠢᠯᠭᠠᠵᠤ ᠦᠵᠡᠪᠡᠯ᠂ ︽ᠵᠢᠷᠭᠤᠭ᠎ᠠ ᠨᠢ ᠳᠡᠭᠡᠭᠰᠢᠯᠡᠵᠦ ᠬᠤᠶᠠᠷ ᠨᠢ ᠪᠠᠭᠤᠷᠠᠪᠠ︾᠂ ᠵᠠᠮ ᠬᠠᠷᠢᠯᠴᠠᠭ᠎ᠠ ᠮᠡᠳᠡᠭᠡ ᠬᠤᠯᠪᠣᠭᠠᠨ ᠤ ᠦᠨ᠎ᠡ 9.2%᠎ ᠢᠶᠠᠷ ᠥᠰᠴᠦ᠂ ᠪᠤᠰᠤᠳ ᠬᠡᠷᠡᠭᠯᠡᠭᠡᠨ ᠤ ᠵᠦᠢᠯ ᠵᠢᠴᠢ ᠦᠢᠯᠡᠴᠢᠯᠡᠭᠡᠨ ᠤ ᠦᠨ᠎ᠡ 4.3%᠎ ᠪᠠᠷ ᠥᠰᠴᠦ᠂ ᠬᠤᠪᠴᠠᠰᠤ ᠬᠤᠨᠠᠷ ᠤᠨ ᠦᠨ᠎ᠡ 0.3%᠎ ᠪᠠᠷ ᠥᠰᠴᠦ᠂ ᠰᠤᠷᠭᠠᠨ ᠬᠥᠮᠦᠵᠢᠯ ᠰᠣᠶᠣᠯ ᠴᠡᠩᠭᠡᠯ ᠤᠨ ᠦᠨ᠎ᠡ 0.2%᠎ ᠢᠶᠠᠷ ᠥᠰᠴᠦ᠂ ᠣᠷᠣᠨ ᠰᠠᠭᠤᠴᠠ ᠶᠢᠨ ᠦᠨ᠎ᠡ 0.1%᠎ ᠪᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠦᠨ᠎ᠡ 0.1%᠎ ᠪᠠᠷ ᠥᠰᠴᠦ᠂ ᠢᠳᠡᠭᠡᠨ ᠤ ᠵᠦᠢᠯ ᠠᠷᠢᠬᠢ ᠲᠠᠮᠠᠬᠢᠨ ᠤ ᠦᠨ᠎ᠡ 0.2%᠎ ᠢᠶᠠᠷ ᠪᠠᠭᠤᠷᠠᠵᠤ᠂ ᠠᠮᠢᠳᠤᠷᠠᠯ ᠤᠨ ᠬᠡᠷᠡᠭᠯᠡᠭᠡᠨ ᠤ ᠵᠦᠢᠯ ᠵᠢᠴᠢ ᠦᠢᠯᠡᠴᠢᠯᠡᠭᠡᠨ ᠤ ᠦᠨ᠎ᠡ 0.5%᠎ ᠪᠠᠷ ᠪᠠᠭᠤᠷᠠᠪᠠ᠃ ᠲᠦᠷᠦᠭᠦᠤ ᠬᠠᠭᠠᠰ ᠵᠢᠯ ᠳᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 24%᠎ ᠪᠠᠷ ᠥᠰᠴᠦ᠂ 1 — 5 ᠳ᠋ᠤᠭᠠᠷ ᠰᠠᠷ᠎ᠠ ᠶᠢᠨ ᠬᠢ ᠠᠴᠠ 2 ᠵᠠᠭᠤᠨ ᠤ ᠴᠡᠭ ᠪᠠᠭᠤᠷᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ