ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠠᠶᠢᠵᠤ᠂ ᠭᠤᠣᠯᠳᠠᠯᠭ᠎ᠠ ᠲᠠᠢ ᠲᠠᠸᠠᠷ ᠤᠨ ᠪᠣᠷᠣᠯᠠᠭᠤᠯᠭ᠎ᠠ ᠨᠡᠯᠢᠶᠡᠳ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2022/7/26
    ᠲᠦᠷᠦᠭᠦᠤ ᠬᠠᠭᠠᠰ ᠵᠢᠯ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 289.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠨ᠂ 1 — 5 ᠳ᠋ᠤᠭᠠᠷ ᠰᠠᠷ᠎ᠠ ᠶᠢᠨ ᠬᠢ ᠠᠴᠠ 0.3 ᠵᠠᠭᠤᠨ ᠤ ᠴᠡᠭ ᠳᠡᠭᠡᠭᠰᠢᠯᠡᠵᠡᠶ᠃ ᠡᠭᠦᠨ ᠤ ᠳᠣᠲᠣᠷ᠎ᠠ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 73.5 ᠳ᠋ᠦᠩᠰᠢᠭᠤᠷ ᠲᠥᠭᠦᠷᠢᠭ ᠲᠤ ᠬᠦᠷᠴᠦ᠂ 11.4% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 251.2 ᠳ᠋ᠦᠩᠰᠢᠭᠤᠷ ᠲᠥᠭᠦᠷᠢᠭ ᠲᠤ ᠬᠦᠷᠴᠦ᠂ 1.2% ᠢᠶᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 38.1 ᠳ᠋ᠦᠩᠰᠢᠭᠤᠷ ᠲᠥᠭᠦᠷᠢᠭ ᠲᠤ ᠬᠦᠷᠴᠦ᠂ 0.7% ᠪᠠᠷ ᠨᠡᠮᠡᠭᠳᠡᠪᠡ᠃ ᠬᠡᠷᠡᠭᠯᠡᠭᠡᠨ ᠤ ᠲᠦᠷᠦᠯ ᠵᠦᠢᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠬᠤ 266.4 ᠳ᠋ᠦᠩᠰᠢᠭᠤᠷ ᠲᠥᠭᠦᠷᠢᠭ᠂ 2.1% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 22.9 ᠳ᠋ᠦᠩᠰᠢᠭᠤᠷ ᠲᠥᠭᠦᠷᠢᠭ᠂ 9.2% ᠢᠶᠠᠷ ᠪᠠᠭᠤᠷᠠᠪᠠ᠃ ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠬᠢᠲᠠᠳ ᠧᠦ᠋ᠷᠣᠫᠠ ᠡᠮ ᠤᠨ ᠲᠥᠷᠥᠯ ᠵᠦᠢᠯ᠂ ᠠᠮᠤ ᠪᠤᠳᠠᠭ᠎ᠠ ᠲᠣᠰᠣ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠤᠰᠪᠤᠷᠢ 2.3%᠂ 26.5% ᠪᠠᠷ ᠨᠡᠮᠡᠭᠳᠡᠪᠡ᠃ ᠭᠤᠣᠯᠳᠠᠯᠭ᠎ᠠ  ᠲᠠᠢ ᠲᠠᠸᠠᠷ ᠤᠨ ᠪᠣᠷᠣᠯᠠᠭᠤᠯᠭ᠎ᠠ ᠨᠡᠯᠢᠶᠡᠳ ᠰᠠᠢᠨ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 31% ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 1.6 ᠳᠠᠬᠢᠨ ᠨᠡᠮᠡᠭᠳᠡᠪᠡ᠃      1 — 5 ᠰᠠᠷ᠎ᠠ ᠳᠤ᠂ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ ᠲᠤᠭ᠎ᠠ 48.4 ᠳ᠋ᠦᠩᠰᠢᠭᠤᠷ ᠲᠥᠭᠦᠷᠢᠭ ︵ᠠᠷᠠᠳ ᠤᠨ ᠵᠣᠭᠤᠰ᠂ ᠳᠣᠷᠣᠭᠰᠢ ᠠᠳᠠᠯᠢ︶ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠪᠠᠭᠤᠷᠠᠪᠠ᠃ ᠡᠭᠦᠨ ᠤ ᠳᠣᠲᠣᠷ᠎ᠠ᠂ ᠭᠠᠳᠠᠭᠠᠳᠤ ᠠᠴᠠ ᠣᠷᠣᠭᠤᠯᠤᠭᠰᠠᠨ ᠨᠢ 35.6 ᠳ᠋ᠦᠩᠰᠢᠭᠤᠷ ᠲᠥᠭᠦᠷᠢᠭ ᠲᠤ ᠬᠦᠷᠴᠦ᠂ 19.6% ᠪᠠᠷ ᠪᠠᠭᠤᠷᠠᠪᠠ︔ ᠭᠠᠳᠠᠭᠠᠳᠤ ᠳᠤ ᠭᠠᠷᠭᠠᠭᠰᠠᠨ ᠨᠢ 12.7ᠳ᠋ᠦᠩᠰᠢᠭᠤᠷ ᠲᠥᠭᠦᠷᠢᠭ ᠲᠤ ᠬᠦᠷᠴᠦ᠂ 36.4% ᠪᠠᠷ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ