ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/7/4
ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ                                                                                             ︵2022︶ 36 ᠳ᠋ᠤᠭᠠᠷ ᠲᠣᠭᠠᠲᠤ      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠭᠠᠳᠠᠭᠰᠢ ᠭᠠᠷᠬᠤ ᠬᠠᠮᠢᠶᠠᠷᠤᠯᠲᠠ ᠶᠢ ᠴᠢᠩᠭᠠᠳᠬᠠᠨ᠎ᠠ       ᠥᠷᠭᠡᠨ ᠣᠯᠠᠨ ᠬᠤᠲᠠ ᠶᠢᠨ ᠠᠷᠠᠳ ᠴᠢᠬᠤᠯᠠ ᠤᠴᠢᠷ ᠦᠭᠡᠢ ᠪᠣᠯ ᠥᠨᠳᠦᠷ᠂ ᠳᠤᠮᠳᠠ ᠲᠦᠭᠰᠢᠭᠦᠷᠢ ᠲᠠᠢ ᠣᠷᠣᠨ ᠵᠢᠴᠢ ᠰᠢᠶᠠᠨ ︵ᠬᠤᠲᠠ᠂ ᠲᠣᠭᠤᠷᠢᠭ᠂ ᠬᠤᠰᠢᠭᠤ︶ ᠳᠤ ᠣᠴᠢᠬᠤ ᠥᠬᠡᠶ ᠪᠠᠶᠢᠬᠤ ᠶᠢ ᠰᠠᠨᠠᠭᠠᠴᠢᠯᠠᠵᠤ᠂ ᠵᠠᠪᠠᠯ ᠭᠠᠳᠠᠭᠰᠢ ᠭᠠᠷᠬᠤ ᠴᠢᠬᠤᠯᠠ ᠲᠠᠢ ᠪᠣᠯ᠂ ᠪᠥᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠲᠤ ᠣᠴᠢᠬᠤ ᠠᠴᠠ ᠵᠠᠶᠢᠯᠠᠰᠬᠢᠬᠦ ᠬᠡᠷᠡᠭᠲᠡᠶ᠃ ᠤᠯᠠᠭᠠᠨᠬᠠᠳᠠ ᠳᠤ ᠢᠷᠡᠬᠦ ᠠᠴᠠ ᠪᠠᠨ ᠡᠮᠦᠨ᠎ᠡ ᠡᠷᠬᠡᠪᠰᠢ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠤᠯᠠᠭᠠᠨᠬᠠᠳᠠ ᠳᠤ ᠢᠷᠡᠭᠰᠡᠨ ᠤ ᠳᠠᠷᠠᠭ᠎ᠠ ᠬᠤᠯᠪᠣᠭᠳᠠᠯ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃       ᠬᠤᠶᠠᠷ᠂ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ       ︵ᠨᠢᠭᠡ︶ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠡᠷᠬᠡᠪᠰᠢ 24 ᠴᠠᠭ ᠤᠨ ᠡᠮᠦᠨ᠎ᠡ ︽ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠤᠨ ᠪᠦᠷᠢᠳᠬᠡᠨ ᠳᠠᠩᠰᠠᠯᠠᠭᠤᠯᠬᠤ ᠰᠢᠰᠲ᠋ᠧᠮ︾ ᠳᠤ ᠳᠠᠩᠰᠠᠯᠠᠭᠤᠯᠬᠤ ᠶᠢᠨ ᠬᠠᠮᠲᠤ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ︵ᠲᠣᠰᠬᠤᠨ ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠪᠠᠭᠤᠳᠠᠯ ᠳᠤ ᠮᠡᠳᠡᠭᠦᠯᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠃       ︵ᠬᠤᠶᠠᠷ︶ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ ᠪᠦᠭᠡᠳ ᠬᠢᠯᠢ ᠳᠤ ᠣᠷᠣᠵᠤ ᠢᠷᠡᠭᠰᠡᠨ ᠨᠢᠭᠡᠳᠦᠭᠡᠷ ᠴᠡᠭ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠯᠲᠠ ᠪᠠᠷᠠᠭᠰᠠᠨ ᠤ ᠳᠠᠷᠠᠭ᠎ᠠ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ᠂ ᠤᠷᠢᠳᠴᠢᠯᠠᠨ ᠮᠡᠳᠡᠭᠦᠯᠦᠨ ᠪᠦᠷᠢᠳᠬᠡᠯᠭᠡᠭᠰᠡᠨ ᠰᠠᠭᠤᠷᠢᠨ ᠳᠡᠭᠡᠷ᠎ᠡ᠂ ᠪᠢᠲᠡᠭᠦᠦ ᠬᠡᠯᠬᠢᠶ᠎ᠡ ᠪᠠᠷ ᠰᠠᠭᠤᠭ᠎ᠠ ᠭᠠᠵᠠᠷ ᠲᠤᠨᠢ ᠬᠦᠷᠭᠡᠵᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠤᠨ᠂ 3 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠬᠡᠷᠡᠭᠵᠢᠭᠦᠯᠦᠨ᠂ 3 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠤᠭᠤᠴᠠᠭᠠᠨ ᠳᠤ ᠭᠠᠳᠠᠭᠰᠢ ᠭᠠᠷᠬᠤ ᠥᠬᠡᠶ᠂ ᠬᠡᠷᠪᠡ ᠡᠪᠡᠳᠴᠢᠨ ᠦᠵᠡᠭᠦᠯᠬᠦ ᠵᠡᠷᠭᠡ ᠣᠨᠴᠠᠭᠠᠶ ᠪᠠᠶᠢᠳᠠᠯ ᠲᠠᠢ ᠡᠷᠬᠡᠪᠰᠢ ᠭᠠᠳᠠᠭᠰᠢ ᠭᠠᠷᠬᠤ ᠦᠶ᠎ᠡ ᠳᠤ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃       ︵ᠭᠤᠷᠪᠠ︶ ᠥᠨᠳᠦᠷ ᠲᠦᠭᠰᠢᠭᠦᠷᠢ ᠲᠠᠢ ᠣᠷᠣᠨ ᠳᠤ 7 ᠡᠳᠦᠷ ᠤᠨ ᠰᠠᠭᠤᠵᠤ ᠵᠢᠭᠤᠯᠴᠢᠯᠠᠭᠰᠠᠨ ᠲᠡᠤᠬᠡ ᠲᠠᠢ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠲᠤ᠂ 7 ᠡᠳᠦᠷ ᠤᠨ ᠲᠥᠪᠯᠡᠷᠡᠭᠦᠯᠦᠨ ᠲᠤᠰᠠᠭᠠᠷᠯᠠᠯ ᠬᠢᠵᠦ᠂ ᠲᠥᠪᠯᠡᠷᠡᠭᠦᠯᠦᠨ ᠲᠤᠰᠠᠭᠠᠷᠯᠠᠬᠤ 1᠂ 2᠂ 3᠂ 5᠂ 7 ᠳ᠋ᠤᠭᠠᠷ ᠡᠳᠦᠷ ᠲᠤ ᠲᠤᠰᠪᠤᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢ ᠲᠠᠢ ᠣᠷᠣᠨ ᠠᠴᠠ ᠰᠠᠯᠤᠭᠰᠠᠨ ᠡᠳᠦᠷ ᠠᠴᠠ ᠡᠬᠢᠯᠡᠵᠦ ᠪᠤᠳᠤᠨ᠎ᠠ᠃       ︵ᠳᠥᠷᠪᠡ︶ ᠳᠤᠮᠳᠠ ᠲᠦᠭᠰᠢᠭᠦᠷᠢ ᠲᠠᠢ ᠣᠷᠣᠨ ᠳᠤ 7 ᠡᠳᠦᠷ ᠤᠨ ᠰᠠᠭᠤᠵᠤ ᠵᠢᠭᠤᠯᠴᠢᠯᠠᠭᠰᠠᠨ ᠲᠡᠤᠬᠡ ᠲᠠᠢ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠲᠤ᠂ 7 ᠡᠳᠦᠷ ᠤᠨ ᠬᠡᠷ ᠪᠦᠯᠢ ᠶᠢᠨ ᠲᠤᠰᠠᠭᠠᠷᠯᠠᠯ ᠬᠢᠵᠦ᠂ ᠬᠡᠷ ᠪᠦᠯᠢ ᠶᠢᠨ ᠲᠤᠰᠠᠭᠠᠷᠯᠠᠯ ᠤᠨ 1᠂ 4᠂ 7 ᠳ᠋ᠤᠭᠠᠷ ᠡᠳᠦᠷ ᠲᠤ ᠲᠤᠰᠪᠦᠷᠢ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ ᠬᠡᠷ ᠲᠡᠭᠡᠨ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠯ ᠬᠢᠨ᠎ᠠ᠃ ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢ ᠲᠠᠢ ᠣᠷᠣᠨ ᠠᠴᠠ ᠰᠠᠯᠤᠭᠰᠠᠨ ᠡᠳᠦᠷ ᠠᠴᠠ ᠡᠬᠢᠯᠡᠵᠦ ᠪᠤᠳᠤᠨ᠎ᠠ᠃       ︵ᠲᠠᠪᠤ︶ 7 ᠡᠳᠦᠷ ᠤᠨ ᠳᠣᠲᠣᠷ᠎ᠠ ᠤᠯᠤᠰ ᠤᠨ ᠳᠣᠲᠣᠭᠠᠳᠤ ᠶᠢᠨ ᠥᠨᠳᠦᠷ ᠳᠤᠮᠳᠠ ᠲᠦᠭᠰᠢᠭᠦᠷᠢ ᠲᠠᠢ ᠣᠷᠣᠨ ᠤ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠤᠰᠤᠳ ᠭᠠᠵᠠᠷ ᠣᠷᠣᠨ ᠳᠤ ᠰᠠᠭᠤᠵᠤ ᠵᠢᠭᠤᠯᠴᠢᠯᠠᠭᠰᠠᠨ ᠲᠡᠤᠬᠡ ᠲᠠᠢ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠬᠦᠷᠴᠦ ᠢᠷᠡᠭᠰᠡᠨ ᠤ ᠳᠠᠷᠠᠭ᠎ᠠ ᠵᠠᠰᠠᠮᠠᠯ ᠵᠠᠮ ᠤᠨ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠥᠷᠲᠡᠭᠡ ᠪᠤᠶᠤ ︽ᠨᠢᠭᠡ ᠲᠠᠯᠠᠪᠤᠷ ᠬᠤᠶᠠᠷ ᠥᠷᠲᠡᠭᠡ︾ ᠳ᠋ᠤ᠋‌‍ᠬᠦ᠋ᠷᠴᠦ ᠰᠠᠭᠠᠳᠠᠭᠰᠠᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠳᠠᠷᠤᠶ ᠬᠢᠵᠦ ᠳᠠᠷᠤᠢ ᠶᠠᠪᠤᠨ᠂ 3 ᠡᠳᠦᠷ ᠤᠨ ᠳᠣᠲᠣᠷ᠎ᠠ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠶᠢ ᠪᠡᠶᠡᠯᠡᠭᠦᠯᠬᠦ ᠶᠢᠨ ᠬᠠᠮᠲᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠢ᠃        ︵ᠵᠢᠷᠭᠤᠭ᠎ᠠ︶ ᠬᠢᠯᠢ ᠪᠠᠷ ᠣᠷᠣᠵᠤ ᠢᠷᠡᠬᠦ ᠬᠥᠮᠦᠰ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶ᠎ᠡ ᠵᠡᠷᠭᠡ ᠪᠠᠷᠠᠭ᠎ᠠ ᠵᠢᠴᠢ ᠣᠷᠴᠢᠨ ᠲᠣᠭᠤᠷᠢᠨ ᠲᠠᠢ ᠰᠢᠭᠤᠳ ᠣᠶᠢᠷᠠᠳᠬᠤ ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠬᠥᠮᠦᠰ᠂ ᠴᠢᠬᠤᠯᠠ ᠤᠴᠢᠷ ᠦᠭᠡᠢ ᠪᠣᠯ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠦᠭᠡᠢ ᠪᠠᠶᠢᠵᠤ᠂ ᠵᠠᠪᠠᠯ ᠢᠷᠡᠬᠦ ︵ᠪᠤᠴᠠᠵᠤ ᠢᠷᠡᠬᠦ︶ ᠴᠢᠬᠤᠯᠠ ᠲᠠᠢ ᠪᠣᠯ ᠡᠷᠬᠡᠪᠰᠢ ᠠᠵᠢᠯ ᠤᠨ ᠪᠠᠶᠢᠷᠢ ᠠᠴᠠ ᠪᠠᠨ 7 ᠡᠳᠦᠷ ᠠᠴᠠ ᠳᠡᠭᠡᠭᠰᠢ ᠰᠠᠯᠤᠭᠰᠠᠨ ᠪᠠᠶᠢᠬᠤ ᠬᠡᠷᠡᠭᠲᠡᠶ᠃      ︵ᠲᠤᠯᠤᠭ᠎ᠠ︶ ᠳᠣᠣᠷ᠎ᠠ ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠳᠤ ᠬᠢᠵᠢᠭ ᠢ ᠰᠡᠷᠭᠡᠶᠢᠯᠡᠬᠦ ᠬᠢᠵᠠᠭᠠᠷᠯᠠᠯ ᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃ ᠥᠨᠳᠦᠷ ᠳᠤᠮᠳᠠ ᠲᠦᠭᠰᠢᠭᠦᠷᠢ ᠲᠠᠢ ᠣᠷᠣᠨ ᠤ ᠪᠠᠶᠢᠭ᠎ᠠ ᠭᠠᠵᠠᠷ ᠠᠴᠠ ᠢᠷᠡᠭᠰᠡᠨ ᠪᠤᠶᠤ ᠣᠷᠣᠵᠤ ᠭᠠᠷᠤᠭᠰᠠᠨ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠳᠤ᠂ ᠵᠢᠯᠣᠭᠤᠴᠢ ᠪᠠ ᠲᠡᠷᠭᠡᠨ ᠳᠤ ᠰᠠᠭᠤᠵᠤ ᠪᠠᠶᠢᠭ᠎ᠠ ᠬᠦᠮᠦᠰ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ᠂ ᠨᠣᠭᠤᠭᠠᠨ ᠥᠩᠭᠡᠲᠡᠢ ᠡᠷᠡᠭᠦᠯ ᠮᠡᠨᠳᠦ ᠶᠢᠨ ᠺᠣᠳ᠋᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠨᠢ ᠬᠡᠪ ᠤᠨ ᠪᠥᠭᠡᠳ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠰᠡᠨ ᠰᠠᠭᠤᠷᠢᠨ ᠳᠡᠭᠡᠷ᠎ᠡ᠂ ᠪᠠᠷᠠᠭ᠎ᠠ ᠬᠤᠷᠢᠶᠠᠬᠤ ᠪᠠ ᠶᠠᠪᠤᠭᠤᠯᠬᠤ ᠪᠠᠶᠢᠭᠤᠯᠭ᠎ᠠ ᠨᠢᠭᠡᠴᠡ᠂ ᠨᠡᠶᠢᠭᠡᠮ ᠲᠣᠭᠤᠷᠢᠭ ︵ᠲᠣᠰᠬᠤᠨ ᠭᠠᠴᠠᠭ᠎ᠠ︶ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠬᠥᠲᠥᠯᠦᠨ ᠵᠢᠯᠤᠭᠤᠳᠴᠤ ᠬᠠᠮᠠᠭᠠᠯᠠᠨ ᠬᠥᠷᠭᠡᠵᠦ᠂ ᠪᠢᠲᠡᠭᠦᠦ ᠬᠡᠯᠬᠢᠶᠡᠲᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢᠯᠡᠯ ᠨᠢ ᠨᠢᠭᠡᠨᠲᠡ 48 ᠴᠠᠭ ᠠᠴᠠ ᠬᠡᠲᠦᠷᠡᠭᠰᠡᠨ ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢᠯᠡᠯ ᠥᠬᠡᠶ ᠪᠠᠷᠠᠭᠠᠨ ᠤ ᠲᠡᠷᠭᠡᠨ ᠤ ᠵᠢᠯᠣᠭᠤᠴᠢ‌‍ᠪᠠ ᠲᠡᠷᠭᠡᠨ ᠳᠤ ᠰᠠᠭᠤᠵᠤ ᠪᠠᠶᠢᠭ᠎ᠠ ᠬᠦᠮᠦᠰ ᠲᠤ ︽ᠪᠥᠭᠡᠮ ᠬᠦᠴᠢᠯ + ᠠᠨᠲ᠋ᠢᠭ᠍ᠸᠡ︾ ᠤ ᠪᠠᠶᠢᠴᠠᠭᠠᠯᠲᠠ ᠬᠢᠵᠦ᠂ ᠠᠨᠲ᠋ᠢᠭ᠍ᠸᠡ ᠤ ᠪᠠᠶᠢᠴᠠᠭᠠᠯᠲᠠ ᠨᠢ ᠪᠢᠯᠢᠭ ᠴᠢᠨᠠᠷ ᠪᠣᠯ ᠳᠠᠷᠤᠶ ᠳᠤᠨᠢ ᠨᠡᠪᠲᠡᠷᠡᠭᠦᠯᠵᠦ᠂ ︽ᠳᠠᠷᠤᠢ ᠳᠤᠨᠢ ᠬᠢᠵᠦ ᠳᠠᠷᠤᠢ ᠳᠤᠨᠢ ᠶᠠᠪᠤᠵᠤ ᠳᠠᠷᠤᠢ ᠳᠤᠨᠢ ᠨᠡᠬᠡᠬᠦ︾ ᠲᠦᠷᠢᠮ ᠢ ᠨᠠᠶᠢᠳᠠᠪᠤᠷᠢᠵᠢᠭᠤᠯᠤᠨ᠂ ᠪᠥᠭᠡᠮ ᠬᠦᠴᠢᠯ ᠤᠨ ᠪᠠᠶᠢᠴᠠᠭᠠᠯᠲᠠ ᠨᠢ ᠠᠷᠭ᠎ᠠ ᠴᠢᠨᠠᠷ ᠢᠯᠡᠷᠡᠪᠡᠯ ᠳᠠᠷᠤᠶ ᠳᠤᠨᠢ ᠬᠠᠮᠢᠶᠠᠷᠤᠨ ᠡᠵᠡᠮᠳᠡᠬᠦ ᠬᠡᠷᠡᠭᠲᠡᠢ᠃       ︵ᠨᠠᠢᠮᠠ︶ ᠲᠤᠰᠠᠭᠠᠷᠯᠠᠬᠤ ᠬᠤᠭᠤᠴᠠᠭᠠᠨ ᠳᠤ ᠪᠠᠶᠢᠭ᠎ᠠ ᠳᠡᠭᠡᠷ᠎ᠡ ᠳᠤᠷᠠᠳᠤᠭᠰᠠᠨ ᠬᠥᠮᠦᠰ ᠲᠤ᠂ ᠲᠣᠰ ᠵᠠᠷᠯᠠᠯ ᠢ ᠦᠨᠳᠦᠰᠦᠯᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠡᠭᠡᠨ ᠲᠣᠬᠢᠷᠠᠭᠤᠯᠤᠯᠲᠠ ᠬᠢᠵᠦ᠂ ︽ᠨᠥᠬᠦᠵᠦ ᠭᠦᠢᠴᠡᠳᠭᠡᠬᠦ︾ ᠵᠠᠷᠴᠢᠮ ᠶᠣᠰᠣᠭᠠᠷ᠂ ᠲᠠᠷᠠᠭᠠᠴᠢ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠲᠤᠰᠠᠭᠠᠷᠯᠠᠬᠤ ᠬᠤᠭᠤᠴᠠᠭ᠎ᠠ ᠠᠴᠠ ᠨᠢᠭᠡᠨᠲᠡ ᠥᠩᠭᠡᠷᠡᠭᠰᠡᠨ ᠪᠠᠶᠢᠪᠠᠯ᠂ ᠲᠤᠰᠠᠭᠠᠷᠯᠠᠬᠤ ᠥᠬᠡᠶ ᠪᠠᠷᠢᠮᠵᠢᠶ᠎ᠠ ᠶᠢ ᠬᠠᠩᠭᠠᠭᠰᠠᠨ ᠤᠷᠢᠲᠠᠯ ᠳᠣᠤᠷ᠎ᠠ᠂ ᠲᠤᠰᠠᠭᠠᠷᠯᠠᠬᠤ ᠶᠢ ᠬᠦᠴᠦᠨ ᠥᠬᠡᠶ ᠪᠣᠯᠭᠠᠨ᠎ᠠ᠃       ︵ᠶᠢᠰᠦ︶ ᠳᠡᠭᠡᠷ᠎ᠡ ᠳᠤᠷᠠᠳᠤᠭᠰᠠᠨ ᠲᠦᠭᠰᠢᠭᠦᠷᠢ ᠲᠠᠢ ᠬᠥᠮᠦᠰ ᠠᠴᠠ ᠪᠤᠰᠤᠳ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ︵ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠥᠮᠦᠰ ᠢ ᠪᠠᠭᠲᠠᠭᠠᠨ᠎ᠠ︶᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠨᠢ ᠨᠢᠭᠡᠨᠲᠡ 48 ᠴᠠᠭ ᠠᠴᠠ ᠬᠡᠲᠦᠷᠡᠭᠰᠡᠨ ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠥᠬᠡᠶ ᠪᠠᠶᠢᠪᠠᠯ᠂ ᠵᠠᠰᠠᠮᠠᠯ ᠵᠠᠮ ᠤᠨ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠥᠷᠲᠡᠭᠡ ᠪᠤᠶᠤ ︽ᠨᠢᠭᠡ ᠲᠠᠯᠠᠪᠤᠷ ᠬᠤᠶᠠᠷ ᠥᠷᠲᠡᠭᠡ︾ ᠳᠤ ᠬᠦᠷᠴᠦ ᠰᠠᠭᠠᠳᠠᠭᠰᠠᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠳᠠᠷᠤᠶ ᠳᠤᠨᠢ ᠬᠢᠵᠦ ᠳᠠᠷᠤᠶ ᠳᠤᠨᠢ ᠶᠠᠪᠤᠭᠤᠯᠤᠨ᠎ᠠ᠃       ᠭᠤᠷᠪᠠ᠂ ᠭᠤᠣᠯᠳᠠᠯᠭ᠎ᠠ ᠲᠠᠢ ᠭᠠᠵᠠᠷ ᠲᠠᠯᠠᠪᠤᠷ ᠤᠨ ᠬᠠᠮᠢᠶᠠᠷᠤᠯᠲᠠ ᠶᠢ ᠴᠢᠩᠳᠠᠯᠠᠨ᠎ᠠ      ︵ᠨᠢᠭᠡ︶ ᠵᠠᠰᠠᠮᠠᠯ ᠵᠠᠮ ᠤᠨ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠥᠷᠲᠡᠭᠡ᠂ ︽ᠨᠢᠭᠡ ᠲᠠᠯᠠᠪᠤᠷ ᠬᠤᠶᠠᠷ ᠥᠷᠲᠡᠭᠡ︾ ᠪᠠ ᠵᠠᠰᠠᠮᠠᠯ ᠵᠠᠮ ᠳᠠᠭᠠᠤ ᠶᠢᠨ ᠦᠢᠯᠡᠴᠢᠯᠡᠭᠡᠨ ᠤ ᠲᠠᠯᠠᠪᠤᠷ ᠨᠢ ᠲᠣᠭᠲᠠᠭᠠᠯ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ ᠵᠡᠷᠭᠡ ᠶᠢ ᠪᠠᠶᠢᠴᠠᠭᠠᠬᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠷᠴᠦ ᠰᠠᠭᠠᠳᠠᠭᠰᠠᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃       ︵ᠬᠤᠶᠠᠷ︶ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠰᠣᠶᠣᠯ ᠵᠤᠭ᠎ᠠ ᠴᠡᠩᠭᠡᠯ᠂ ᠢᠳᠡᠭᠡᠨ ᠤᠮᠳᠠᠭᠠᠨ ᠤ ᠪᠠᠶᠢᠭᠤᠯᠤᠮᠵᠢ᠂ ᠵᠣᠴᠢᠳ ᠤᠨ ᠪᠠᠭᠤᠳᠠᠯ᠂ ᠬᠥᠳᠡᠭᠡ ᠲᠣᠰᠬᠤᠨ ᠤ ᠠᠶᠢᠯ ᠤᠨ ᠪᠠᠭᠤᠳᠠᠯ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠲᠤ ᠬᠡᠮᠵᠢᠶ᠎ᠡ ᠶᠢ ᠬᠢᠵᠠᠭᠠᠷᠯᠠᠬᠤ᠂ ᠴᠠᠭ ᠵᠥᠷᠢᠭᠦᠯᠬᠦ᠂ ᠳᠤᠯᠠᠭᠠᠨ ᠢ ᠬᠡᠮᠵᠢᠬᠦ᠂ ᠺᠣᠳ᠋ ᠪᠠᠶᠢᠴᠠᠭᠠᠬᠤ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠮᠥᠷᠯᠡᠬᠦ ᠶᠢ ᠵᠣᠬᠢᠶᠠᠨ ᠪᠠᠶᠢᠭᠤᠯᠤᠨ᠂ ᠬᠥᠮᠦᠰ ᠢ ᠴᠠᠭ ᠲᠤᠬᠠᠶ ᠳᠤᠨᠢ ᠬᠥᠲᠥᠯᠥᠨ ᠵᠢᠯᠣᠭᠤᠳᠴᠤ᠂ ᠪᠥᠭᠡᠮᠨᠡᠷᠡᠨ ᠴᠤᠭᠯᠠᠷᠠᠬᠤ ᠶᠢ ᠰᠡᠷᠭᠡᠶᠢᠯᠡᠬᠦ ᠬᠡᠷᠡᠭᠲᠡᠶ᠃ ᠡᠯ᠎ᠡ ᠲᠥᠷᠥᠯ ᠤᠨ ᠦᠵᠡᠮᠵᠢ ᠶᠢᠨ ᠣᠷᠣᠨ᠂ ᠴᠡᠴᠡᠷᠯᠢᠭ᠂ ᠠᠭᠤᠳᠠᠮ ᠲᠠᠯᠠᠪᠠᠶ ᠳᠤ ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ ᠵᠡᠷᠭᠡ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠶᠠᠪᠤᠵᠤ ᠰᠠᠭᠤᠬᠤ ᠵᠠᠮ ᠱᠤᠭᠤᠮ ᠪᠠ ᠴᠠᠭ ᠬᠤᠭᠤᠴᠠᠭ᠎ᠠ ᠶᠢ ᠵᠣᠬᠢᠰᠲᠠᠶ ᠰᠣᠩᠭᠤᠭᠤᠯᠵᠤ᠂ ᠬᠦᠷᠦᠯᠴᠡᠬᠦ ᠥᠬᠡᠶ ᠪᠠᠷ ᠪᠢᠯᠧᠲ ᠬᠤᠳᠠᠯᠳᠤᠨ ᠠᠪᠬᠤ ᠶᠢ ᠰᠠᠶᠢᠲᠤᠷ ᠬᠢᠵᠦ᠂ ᠴᠠᠭ ᠵᠥᠷᠢᠭᠦᠯᠦᠨ ᠭᠠᠳᠠᠭᠰᠢ ᠭᠠᠷᠬᠤ᠂ ᠴᠠᠭ ᠵᠥᠷᠢᠭᠦᠯᠦᠨ ᠵᠤᠭᠠᠴᠠᠬᠤ ᠶᠢ ᠬᠡᠷᠡᠭᠵᠢᠭᠦᠯᠦᠨ᠂ ᠬᠥᠮᠦᠨ ᠬᠠᠷ᠎ᠠ ᠴᠤᠭᠯᠠᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃       ︵ᠭᠤᠷᠪᠠ︶ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠪᠢ ᠶᠢᠨ ᠡᠮᠴᠢᠯᠡᠭᠡᠨ ᠤ ᠭᠠᠵᠠᠷ ᠵᠡᠷᠭᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠠᠩᠬ᠎ᠠ ᠣᠨᠤᠰᠢᠯᠠᠬᠤ ᠡᠮᠴᠢ ᠶᠢᠨ ᠬᠠᠷᠢᠭᠤᠴᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠦᠨᠦᠷ ᠤᠨ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠤᠭᠤᠯᠠᠢ ᠡᠪᠡᠳᠬᠦ᠂ ᠰᠠᠯᠢᠰᠤᠲᠤ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ ᠪᠠ ᠰᠠᠭᠤᠯᠭᠠᠬᠤ ᠵᠡᠷᠭᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠬᠠᠮᠢᠶ᠎ᠠ ᠪᠥᠬᠦᠶ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠡᠩ ᠤᠨ ᠪᠠᠶᠢᠳᠠᠯ ᠢᠶᠠᠷ ᠣᠨᠣᠰᠢᠯᠠᠨ ᠵᠠᠰᠠᠵᠤ ᠪᠣᠯᠬᠤ ᠥᠬᠡᠶ᠃ ᠡᠮᠦᠨ᠎ᠡ ᠳᠤᠷᠠᠳᠤᠭᠰᠠᠨ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠣᠯᠵᠤ ᠮᠡᠳᠡᠪᠡᠯ᠂ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠳᠠᠷᠤᠶ ᠲᠦᠷᠭᠡᠨ 120 ᠲᠦᠷᠭᠡᠨ ᠠᠪᠤᠷᠠᠯᠲᠠ ᠶᠢᠨ ᠲᠡᠷᠭᠡ ᠪᠠᠷ ᠪᠢᠲᠡᠭᠦᠦ ᠬᠡᠯᠬᠢᠶᠡᠲᠦ ᠪᠠᠷ ᠬᠠᠯᠠᠭᠤᠷᠠᠯ ᠤᠨ ᠡᠭᠦᠳᠡᠨ ᠡᠮᠨᠡᠯᠭᠡ ᠳᠤ ᠰᠢᠯᠵᠢᠭᠦᠯᠦᠨ ᠡᠮᠨᠡᠭᠦᠯᠬᠦ ᠬᠡᠷᠡᠭᠲᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠬᠤᠯᠪᠣᠭᠳᠠᠯ ᠪᠥᠬᠦᠶ ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠳᠤᠷ᠎ᠠ ᠪᠠᠷ ᠢᠶᠠᠨ ᠣᠨᠣᠰᠢᠯᠠᠨ ᠵᠠᠰᠠᠭᠰᠠᠨ ᠡᠮᠴᠢᠯᠡᠭᠡᠨ ᠤ ᠭᠠᠵᠠᠷ ᠢ ᠣᠯᠵᠤ ᠮᠡᠳᠡᠮᠡᠭᠴᠡ ᠳᠠᠷᠤᠶ ᠲᠦᠷᠭᠡᠨ ᠬᠠᠭᠠᠵᠤ᠂ ᠮᠠᠭᠤ ᠦᠷ᠎ᠡ ᠳ᠋ᠦᠩ ᠭᠠᠷᠭᠠᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃       ︵ᠳᠥᠷᠪᠡ︶ ᠡᠮ ᠤᠨ ᠳᠡᠯᠭᠡᠭᠦᠷ ᠤᠳ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠨᠢᠶᠠᠨ ᠳᠠᠷᠤᠭᠴᠢ ᠶᠢ ᠡᠰᠡᠷᠭᠦᠴᠡᠬᠦ︾ ᠳᠥᠷᠪᠡᠨ ᠲᠥᠷᠥᠯ ᠤᠨ ᠡᠮ ᠤᠨ ᠵᠦᠢᠯ ᠤᠨ ᠪᠣᠷᠣᠯᠠᠭᠤᠯᠭ᠎ᠠ ᠶᠢ ᠬᠥᠮᠦᠨ ᠳᠠᠷᠠᠭᠠᠯᠠᠨ ᠰᠠᠶᠢᠲᠤᠷ ᠳᠠᠩᠰᠠᠯᠠᠵᠤ᠂ ᠬᠠᠯᠠᠭᠤᠷᠠᠵᠤ ᠪᠠᠶᠢᠭ᠎ᠠ ᠡᠪᠡᠳᠴᠢᠲᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠭᠤᠯᠬᠤ ᠬᠡᠷᠡᠭᠲᠡᠶ᠃       ᠳᠥᠷᠪᠡ᠂ ᠬᠤᠪᠢ ᠬᠥᠮᠦᠨ ᠤ ᠬᠠᠮᠠᠭᠠᠯᠠᠯᠲᠠ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ ︵ᠨᠢᠭᠡ︶ ᠥᠷᠭᠡᠨ ᠣᠯᠠᠨ ᠠᠷᠠᠳ ᠲᠦᠮᠡᠨ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ᠂ ᠨᠡᠶᠢᠲᠡ ᠶᠢᠨ ᠰᠢᠨᠠᠭ᠎ᠠ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠢ ᠪᠠᠷᠢᠮᠲᠠᠯᠠᠵᠤ᠂ ᠣᠯᠠᠨ ᠨᠡᠶᠢᠲᠡ ᠶᠢᠨ ᠲᠠᠯᠠᠪᠤᠷ ᠲᠤ ᠣᠷᠤᠪᠠᠯ ᠳᠤᠯᠠᠭᠠᠨ ᠢᠶᠠᠨ ᠬᠡᠮᠵᠢᠬᠦ᠂ ᠺᠣᠳ᠋ ᠰᠢᠷᠪᠢᠬᠦ᠂ ︽ᠨᠢᠭᠡ ᠮᠧᠲᠷ ᠤᠨ ᠱᠤᠭᠤᠮ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃       ︵ᠬᠤᠶᠠᠷ︶ ᠬᠤᠪᠢ ᠬᠥᠮᠦᠨ ᠵᠢᠴᠢ ᠬᠡᠷ ᠤᠨ ᠬᠥᠮᠦᠰ ᠤᠨ ᠢᠶᠠᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠬᠠᠮᠤᠭ ᠤᠨ ᠲᠡᠷᠢᠭᠦᠨ ᠳᠤ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠡᠮᠨᠡᠭᠦᠯᠬᠦ ᠵᠠᠮ ᠳᠠᠭᠠᠨ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃       ︵ᠭᠤᠷᠪᠠ︶ ᠥᠷᠭᠡᠨ ᠣᠯᠠᠨ ᠬᠤᠲᠠ ᠶᠢᠨ ᠠᠷᠠᠳ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠥᠨᠳᠦᠷ ᠳᠤᠮᠳᠠ ᠲᠦᠭᠰᠢᠭᠦᠷᠢ ᠲᠠᠢ ᠣᠷᠣᠨ ᠤ ᠲᠠᠸᠠᠷ ᠢ ᠬᠤᠳᠠᠯᠳᠤᠨ ᠠᠪᠬᠤ ᠥᠬᠡᠶ ᠪᠠᠶᠢᠬᠤ ᠶᠢ ᠰᠠᠨᠠᠭᠠᠴᠢᠯᠠᠨ᠎ᠠ᠃ ᠵᠠᠪᠠᠯ ᠬᠤᠳᠠᠯᠳᠤᠨ ᠠᠪᠬᠤ ᠴᠢᠬᠤᠯᠠ ᠲᠠᠢ ᠪᠣᠯ᠂ ︽ᠲᠥᠪᠯᠡᠷᠡᠭᠦᠯᠦᠨ ᠬᠦᠷᠭᠡᠬᠦ︾ ︽ᠲᠦᠷ ᠬᠠᠳᠠᠭᠠᠯᠠᠬᠤ ᠬᠠᠮᠢᠶᠠᠷᠤᠯᠲᠠ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠶᠢᠨ ᠬᠠᠮᠲᠤ᠂ ᠲᠦᠷᠭᠡᠨ ᠬᠦᠷᠭᠡᠯᠲᠡ ᠶᠢ ᠭᠥᠯᠢᠶᠡᠨ ᠠᠪᠬᠤ ᠳᠠᠭᠠᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠪᠠ ᠠᠮᠠᠪᠴᠢ ᠵᠡᠭᠦᠬᠦ ᠬᠡᠷᠡᠭᠲᠡᠶ᠃      ︵ᠳᠥᠷᠪᠡ︶ ᠡᠯ᠎ᠡ ᠲᠥᠷᠥᠯ ᠤᠨ ᠠᠶᠤᠯ ᠲᠦᠭᠰᠢᠭᠦᠷᠢ ᠲᠠᠢ ᠠᠵᠢᠯ ᠮᠡᠷᠭᠡᠵᠢᠯ ᠤᠨ ᠬᠥᠮᠦᠰ ᠲᠤ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠳᠤ ᠲᠣᠭᠲᠠᠭᠠᠭᠰᠠᠨ ᠦᠶᠡᠯᠡᠯ ᠤᠳᠠᠭ᠎ᠠ ᠶᠢ ᠴᠢᠩᠭ᠎ᠠ ᠵᠢᠷᠤᠮᠯᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠬᠠᠳᠠᠭᠠᠯᠠᠵᠤ ᠡᠳ᠋ᠰᠢᠭᠦᠯᠬᠦ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠠᠵᠢᠯᠲᠠᠨ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠠᠵᠢᠯᠲᠠᠨ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠤ ᠠᠵᠢᠯᠯᠠᠬᠤ ᠬᠤᠭᠤᠴᠠᠭᠠᠨ ᠳᠤ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢ ᠡᠳᠦᠷ ᠪᠦᠷᠢ ᠨᠢᠭᠡ ᠤᠳᠠᠭ᠎ᠠ ᠬᠢᠵᠦ᠂ ᠡᠩ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠠᠮᠢᠶ᠎ᠠ ᠪᠥᠬᠦᠶ ᠡᠮᠴᠢᠯᠡᠭᠡᠨ ᠤ ᠠᠵᠢᠯᠲᠠᠨ᠂ ᠪᠣᠭᠤᠮᠲᠠ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠢᠯᠢ ᠪᠠᠷ ᠣᠷᠣᠵᠤ ᠢᠷᠡᠭᠰᠡᠳ ᠪᠠ ᠡᠳ᠋ ᠪᠣᠳᠠᠰ ᠲᠠᠢ ᠰᠢᠭᠤᠳ ᠣᠶᠢᠷᠠᠳᠬᠤ ᠪᠤᠰᠤᠳ ᠨᠢᠭᠡᠳᠦᠭᠡᠷ ᠹᠷᠣᠨᠲ ᠤᠨ ᠠᠵᠢᠯᠲᠠᠨ ᠡᠳᠦᠷ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃      ᠲᠠᠪᠤ᠂ ᠸᠠᠺᠼᠢᠨ ᠤ ᠲᠠᠷᠢᠯᠭ᠎ᠠ ᠶᠢ ᠲᠦᠷᠭᠡᠳᠬᠡᠨ ᠠᠬᠢᠭᠤᠯᠤᠨ᠎ᠠ       ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠸᠠᠺᠼᠢᠨ ᠤ ᠲᠠᠷᠢᠯᠭ᠎ᠠ ᠪᠣᠯ ᠮᠦᠨᠬᠦ ᠬᠢᠵᠢᠭ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠨᠥᠬᠦᠴᠡᠯ ᠳᠤ ᠨᠡᠶᠢᠴᠡᠬᠦ ᠬᠥᠮᠦᠰ᠂ ᠢᠯᠠᠩᠭᠤᠶ᠎ᠠ 60 ᠨᠠᠰᠤᠨ ᠠᠴᠠ ᠳᠡᠭᠡᠭᠰᠢᠬᠢ ᠲᠠᠷᠢᠯᠭ᠎ᠠ ᠶᠢᠨ ᠴᠡᠭᠡᠷᠯᠡᠯ ᠦᠭᠡᠢ ᠨᠠᠰᠤᠲᠠᠶᠢᠴᠤᠳ ᠪᠦᠬᠦ ᠲᠠᠷᠢᠯᠭ᠎ᠠ ᠶᠢ ᠲᠦᠷᠭᠡᠨ ᠬᠢᠭᠡᠷᠡᠢ᠃       ᠵᠢᠷᠭᠤᠭ᠎ᠠ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ       ᠬᠠᠷᠢᠶ᠎ᠠ ᠭᠠᠵᠠᠷ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ᠂ ᠬᠤᠪᠢ ᠬᠥᠮᠦᠨ ᠤ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠢ᠃ ᠱᠠᠭᠠᠷᠳᠠᠨ ᠪᠠᠶᠢᠴᠠᠭᠠᠵᠤ ᠰᠢᠢᠳᠪᠦᠷᠢᠯᠡᠬᠦ ᠶᠢ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠥᠬᠡᠶ᠂ ᠲᠤᠰᠢᠶᠠᠯ ᠬᠠᠷᠢᠭᠤᠴᠠᠯᠭ᠎ᠠ ᠪᠠᠨ ᠠᠯᠳᠠᠭᠰᠠᠨ ᠠᠴᠠ ᠪᠣᠯᠵᠣ᠂ ᠬᠦᠨᠳᠦ ᠨᠣᠴᠢᠲᠠᠶ ᠦᠷ᠎ᠡ ᠨᠥᠯᠦᠭᠡ ᠭᠠᠷᠭᠠᠭᠰᠠᠨ ᠪᠠᠶᠢᠪᠠᠯ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠥᠨᠳᠦᠷ ᠳᠤᠮᠳᠠ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠰᠠᠭᠤᠵᠤ ᠵᠢᠭᠤᠯᠴᠢᠯᠠᠭᠰᠠᠨ ᠲᠡᠤᠬᠡ ᠪᠠᠨ ᠨᠢᠭᠤᠨ ᠳᠠᠯᠳᠠᠯᠠᠭᠰᠠᠨ᠂ ᠪᠠᠶᠢᠴᠠᠭᠠᠯᠲᠠ ᠠᠴᠠ ᠵᠠᠶᠢᠯᠠᠭᠰᠠᠨ ᠵᠡᠷᠭᠡ ᠬᠢᠵᠢᠭ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠨᠠᠶᠢᠳᠠᠪᠤᠷᠢᠵᠢᠭᠤᠯᠬᠤ ᠳᠤ ᠥᠯᠥ ᠬᠠᠮᠵᠢᠯᠴᠠᠭᠰᠠᠳ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠬᠡᠵᠦ᠂ ᠬᠦᠨᠳᠦ ᠨᠣᠴᠢᠲᠠᠶ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠥᠷᠭᠡᠨ ᠣᠯᠠᠨ ᠬᠤᠲᠠ ᠶᠢᠨ ᠠᠷᠠᠳ ᠤᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾᠂ ᠬᠢᠵᠢᠭ ᠢ ᠰᠡᠷᠭᠡᠶᠢᠯᠡᠨ ᠡᠵᠡᠮᠳᠡᠬᠦ ︽ᠶᠢᠰᠦ ᠶᠢ ᠥᠯᠥ ᠵᠥᠪᠰᠢᠶᠡᠷᠡᠬᠦ︾ ᠪᠠ ᠲᠣᠰ ︽ᠵᠠᠷᠯᠠᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠡᠷᠡᠢ᠂ ᠬᠢᠨᠠᠨ ᠬᠠᠷᠭᠤᠭᠤᠯᠤᠭᠰᠠᠨ ᠤ ᠳᠠᠷᠠᠭ᠎ᠠ ᠵᠣᠬᠢᠬᠤ ᠱᠠᠩᠨᠠᠯ ᠣᠯᠭᠤᠨ᠎ᠠ᠃       ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃                                                     2022 ᠣᠨ ᠤ 7 ᠰᠠᠷ᠎ᠠ ᠶᠢᠨ 1 ᠤ ᠡᠳᠦᠷ
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ