ᠮᠠᠨ ᠤ ᠬᠤᠲᠠ 2022 ᠣᠨ ᠤ ︽ᠤᠯᠠᠭᠠᠨᠬᠠᠳᠠ ᠶᠢᠨ ᠰᠤᠳᠤᠨᠴᠣᠳ ᠤᠨ ᠴᠤᠭᠯᠠᠭᠠᠨ︾ ᠵᠢᠴᠢ ᠵᠤᠨ ᠤ ᠤᠯᠠᠷᠢᠯ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠡᠭᠡ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2022/7/25
      7 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠲᠠ 2022 ᠣᠨ ᠤ ︽ᠤᠯᠠᠭᠠᠨᠬᠠᠳᠠ ᠶᠢᠨ ᠰᠤᠳᠤᠨᠴᠤᠳ ᠤᠨ ᠴᠤᠭᠯᠠᠭᠠᠨ︾ ᠵᠢᠴᠢ ᠵᠣᠨ ᠤ ᠤᠯᠠᠷᠢᠯ ᠤᠨ ᠠᠷᠠᠯᠵᠢᠶᠠᠴᠢᠨ ᠤᠷᠢᠵᠤ ᠪᠠᠯᠠ ᠲᠠᠲᠠᠬᠤ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠡᠭᠡ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃      ᠲᠤᠰ ᠤᠳᠠᠭ᠎ᠠ ᠶᠢᠨ ᠶᠡᠭᠡ ᠬᠤᠷᠠᠯ ᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠤᠳᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠵᠦ᠂ 7 ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ ᠶᠠᠪᠤᠭᠳᠠᠨ᠎ᠠ᠃ ᠶᠡᠭᠡ ᠬᠤᠷᠠᠯ ᠨᠢ ︽ᠤᠯᠠᠭᠠᠨᠬᠠᠳᠠ ᠶᠢᠨ ᠰᠤᠳᠤᠨᠴᠤᠳ ᠤᠨ ᠴᠤᠭᠯᠠᠭᠠᠨ︾ ᠤ ︽ᠬᠦᠰᠡᠯᠡᠩ ᠢᠶᠠᠨ ᠡᠪᠦᠷᠯᠡᠵᠦ ᠨᠤᠲᠤᠭ ᠢᠶᠠᠨ ᠮᠠᠨᠳᠤᠭᠤᠯᠬᠤ︾ ᠭᠤᠣᠯ ᠰᠡᠳᠦᠪ ᠪᠠ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠡᠭᠡ ᠬᠤᠷᠠᠯ ᠤᠨ ︽ᠤᠯᠠᠭᠠᠨᠬᠠᠳᠠ ᠳᠤ ᠪᠠᠯᠠ ᠣᠷᠣᠭᠤᠯᠵᠤ᠂ ᠢᠷᠡᠭᠡᠳᠦᠶ ᠳᠤ ᠬᠠᠮᠲᠤᠪᠠᠷ ᠠᠰᠢᠭ ᠬᠦᠷᠲᠡᠬᠦ︾ ᠭᠤᠤᠯ ᠰᠡᠳᠦᠪ ᠲᠠᠢ ᠤᠶᠠᠯᠳᠤᠭᠤᠯᠤᠨ᠂ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠤᠨ ᠬᠠᠶᠢᠷ᠎ᠠ᠂ ᠲᠥᠷᠥᠯ ᠰᠠᠳᠤᠨ ᠤ ᠰᠡᠳᠬᠢᠯᠭᠡ ᠶᠢᠨ ᠬᠤᠯᠪᠣᠭᠠᠰᠤ ᠶᠢᠨ ᠦᠢᠯᠡᠳᠦᠯ ᠢ ᠠᠰᠢᠭᠯᠠᠨ᠂ ᠬᠤᠲᠠ ᠶᠢᠨ ᠳᠣᠲᠤᠨ᠎ᠠ ᠭᠠᠳᠠᠨᠠᠬᠢ ᠤᠯᠠᠭᠠᠨᠬᠠᠳᠠ ᠶᠢᠨ ᠰᠣᠳᠣᠨᠴᠤᠳ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠶᠢᠨ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠤ ᠲᠤᠰᠬᠠᠶ ᠮᠡᠷᠭᠡᠵᠢᠯᠲᠡᠨ ᠪᠠ ᠠᠵᠤ ᠠᠬᠤᠶᠢᠯᠠᠯᠲᠠᠨ ᠢ ᠤᠷᠢᠵᠤ ᠤᠯᠠᠭᠠᠨᠬᠠᠳᠠ ᠶᠢᠨ ᠬᠥᠭᠵᠢᠯᠲᠡ ᠶᠢ ᠬᠠᠮᠲᠤᠪᠠᠷ ᠰᠥᠪᠡᠭᠴᠢᠯᠡᠨ᠎ᠡ᠃ ᠬᠤᠷᠠᠯ ᠠᠴᠠ ︽ᠤᠯᠠᠭᠠᠨᠬᠠᠳᠠ ᠶᠢᠨ ᠰᠤᠳᠤᠨᠴᠤᠳ ᠤᠨ ᠴᠤᠭᠯᠠᠭᠠᠨ︾ ᠪᠠ ︽ᠤᠯᠠᠭᠠᠨᠬᠠᠳᠠ ᠳᠤ ᠪᠡᠯᠡ ᠣᠷᠣᠭᠤᠯᠵᠤ᠂ ᠢᠷᠡᠭᠡᠳᠦᠢ ᠳᠤ ᠬᠠᠮᠲᠤᠪᠠᠷ ᠠᠰᠢᠭ ᠬᠦᠷᠳᠡᠬᠦ︾ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠡᠭᠡ ᠬᠤᠷᠠᠯ ᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠪᠡᠯᠡ ᠲᠠᠲᠠᠬᠤ᠂ ᠴᠢᠳᠠᠪᠤᠷᠢᠲᠠᠨ ᠡᠯᠰᠡᠵᠦ ᠤᠶᠤᠲᠠᠨ ᠲᠠᠲᠠᠬᠤ ᠲᠠᠪᠴᠠᠩ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ ᠬᠥᠭᠵᠢᠯᠲᠡ ᠶᠢ ᠠᠬᠢᠭᠤᠯᠬᠤ ᠤᠯᠤᠯᠴᠠᠭ᠎ᠠ ᠰᠣᠯᠢᠯᠴᠠᠭ᠎ᠠ ᠶᠢᠨ ᠲᠠᠪᠴᠠᠩ᠂ ᠮᠠᠨ ᠤ ᠬᠤᠳᠠ ᠶᠢᠨ ᠠᠮᠵᠢᠯᠲᠠ ᠪᠦᠲᠦᠮᠵᠢ ᠪᠠ ᠲᠦᠷᠢ ᠲᠥᠷᠬᠦ ᠶᠢ ᠪᠦᠬᠦ ᠲᠠᠯ᠎ᠠ ᠪᠠᠷ ᠳᠡᠯᠭᠡᠨ ᠦᠵᠡᠭᠦᠯᠬᠦ ᠤᠬᠠᠭᠤᠯᠤᠨ ᠲᠠᠨᠢᠯᠴᠠᠭᠤᠯᠬᠤ ᠲᠠᠪᠴᠠᠩ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃     ᠲᠣᠰ ᠤᠳᠠᠭᠠᠨ ᠤ ᠶᠡᠭᠡ ᠬᠤᠷᠠᠯ ᠨᠢ ᠰᠦᠯᠵᠢᠶᠡᠨ ᠳᠣᠣᠷ᠎ᠠ᠂ ᠰᠦᠯᠵᠢᠶᠡᠨ ᠳᠡᠭᠡᠷ᠎ᠡ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠷᠭᠢᠯᠡᠵᠦ᠂ ᠬᠤᠷᠠᠯ ᠠᠴᠠ ᠡᠮᠦᠨᠡᠬᠢ ᠠᠵᠢᠯᠯᠠᠭᠠᠨ ᠪᠣᠯᠤᠨ ᠲᠥᠪᠯᠡᠷᠡᠭᠰᠡᠨ ᠶᠡᠭᠡ ᠬᠤᠷᠠᠯ ᠭᠡᠬᠦ ᠬᠤᠶᠠᠷ ᠬᠡᠰᠡᠭ ᠢᠶᠠᠷ ᠶᠠᠪᠤᠭᠳᠠᠭᠤᠯᠤᠨ᠎ᠠ᠃ 7 ᠰᠠᠷ᠎ᠠ ᠶᠢᠨ 26 ᠤ ᠪᠦᠬᠦᠯᠢ ᠡᠳᠦᠷ ᠢᠶᠠᠷ᠂ ᠤᠯᠠᠭᠠᠨᠬᠠᠳᠠ ᠶᠢᠨ ᠰᠤᠳᠤᠨᠴᠤᠳ ᠤᠨ ᠨᠤᠲᠤᠭ ᠤᠰᠤᠨ ᠤ ᠠᠶᠠᠯᠠᠯ ᠤᠨ ᠠᠵᠢᠯᠯᠠᠭᠠᠨ ᠢ ᠵᠣᠬᠢᠶᠠᠨ ᠪᠠᠶᠢᠭᠤᠯᠵᠤ᠂ ᠲᠤᠰᠬᠠᠢ ᠲᠦᠷᠦᠯ ᠤᠨ ᠪᠠᠶᠢᠴᠠᠭᠠᠯᠲᠠ ᠰᠤᠳᠤᠯᠤᠯᠲᠠ ᠥᠷᠨᠢᠭᠦᠯᠦᠨ᠎ᠡ᠃ ᠲᠥᠪᠯᠡᠷᠡᠭᠰᠡᠨ ᠶᠡᠭᠡ ᠬᠤᠷᠠᠯ ᠨᠢ 7 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ ᠬᠤᠷᠠᠯᠳᠤᠵᠤ᠂ ᠬᠤᠲᠠ ᠶᠢᠨ ᠳᠣᠲᠤᠨ᠎ᠠ ᠭᠠᠳᠠᠨᠠᠬᠢ ᠵᠢᠴᠢ ᠰᠦᠯᠵᠢᠶᠡᠨ ᠳᠡᠭᠡᠷᠡᠬᠢ ᠡᠭᠦᠯᠡᠨ ᠦᠵᠦᠭᠦᠷ ᠤᠨ ᠬᠤᠷᠠᠯ ᠳᠤ ᠣᠷᠣᠯᠴᠠᠭᠰᠠᠳ ᠢ ᠨᠡᠶᠢᠲᠡ ᠪᠠᠷᠤᠭ 500 ᠬᠥᠮᠦᠨ ᠤᠷᠢᠪᠠ᠃      ᠲᠣᠰ ᠬᠤᠭᠤᠴᠠᠭᠠᠨ ᠤ ︽ᠤᠯᠠᠭᠠᠨᠬᠠᠳᠠ ᠶᠢᠨ ᠰᠤᠳᠤᠨᠴᠤᠳ ᠤᠨ ᠴᠤᠭᠯᠠᠭᠠᠨ︾ ᠨᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠷ ᠭᠤᠤᠯ ᠰᠡᠳᠦᠪ ᠪᠣᠯᠭᠠᠵᠤ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠤᠯᠠᠭᠠᠨᠬᠠᠳᠠ ᠬᠤᠲᠠ ᠶᠢᠨ ᠠᠩᠬᠠᠳᠤᠭᠠᠷ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠷᠢᠶᠠᠨ ᠤ ᠲᠠᠪᠴᠠᠩ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠬᠦ ᠪᠥᠭᠡᠳ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠤᠨ ᠫᠠᠶᠢᠰᠠ ᠡᠯᠭᠦᠬᠦ ᠶᠣᠰᠣᠯᠠᠯ ᠶᠠᠪᠤᠭᠤᠯᠬᠤ ᠪᠠᠷ ᠪᠣᠶ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ