ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ ᠪᠠᠭᠤᠷᠠᠵᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠬᠡᠪᠴᠢᠶ᠎ᠡ ᠥᠷᠭᠡᠳᠪᠡ
ᠨᠡᠶᠢᠲᠡᠯᠡᠭᠰᠡᠨ ᠴᠠᠭ᠄
2022/7/25
     ᠲᠦᠷᠦᠭᠦᠤ ᠬᠠᠭᠠᠰ ᠵᠢᠯ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 61.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠪᠠᠭᠤᠷᠠᠪᠠ᠃ ᠡᠭᠦᠨ ᠤ ᠳᠣᠲᠣᠷ᠎ᠠ᠂ ᠭᠠᠶᠢᠯᠢ ᠶᠢᠨ ᠣᠷᠣᠯᠭ᠎ᠠ ᠶᠢ 37.6 ᠳ᠋ᠦᠩᠰᠢᠭᠤᠷ ᠲᠥᠭᠦᠷᠢᠭ᠂ 21.5% ᠪᠠᠭᠤᠷᠠᠵᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 61.2% ᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ ᠶᠢ 23.8 ᠳ᠋ᠦᠩᠰᠢᠭᠤᠷ ᠲᠥᠭᠦᠷᠢᠭ᠂ 25% ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 38.8% ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 288.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠪᠡ᠃      6 ᠰᠠᠷ᠎ᠠ ᠶᠢᠨ ᠰᠡᠭᠦᠯᠴᠢ ᠪᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠣᠨ ᠤ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 3093.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠪᠡ᠃ ᠡᠭᠦᠨ ᠤ ᠳᠣᠲᠣᠷ᠎ᠠ᠂ ᠰᠠᠭᠤᠭᠠᠯᠢ ᠡᠷᠤᠭᠡ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 2444.6 ᠳ᠋ᠦᠩᠰᠢᠭᠤᠷ ᠲᠥᠭᠦᠷᠢᠭ ᠲᠤ ᠬᠦᠷᠴᠦ᠂ 14.1% ᠪᠠᠷ ᠨᠡᠮᠡᠭᠳᠡᠪᠡ᠃ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 2576 ᠳ᠋ᠦᠩᠰᠢᠭᠤᠷ ᠲᠥᠭᠦᠷᠢᠭ ᠲᠤ ᠬᠦᠷᠴᠦ᠂ 10.3% ᠪᠠᠷ ᠨᠡᠮᠡᠭᠳᠡᠪᠡ᠃ ᠡᠭᠦᠨ ᠤ ᠳᠣᠲᠣᠷ᠎ᠠ᠂ ᠳᠤᠮᠳᠠ ᠪᠠ ᠤᠷᠳᠤ ᠬᠤᠭᠤᠴᠠᠭᠠᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 1644.9 ᠳ᠋ᠦᠩᠰᠢᠭᠤᠷ ᠲᠥᠭᠦᠷᠢᠭ ᠲᠤ ᠬᠦᠷᠴᠦ᠂ 7.2% ᠢᠶᠠᠷ ᠨᠡᠮᠡᠭᠳᠡᠪᠡ︔ ᠣᠬᠤᠷ ᠬᠤᠭᠤᠴᠠᠭᠠᠨ ᠤ ᠵᠢᠭᠡᠯᠡᠯᠭᠡ ᠶᠢᠨ ᠦᠯᠡᠳᠡᠪᠦᠷᠢ 896 ᠳ᠋ᠦᠩᠰᠢᠭᠤᠷ ᠲᠥᠭᠦᠷᠢᠭ ᠲᠤ ᠬᠦᠷᠴᠦ᠂ 10.5% ᠪᠠᠷ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ