ᠬᠤᠲᠠ ᠶᠢᠨ ᠵᠠᠰᠠᠭ ᠤᠨ ᠣᠷᠳᠣᠨ 2022 ᠣᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/26
     7 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2022 ᠣᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠬᠤᠰᠢᠭᠤᠴᠢ ᠣᠷᠣᠨ ︵ᠤᠯᠠᠭᠠᠨᠬᠠᠳᠠ ᠶᠢᠨ ᠣᠨᠴᠠᠯᠢᠭᠲᠤ ᠵᠢᠵᠢᠭ ᠪᠠᠯᠭᠠᠰᠤ︶ ᠤ ᠲᠥᠰᠦᠪᠯᠡᠯ ᠤᠨ ᠲᠥᠰᠦᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠤᠯᠠᠭᠠᠨᠬᠠᠳᠠ ᠶᠢᠨ ᠣᠨᠴᠠᠯᠢᠭᠲᠤ ᠵᠢᠵᠢᠭ ᠪᠠᠯᠭᠠᠰᠤ ᠪᠣᠯ ᠮᠠᠨ ᠤ ᠬᠤᠲᠠ ᠶᠢᠨ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠪᠣᠯᠤᠨ᠎ᠠ᠂ ᠵᠢᠵᠢᠭ ᠪᠠᠯᠭᠠᠰᠤ ᠪᠠᠶᠢᠭᠤᠯᠤᠭᠳᠠᠭᠰᠠᠨ ᠤ ᠳᠠᠷᠠᠭ᠎ᠠ ᠬᠤᠲᠠ ᠶᠢᠨ ᠴᠢᠳᠠᠮᠵᠢ ᠶᠢᠨ ᠳᠤᠲᠠᠭᠤᠳᠠᠯ ᠢ ᠪᠦᠲᠦᠮᠵᠢᠲᠡᠢ ᠨᠥᠬᠦᠪᠥᠷᠢᠯᠡᠵᠦ᠂ ᠮᠠᠨ ᠤ ᠬᠤᠲᠠ ᠶᠢᠨ ᠬᠤᠲᠠ ᠶᠢᠨ ᠬᠥᠭᠵᠢᠯᠲᠡ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠭᠰᠢᠯᠡᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠥᠬᠦᠶ ᠭᠠᠵᠠᠷ ᠣᠷᠣᠨ ᠤ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠵᠢᠵᠢᠭ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠳᠤ ᠢᠳᠡᠪᠬᠢᠲᠡᠶ ᠣᠷᠣᠯᠴᠠᠵᠤ᠂ ᠤᠬᠠᠭᠠᠯᠠᠨ ᠲᠥᠯᠥᠪᠯᠡᠬᠦ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯᠯᠠᠭᠠᠨ ᠢ ᠭᠦᠨᠵᠡᠭᠡᠶ ᠥᠷᠨᠢᠭᠦᠯᠬᠦ ᠨᠢ ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠶ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠠᠷᠪᠢᠯᠠᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠬᠤᠳᠠ ᠶᠢᠨ ᠡᠨᠧᠷᠭᠢ ᠶᠢᠨ ᠬᠤᠷᠣᠭᠳᠠᠭᠤᠯᠤᠯ ᠤᠨ ︽ᠬᠤᠣᠰ ᠡᠵᠡᠮᠳᠡᠯ︾ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠣᠰ ᠡᠵᠡᠮᠳᠡᠯ︾ ᠪᠣᠯᠤᠨ ᠠᠵᠤ ᠠᠬᠤᠶ ᠶᠢᠨ ᠠᠵᠢᠯᠯᠠᠭᠠᠨ ᠢ ᠬᠤᠶᠠᠷ ᠲᠠᠯ᠎ᠠ ᠪᠠᠷ ᠴᠢᠩᠭ᠎ᠠ ᠠᠳᠬᠤᠵᠤ᠂ ᠬᠠᠷᠠᠯᠲᠠ ᠪᠠᠨ ᠴᠢᠩᠭ᠎ᠠ ᠠᠩᠬᠠᠷᠤᠨ᠂ ᠲᠥᠯᠦᠪᠯᠡᠭᠡ ᠶᠣᠰᠤᠭᠠᠷ ᠪᠡᠶᠡᠯᠡᠭᠦᠯᠵᠦ᠂ ᠡᠨᠡ ᠵᠢᠯ ᠤᠨ ᠰᠡᠭᠦᠯᠴᠢ ᠶᠢᠨ ᠲᠠᠪᠤᠨ ᠰᠠᠷ᠎ᠠ ᠳᠤ ᠪᠦᠬᠦ ᠬᠦᠴᠦ ᠪᠠᠷ ᠢᠶᠠᠨ ᠰᠢᠪᠲᠤᠯᠤᠯᠲᠠ ᠬᠢᠵᠦ᠂ ᠣᠨ ᠤ ᠡᠨᠧᠷᠭᠢ ᠠᠷᠪᠢᠯᠠᠬᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ ︽ᠤᠯᠠᠭᠠᠨᠬᠠᠳᠠ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢ ᠬᠦᠳᠦᠯᠦᠨ ᠵᠢᠯᠣᠭᠤᠳᠬᠤ ᠰᠠᠭᠤᠷᠢ ᠮᠥᠩᠭᠦ ᠶᠢᠨ ᠲᠥᠰᠦᠯ︾᠂ ︽ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠰᠠᠨᠠᠯ︾ ᠢ ᠬᠢᠨᠠᠨ ᠵᠥᠪᠯᠡᠵᠦ ᠪᠠᠲᠤᠯᠠᠭᠠᠳ᠂ ᠳᠠᠯᠠᠶᠢᠨᠠᠭᠤᠷ ᠤᠨ ᠡᠪᠦᠯ ᠤᠨ ᠵᠢᠭᠤᠯᠴᠢᠯᠠᠯ ᠤᠨ ᠤᠯᠠᠷᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ᠂ 2021 ᠣᠨ ᠤ ᠪᠦᠬᠦ ᠬᠤᠲᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠤᠨ ᠬᠥᠬᠢᠭᠦᠯᠬᠦ ᠵᠡᠷᠭᠡ ᠶᠠᠪᠤᠳᠠᠯ ᠢ ᠰᠤᠳᠤᠯᠪᠠ᠃      ᠬᠤᠲᠠ ᠶᠢᠨ ᠳᠡᠳ᠋ ᠳᠠᠷᠤᠭ᠎ᠠ ᠱᠧᠩ ᠰᠢᠶᠣᠣ ᠶᠢᠦ᠂ ᠵᠠᠩ ᠵᠢᠶ ᠺᠠᠩ᠂ ᠰᠦᠨ ᠬᠠᠶ ᠲᠤᠤ᠂ ᠭᠦᠸᠧ ᠰᠢ᠂ ᠮᠧᠩ ᠰᠢᠶᠤᠤ ᠪᠢᠩ᠂ ᠵᠣᠣ ᡁᠢ ᠭᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠧᠨ ᠬᠤᠷᠠᠯ ᠳᠤ ᠰᠤᠯᠠ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ